| ᠠᠶᠤᠯᠳᠠᠢ ᠬᠢᠮᠢ ᠶᠢᠨ ᠪᠤᠳᠠᠰ ᠪᠤᠯ ᠭᠤᠤᠯ ᠨᠢ ᠲᠡᠯᠪᠡᠷᠡᠬᠦ ᠴᠢᠨᠠᠷᠳᠠᠢ᠂ ᠠᠮᠠᠷᠬᠠᠨ ᠨᠤᠴᠤᠳᠠᠭ᠂ ᠬᠤᠤᠷ᠎ᠠ ᠲᠠᠢ᠂ | ᠢᠯᠵᠠᠷᠠᠭᠤᠯᠬᠤ ᠴᠢᠨᠠᠷᠳᠠᠢ ᠬᠢᠮᠢ ᠶᠢᠨ ᠪᠤᠳᠠᠰ ᠢ ᠵᠢᠭᠠᠵᠤ ᠪᠤᠢ᠃ ᠥᠷᠬᠦᠯᠵᠢ ᠤᠢᠢᠷᠠᠳᠤᠳᠠᠭ ᠬᠢᠮᠢ ᠶᠢᠨ ᠪᠤᠳᠠᠰ ᠲᠤ᠄ | ᠪᠧᠨᠽᠧᠨ᠂ ᠰᠢᠩᠭᠡᠵᠢᠯ ᠭᠡᠢ᠂ ᠴᠢᠶ᠋ᠢᠤ᠂ ᠠᠯᠳᠧᠬᠢᠳ᠋᠂ ᠰᠢᠪᠳᠤᠷ ᠤᠰᠤ᠂ ᠬᠥᠬᠦᠷ ᠤᠨ ᠲᠠᠪᠬᠤᠷ ᠢᠰᠥᠯ᠂ | ᠬᠥᠬᠦᠷᠳᠤ ᠤᠰᠤᠳᠦ᠋ᠷᠥᠭᠴᠢ᠂ ᠲᠡᠷᠢᠶᠠᠨ ᠡᠮ᠂ ᠰᠢᠩᠭᠡᠵᠢᠯ ᠡᠾᠯᠤᠷ ᠵᠡᠷᠭᠡ ᠪᠤᠢ᠃ ᠡᠳᠡᠭᠡᠷ ᠠᠶᠤᠯᠳᠠᠢ ᠪᠤᠳᠠᠰ ᠨᠢ | ᠬᠥᠮᠥᠰ ᠤᠨ ᠨᠢᠳᠤ ᠶᠢ ᠬᠤᠷᠤᠰᠬᠠᠵᠤ᠂ ᠨᠢᠯᠪᠤᠰᠤ ᠭᠤᠭᠤᠵᠢᠭᠤᠯᠵᠤ᠂ ᠲᠤᠯᠤᠭᠠᠢ ᠡᠷᠬᠢᠨ ᠪᠥᠭᠡᠯᠵᠢᠰᠤ ᠬᠥᠷᠥᠬᠦᠯᠵᠤ᠂ | ᠲᠤᠳᠤᠷ᠎ᠠ ᠪᠠᠴᠢᠮᠳᠠᠬᠤ ᠪᠠ ᠠᠮᠢᠰᠬᠤᠬᠤ ᠳᠤ ᠬᠥᠴᠢᠷᠳᠡᠵᠤ᠂ ᠬᠥᠨᠳᠤ ᠨᠤᠴᠢᠳᠠᠢ ᠨᠢ ᠪᠥᠳᠡᠵᠤ ᠥᠬᠦᠬᠦᠯᠳᠡᠭ᠃ | ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ | ● ᠭᠡᠭᠡᠵᠤ ᠤᠷᠬᠢᠭᠰᠠᠨ ᠬᠢᠮᠢ ᠶᠢᠨ ᠪᠤᠳᠠᠰ ᠢ ᠤᠯᠵᠤ ᠮᠡᠳᠡᠪᠡᠯ ᠲᠡᠬᠦᠵᠤ ᠪᠤᠯᠬᠤ ᠥᠭᠡᠢ᠂ ᠲᠡᠷᠦ᠋ᠢᠬᠠᠨ | ᠴᠠᠭᠳᠠᠭ᠎ᠠ ᠳᠤ ᠤᠳᠠᠰᠤᠳᠠᠨ ᠮᠡᠳᠡᠬᠦᠯᠵᠤ᠂ ᠪᠤᠳᠠᠳᠠᠢ ᠪᠠᠶᠢᠷᠢᠯᠠᠯ᠂ ᠪᠤᠭᠤᠳᠠᠯ ᠤᠨ ᠲᠡᠮᠳᠡᠭ᠂ ᠶᠡᠭᠡ ᠲᠥᠯᠥᠪ ᠲᠤᠭ᠎ᠠ | ᠭᠡᠮᠵᠢᠶ᠎ᠡ ᠵᠢᠴᠢ ᠥᠨᠥᠷᠳᠡᠢ ᠪᠠᠶᠢᠬᠤ ᠡᠰᠡᠬᠦ ᠵᠡᠷᠭᠡ ᠪᠠᠶᠢᠳᠠᠯ ᠢ ᠨᠠᠷᠢᠨ ᠬᠡᠯᠡᠵᠤ ᠦᠭᠴᠤ ᠪᠠᠶᠢᠭᠠᠷᠠᠢ᠃ | ● ᠭᠡᠷᠡᠭ ᠡᠬᠦᠰᠥᠭᠰᠡᠨ ᠭᠠᠵᠠᠷ ᠲᠠᠯᠠᠪᠤᠷ ᠤᠨ ᠤᠷᠴᠢᠨ ᠲᠤᠭᠤᠷᠢᠨ ᠳᠤ ᠲᠡᠷᠦ᠋ᠢᠬᠠᠨ ᠰᠡᠷᠡᠮᠵᠢ ᠶᠢᠨ ᠲᠡᠮᠳᠡᠭ | ᠲᠡᠯᠪᠢᠵᠤ ᠪᠤᠰᠬᠠᠬᠤ ᠭᠡᠷᠡᠭᠳᠡᠢ᠃ ᠤᠷᠴᠢᠨ ᠲᠤᠭᠤᠷᠢᠨ ᠳᠤᠨᠢ ᠤᠳᠠᠭᠠᠨ ᠪᠠᠶᠢᠵᠤ ᠪᠤᠯᠬᠤ ᠥᠭᠡᠢ᠃ ᠲᠡᠮᠡᠬᠢ | ᠲᠠᠳᠠᠬᠤ ᠶᠢ ᠴᠠᠭᠠᠵᠠᠯᠠᠵᠤ᠂ ᠭᠠᠯ ᠤᠨ ᠠᠶᠤᠯ ᠡᠬᠦᠰᠬᠦ ᠪᠠ ᠲᠡᠯᠪᠡᠷᠡᠬᠦ ᠠᠴᠠ ᠰᠡᠷᠡᠮᠵᠢᠯᠡᠬᠦ ᠶᠢ ᠬᠡᠯᠡᠵᠤ ᠦᠭᠭᠦᠨ᠎ᠡ᠃ | ● ᠠᠶᠤᠯᠳᠠᠢ ᠭᠢᠮᠢ ᠶᠢᠨ ᠪᠤᠳᠠᠰ ᠵᠥᠭᠡᠭᠡᠪᠥᠷᠢᠯᠡᠬᠦ ᠲᠡᠷᠭᠡ ᠬᠥᠰᠭᠡ ᠡ᠊ᠨᠳᠡᠯ ᠭᠠᠷᠤᠭᠰᠠᠨ ᠢ ᠤᠯᠵᠤ ᠮᠡᠳᠡᠪᠡᠯ᠂ | ᠡ᠊ᠨᠳᠡᠯ ᠭᠠᠷᠤᠭᠰᠠᠨ ᠲᠤᠬᠠᠢ ᠶᠢᠨ ᠲᠠᠯᠠᠪᠤᠷ ᠠᠴᠠ ᠲᠥᠷᠭᠡᠨ ᠵᠠᠶᠢᠯᠠᠵᠤ᠂ ᠰᠠᠯᠬᠢᠨ ᠤ ᠲᠡᠭᠡᠷ᠎ᠡ ᠲᠡᠯ᠎ᠠ ᠳᠤ ᠰᠢᠯᠵᠢᠵᠤ᠂ | ᠲᠡᠷᠦ᠋ᠢᠬᠠᠨ ᠴᠠᠭᠳᠠᠭ᠎ᠠ ᠳᠤ ᠤᠳᠠᠰᠤᠳᠠᠨ ᠮᠡᠳᠡᠭᠦᠯᠦᠨ᠎ᠡ᠃ ᠪᠤᠰᠤᠳ ᠮᠠᠰᠢᠨ ᠲᠡᠷᠭᠡᠨ ᠤ ᠵᠢᠯᠤᠭᠤᠴᠢ ᠨᠠᠷ | ᠠᠵᠢᠯᠲᠠᠨ ᠤ ᠵᠢᠯᠤᠭᠤᠳᠤᠯᠭ᠎ᠠ ᠶᠢ ᠲᠠᠭᠠᠵᠤ᠂ ᠡᠮᠬᠢ ᠵᠢᠷᠤᠮ ᠲᠠᠢ ᠪᠠᠷ ᠲᠤᠬᠠᠢ ᠶᠢᠨ ᠲᠠᠯᠠᠪᠤᠷ ᠢᠶᠠᠷ ᠥᠡᠭᠭᠡᠷᠡᠬᠦ | ᠭᠡᠷᠡᠭᠳᠡᠢ᠃ | ● ᠰᠠᠭᠤᠭᠠᠯᠢ ᠠᠷᠠᠳ ᠤᠨ ᠲᠤᠭᠤᠷᠢᠬ ᠤᠨ ᠪᠠᠷᠢᠯᠭ᠎ᠠ ᠶᠢᠨ ᠶᠠᠪᠤᠴᠠ ᠳᠤ ᠰᠤᠨᠢᠨ ᠥᠨᠥᠷᠳᠡᠢ ᠬᠥᠷᠥᠰᠤ | ᠰᠢᠷᠤᠢ ᠮᠠᠯᠳᠠᠵᠤ ᠭᠠᠷᠭᠠᠭᠰᠠᠨ ᠪᠤᠯ ᠲᠡᠷᠦ᠋ᠢᠬᠠᠨ ᠲᠤᠬᠠᠢ ᠶᠢᠨ ᠭᠠᠵᠠᠷ ᠤᠨ ᠬᠤᠰᠢᠭᠤ ᠰᠢᠶᠠᠨ ︵ᠲᠤᠭᠤᠷᠢᠬ︶ ᠤ | ᠵᠠᠰᠠᠭ ᠤᠨ ᠤᠷᠳᠤᠨ ᠤ ᠵᠢᠵᠢᠬᠦᠷ ᠤᠳᠠᠰᠤᠨ ᠳᠤ ᠪᠠᠶᠢᠳᠠᠯ ᠢᠶᠠᠨ ᠲᠤᠳᠤᠷᠬᠠᠢᠢᠯᠠᠨ ᠭᠡᠯᠡᠬᠦ ᠶᠢᠨ ᠲᠠᠭᠠᠤ ᠲᠡᠬᠦᠨ ᠤ | ᠤᠷᠴᠢᠨ ᠲᠤᠭᠤᠷᠢᠨ ᠳᠤ ᠰᠡᠷᠡᠮᠵᠢ ᠶᠢᠨ ᠲᠤᠤᠷ ᠲᠠᠳᠠᠬᠤ ᠪᠤᠶᠤ ᠰᠡᠷᠡᠮᠵᠢ ᠶᠢᠨ ᠲᠡᠮᠳᠡᠭ ᠪᠤᠰᠬᠠᠬᠤ ᠭᠡᠷᠡᠭᠳᠡᠢ᠃ | ᠰᠤᠨᠢᠨ ᠥᠨᠥᠷᠳᠡᠢ ᠬᠥᠷᠥᠰᠤ ᠰᠢᠷᠤᠢ ᠶᠢ ᠴᠡᠪᠡᠷᠯᠡᠬᠦ ᠠᠴᠠ ᠡᠮᠥᠨ᠎ᠡ᠂ ᠤᠷᠴᠢᠨ ᠲᠤᠭᠤᠷᠢᠨ ᠳᠠᠬᠢ ᠰᠠᠭᠤᠭᠠᠯᠢ ᠠᠷᠠᠳ | ᠪᠤᠯᠤᠨ ᠨᠢᠭᠡᠴᠡ ᠨᠦᠭᠦᠳ ᠴᠤᠩᠬᠤ ᠪᠠᠨ ᠨᠡᠭᠡᠭᠡᠨ ᠰᠠᠯᠬᠢ ᠤᠷᠤᠭᠤᠯᠵᠤ ᠪᠤᠯᠬᠤ ᠥᠭᠡᠢ᠃ | ᠲᠤᠰᠬᠠᠢ ᠮᠡᠷᠭᠡᠵᠢᠯᠳᠡᠨ ᠤ ᠰᠠᠨᠠᠭᠤᠯᠤᠮᠵᠢ | ◇ ᠠᠶᠤᠯᠳᠠᠢ ᠬᠢᠮᠢ ᠶᠢᠨ ᠪᠤᠳᠠᠰ ᠲᠤ ᠬᠥᠨᠥᠭᠡᠭᠳᠡᠭᠰᠡᠨ ᠥᠶᠡᠰ᠂ ᠲᠡᠷᠦ᠋ᠢᠬᠠᠨ ᠡᠮᠨᠡᠯᠭᠡ ᠳᠤ ᠬᠥᠷᠴᠤ ᠡᠮᠨᠡᠬᠦᠯᠬᠦ | ᠭᠡᠷᠡᠭᠳᠡᠢ᠂ ᠤᠳᠠᠭᠠᠰᠢᠷᠠᠭᠤᠯᠵᠤ ᠪᠤᠯᠬᠤ ᠥᠭᠡᠢ᠃ |