| ︽2022 ᠣᠨ ᠤ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ | ᠦᠨᠡᠯᠡᠵᠦ ᠰᠢᠯᠭᠠᠨ ᠠᠪᠬᠤ ᠠᠵᠢᠯ ᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ | ᠠᠮᠤᠷ ᠲᠦᠪᠰᠢᠨ ᠤ ᠠᠯᠪᠠᠨ ᠭᠡᠷ ᠤᠨ ᠮᠡᠳᠡᠭᠳᠡᠯ︾ ︵ᠢᠳᠡᠭᠡᠨ ᠠᠮᠤᠷ ᠠᠯᠪᠠᠨ ﹇2021﹈ 15 ᠳ᠋ᠤᠭᠠᠷ | ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠥᠬᠡᠬᠤᠲᠠ᠂ ᠤᠯᠠᠭᠠᠨᠴᠠᠪ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠭᠤᠶᠤᠴᠢᠯᠠᠯ ᠢᠶᠠᠷ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠵᠡᠷᠭᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ᠂ ᠢᠳᠡᠭᠡᠨ ᠤ ᠠᠮᠤᠷ ᠲᠦᠪᠰᠢᠨ ᠤ ᠮᠡᠷᠭᠡᠵᠢᠯᠲᠡᠨ ᠢ ᠰᠣᠩᠭᠤᠨ | ᠲᠣᠮᠢᠯᠠᠵᠤ ᠠᠵᠢᠯᠯᠠᠬᠤ ᠳᠤᠭᠤᠶᠢᠯᠠᠩ ᠪᠠᠶᠢᠭᠤᠯᠵᠤ᠂ ︽ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ | ᠦᠵᠡᠭᠦᠯᠬᠦ ᠬᠤᠲᠠ ᠶᠢᠨ ᠦᠨᠡᠯᠡᠯᠲᠡ ᠪᠠ ᠬᠠᠮᠢᠶᠠᠷᠤᠯᠲᠠ ᠶᠢᠨ ᠠᠷᠭ᠎ᠠ︾ ︽ᠤᠯᠤᠰ ᠤᠨ ᠢᠳᠡᠭᠡᠨ ᠤ ᠠᠮᠤᠷ | ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢᠨ ᠦᠨᠡᠯᠡᠯᠲᠡ ᠶᠢᠨ ᠨᠠᠷᠢᠨ ᠳᠦᠷᠢᠮ ︵2021 ᠬᠡᠪ︶︾ | ︽ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢᠨ ᠮᠤᠵᠢ ᠶᠢᠨ ᠱᠠᠲᠤᠨ ᠤ ᠬᠢᠨᠠᠨ | ᠲᠣᠭᠲᠠᠭᠠᠬᠤ ᠠᠵᠢᠯᠯᠠᠭᠠᠨ ᠤ ᠬᠥᠲᠦᠯᠦᠮᠵᠢ ︵2021 ᠬᠡᠪ︶︾ ᠵᠡᠷᠭᠡ ᠶᠢ ᠦᠨᠳᠦᠰᠦᠯᠡᠨ᠂ ᠮᠠᠲ᠋ᠧᠷᠢᠶᠠᠯ ᠢ ᠬᠢᠨᠠᠨ | ᠪᠠᠶᠢᠴᠠᠭᠠᠬᠤ᠂ ᠲᠤᠬᠠᠢ ᠶᠢᠨ ᠭᠠᠵᠠᠷ ᠲᠤ ᠨᠢ ᠪᠠᠶᠢᠴᠠᠭᠠᠬᠤ ︵ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ︶᠂ | ᠤᠳᠤᠷᠢᠳᠤᠯᠭ᠎ᠠ ᠶᠢ ᠰᠤᠷᠪᠤᠯᠵᠢᠯᠠᠬᠤ ᠵᠡᠷᠭᠡ ᠬᠡᠯᠪᠡᠷᠢ ᠪᠠᠷ ᠬᠤᠶᠠᠷ ᠬᠤᠲᠠ ᠳᠤ ᠠᠩᠬᠠᠨ ᠤ ᠦᠨᠡᠯᠡᠯᠲᠡ ᠬᠢᠪᠡ᠃ | ᠠᠩᠬᠠᠨ ᠤ ᠦᠨᠡᠯᠡᠯᠲᠡ ᠶᠢᠨ ᠪᠠᠶᠢᠳᠠᠯ ᠢ ᠦᠨᠳᠦᠰᠦᠯᠡᠪᠡᠯ᠂ ᠬᠥᠬᠡᠬᠤᠲᠠ᠂ ᠤᠯᠠᠭᠠᠨᠴᠠᠪ ᠬᠤᠲᠠ ᠨᠢ ᠤᠯᠤᠰ ᠤᠨ | ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢᠨ ᠪᠠᠷᠢᠮᠵᠢᠶ᠎ᠠ ᠳᠤ ᠬᠦᠷᠴᠦ᠂ ᠥᠪᠡᠷᠲᠡᠭᠡᠨ ᠵᠠᠰᠠᠬᠤ | ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠠᠴᠠ ᠲᠥᠷᠥ ᠶᠢᠨ ᠶᠠᠪᠤᠳᠠᠯ ᠤᠨ | ᠬᠤᠷᠢᠶᠠᠨ ᠤ ᠢᠳᠡᠭᠡᠨ ᠤ ᠠᠮᠤᠷ ᠲᠦᠪᠰᠢᠨ ᠤ ᠠᠯᠪᠠᠨ ᠭᠡᠷ ᠲᠤ ᠬᠥᠬᠡᠬᠤᠲᠠ ᠪᠠ ᠤᠯᠠᠭᠠᠨᠴᠠᠪ ᠬᠤᠲᠠ ᠶᠢ | ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢᠨ ᠨᠡᠷ᠎ᠡ ᠳᠤᠷᠠᠳᠤᠭᠰᠠᠨ ᠬᠤᠲᠠ ᠪᠠᠷ | ᠲᠠᠨᠢᠯᠴᠠᠭᠤᠯᠬᠤ ᠶᠢᠨ ᠬᠠᠮᠲᠤ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠮᠤᠷ ᠲᠦᠪᠰᠢᠨ ᠤ ᠠᠯᠪᠠᠨ | ᠭᠡᠷ ᠤᠨ ᠰᠢᠯᠭᠠᠨ ᠠᠪᠬᠤ ᠶᠢ ᠭᠤᠶᠤᠴᠢᠯᠠᠬᠤ ᠪᠠᠷ ᠪᠣᠶ᠃ | ᠨᠡᠶᠢᠭᠡᠮ ᠤᠨ ᠡᠯ᠎ᠡ ᠡᠲᠡᠭᠡᠳ ᠤᠨ ᠰᠠᠨᠠᠯ ᠢ ᠥᠷᠭᠡᠨ ᠢᠶᠠᠷ ᠰᠣᠨᠣᠰᠴᠤ᠂ ᠣᠯᠠᠨ ᠲᠦᠮᠡᠨ ᠤ ᠬᠢᠨᠠᠯᠲᠠ ᠶᠢ | ᠬᠦᠯᠢᠶᠡᠬᠦ ᠶᠢᠨ ᠲᠤᠰᠠᠳᠠ᠂ ᠡᠳᠦᠭᠡ ︽ᠬᠥᠬᠡᠬᠤᠲᠠ ᠶᠢᠨ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ | ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠩᠬᠠᠨ ᠤ ᠦᠨᠡᠯᠡᠯᠲᠡ ᠶᠢᠨ ᠪᠠᠶᠢᠳᠠᠯ︾ ᠪᠠ ︽ᠤᠯᠠᠭᠠᠨᠴᠠᠪ | ᠬᠤᠲᠠ ᠶᠢᠨ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ | ᠠᠩᠬᠠᠨ ᠤ ᠦᠨᠡᠯᠡᠯᠲᠡ ᠶᠢᠨ ᠪᠠᠶᠢᠳᠠᠯ︾ ᠢ ᠨᠡᠶᠢᠭᠡᠮ ᠳᠤ ᠢᠯᠡ ᠨᠡᠶᠢᠲᠡᠯᠡᠪᠡ᠃ ᠵᠠᠷᠯᠠᠨ ᠨᠡᠶᠢᠲᠡᠯᠡᠬᠦ | ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠥᠨ ᠴᠥᠮ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ | ᠠᠷᠭ᠎ᠠ ᠪᠠᠷ ᠰᠠᠨᠠᠯ ᠰᠠᠨᠠᠭᠤᠯᠭ᠎ᠠ ᠪᠠᠨ ᠲᠤᠰᠬᠠᠵᠤ ᠪᠣᠯᠣᠨ᠎ᠠ᠃ ᠠᠰᠠᠭᠤᠳᠠᠯ ᠢ ᠲᠤᠰᠬᠠᠬᠤ ᠳᠤ ᠪᠠᠨ ᠦᠨᠡᠨ ᠪᠣᠳᠠᠲᠠᠢ | ᠦᠨᠳᠦᠰᠦ ᠪᠠᠷᠢᠮᠲᠠ ᠲᠠᠢ ᠪᠠᠶᠢᠵᠤ᠂ ᠨᠢᠭᠡᠴᠢ ᠶᠢᠨ ᠨᠡᠷ᠎ᠡ ᠪᠠᠷ ᠠᠰᠠᠭᠤᠳᠠᠯ ᠢ ᠲᠤᠰᠬᠠᠬᠤ ᠭᠡᠪᠡᠯ᠂ ᠠᠯᠪᠠᠨ ᠲᠠᠮᠠᠭ᠎ᠠ | ᠳᠠᠷᠤᠬᠤ ᠬᠡᠷᠡᠭᠲᠡᠢ︔ ᠬᠤᠪᠢ ᠬᠥᠮᠥᠨ ᠤ ᠨᠡᠷ᠎ᠡ ᠪᠠᠷ ᠠᠰᠠᠭᠤᠳᠠᠯ ᠢ ᠲᠤᠰᠬᠠᠬᠤ ᠭᠡᠪᠡᠯ᠂ ᠲᠣᠰ ᠬᠥᠮᠥᠨ ᠤ ᠦᠨᠡᠨ | ᠪᠣᠳᠠᠲᠠᠢ ᠣᠪᠣᠭ ᠨᠡᠷ᠎ᠡ ᠵᠢᠴᠢ ᠬᠦᠴᠦᠨ ᠪᠦᠬᠦᠢ ᠬᠠᠷᠢᠯᠴᠠᠬᠤ ᠠᠷᠭ᠎ᠠ ᠵᠡᠷᠭᠡ ᠮᠡᠳᠡᠭᠡ ᠵᠠᠩᠭᠢ ᠪᠠᠨ ᠬᠠᠩᠭᠠᠬᠤ | ᠬᠡᠷᠡᠭᠲᠡᠢ᠃ | ᠢᠯᠡ ᠨᠡᠶᠢᠲᠡᠯᠡᠬᠦ ᠴᠠᠭ᠄ 2022 ᠣᠨ ᠤ 6 ᠳ᠋ᠤᠭᠠᠷ ᠰᠠᠷ᠎ᠠ ᠶᠢᠨ 17 ᠤ ᠡᠳᠦᠷ ᠠᠴᠠ 2022 ᠣᠨ ᠤ | 7 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ᠃ | ᠬᠠᠷᠢᠯᠴᠠᠬᠤ ᠬᠥᠮᠥᠨ᠄ ᠶᠤᠸᠠᠨ ᠰᠢᠸ ᠯᠢᠩ | ᠬᠠᠷᠢᠯᠴᠠᠬᠤ ᠤᠲᠠᠰᠤ᠄ 0471-4320627 ︵ᠹᠠᠺᠰ︶ | ᠢᠮᠧᠯ᠄ nmgsab@126.com | ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠢ ᠵᠣᠬᠢᠴᠠᠭᠤᠯᠤᠨ ᠰᠤᠭᠤᠴᠢᠨ ᠪᠠᠶᠢᠴᠠᠭᠠᠬᠤ ᠭᠠᠵᠠᠷ ︵ ᠶᠢᠨ | ᠴᠢᠶᠣᠤ ᠨᠡᠭᠡᠭᠡᠯᠲᠡ ᠶᠢᠨ ᠲᠣᠭᠤᠷᠢᠭ ᠤᠨ ᠱᠢ ᠵᠢᠢ ᠳᠥᠷᠪᠡᠳᠦᠭᠡᠷ ᠵᠠᠮ︶ | ᠳᠠᠭᠠᠯᠳᠤᠭᠤᠯᠤᠯ᠄ 1. ᠬᠥᠬᠡᠬᠤᠲᠠ ᠶᠢᠨ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ | ᠬᠤᠲᠠ ᠶᠢ ᠡᠭᠦᠳᠦᠨ ᠪᠠᠶᠢᠭᠤᠯᠬᠤ ᠠᠩᠬᠠᠨ ᠤ ᠦᠨᠡᠯᠡᠯᠲᠡ ᠶᠢᠨ ᠪᠠᠶᠢᠳᠠᠯ | 2. ᠤᠯᠠᠭᠠᠨᠴᠠᠪ ᠬᠤᠲᠠ ᠶᠢᠨ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ | ᠬᠤᠲᠠ ᠶᠢ ᠡᠭᠦᠳᠦᠨ ᠪᠠᠶᠢᠭᠤᠯᠬᠤ ᠠᠩᠬᠠᠨ ᠤ ᠦᠨᠡᠯᠡᠯᠲᠡ ᠶᠢᠨ ᠪᠠᠶᠢᠳᠠᠯ | | |