ᠬᠥᠳᠡᠯᠮᠦᠷᠢ ᠶᠢᠨ ᠪᠠᠲᠤᠯᠠᠭ᠎ᠠ ᠶᠢᠨ ᠪᠢᠴᠢᠭᠯᠡᠭᠰᠡᠨ ᠬᠢᠨᠠᠨ ᠪᠠᠶᠢᠴᠠᠭᠠᠯᠲᠠ
ᠨᠡᠶᠢᠲᠡᠯᠡᠭᠰᠡᠨ ᠴᠠᠭ᠄
2024/6/11
     ᠦᠢᠯᠡᠴᠢᠯᠡᠭᠦᠯᠦᠭᠴᠢ᠄ ᠬᠦᠬᠡᠬᠤᠲᠠ ᠳᠤ ᠰᠠᠭᠤᠭ᠎ᠠ ᠲᠥᠪ ᠤᠨ ᠬᠠᠷᠢᠶ᠎ᠠ ᠪᠦᠬᠦᠢ᠂  ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ᠂ ᠴᠡᠷᠢᠭ ᠠᠴᠠ ᠡᠷᠬᠢᠯᠡᠭᠰᠡᠨ ᠵᠡᠷᠭᠡ ᠬᠥᠮᠥᠨ ᠬᠡᠷᠡᠭᠯᠡᠬᠦ ᠨᠢᠭᠡᠴᠡ ︵ᠡᠯ᠎ᠡ ᠲᠦᠷᠦᠯ ᠤᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠣᠰᠤ ᠨᠢᠭᠡᠴᠡ ᠵᠢᠴᠢ ᠬᠥᠳᠡᠯᠮᠦᠷᠢ ᠬᠦᠴᠦᠨ ᠬᠡᠷᠡᠭᠯᠡᠬᠦ ᠦᠢᠯᠡ ᠠᠵᠢᠯᠯᠠᠭ᠎ᠠ ᠲᠠᠢ ᠪᠤᠶᠤ ᠨᠡᠶᠢᠭᠡᠮ ᠤᠨ ᠳᠠᠭᠠᠳᠬᠠᠯ ᠳᠤ ᠬᠠᠣᠯᠢ ᠶᠣᠰᠣᠭᠠᠷ ᠣᠷᠣᠯᠴᠠᠭᠰᠠᠨ ᠲᠦᠷᠦ ᠶᠢᠨ ᠪᠠᠶᠢᠭᠤᠯᠭ᠎ᠠ ᠪᠤᠯᠤᠨ ᠨᠡᠶᠢᠭᠡᠮ ᠤᠨ ᠪᠥᠯᠬᠦᠮ ᠵᠡᠷᠭᠡ ᠪᠠᠭᠲᠠᠨ᠎ᠠ︶     ᠬᠦᠯᠢᠶᠡᠨ ᠠᠪᠴᠤ ᠭᠦᠢᠴᠡᠳᠬᠡᠬᠦ ᠰᠠᠯᠠᠭ᠎ᠠ ᠮᠦᠴᠢᠷ᠄ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠶᠡᠷᠦᠩᠬᠡᠢ ᠠᠩᠭᠢ     ᠬᠠᠶ᠋ᠢᠭ᠄ ᠬᠦᠬᠡᠬᠤᠲᠠ ᠶᠢᠨ ᠰᠢᠨᠬᠤᠸᠠ ᠶᠡᠭᠡ ᠵᠡᠬᠡᠯᠢ ᠶᠢᠨ63 ᠳ᠋ᠤᠭᠠᠷ ᠨᠣᠮᠧᠷ  ᠤᠨ1 ᠳ᠋ᠦ᠋ᠭᠡᠷ ᠠᠰᠠᠷ ᠤᠨ 435 ᠳ᠋ᠤᠭᠠᠷ ᠦᠷᠦᠭᠡ ︵ᠰᠢᠤᠳᠠᠨ ᠳ᠋ᠤᠭᠠᠷ᠄ 010055︶     ᠬᠠᠷᠢᠯᠴᠠᠬᠤ ᠬᠦᠮᠦᠨ᠄ ᠶᠠᠩ ᠭᠦᠸᠧ ᠵᠦᠩ ᠺᠠᠩ ᠯᠢ     ᠬᠠᠤᠯᠢ ᠪᠠᠷ ᠲᠤᠭᠲᠠᠭᠠᠭᠰᠠᠨ ᠬᠦᠢᠴᠡᠳᠭᠡᠬᠦ ᠴᠠᠭ ᠤᠨ ᠬᠢᠵᠠᠭᠠᠷ᠄ 4 ᠳ᠋ᠦ᠋ᠭᠡᠷ ᠰᠠᠷ᠎ᠠ ᠶᠢᠨ1 ᠤ ᠡᠳᠦᠷ ᠠᠴᠠ 7 ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ     ᠬᠠᠷᠢᠯᠴᠠᠬᠤ ᠳ᠋ᠢᠶᠠᠩᠬᠤᠸᠠ᠄ 0471--6945343     ᠠᠮᠠᠯᠳᠠᠭᠰᠠᠨ ᠬᠦᠢᠴᠡᠳᠭᠡᠬᠦ ᠴᠠᠭ ᠤᠨ ᠬᠢᠵᠠᠭᠠᠷ : ᠲᠡᠷᠡ ᠳᠠᠷᠤᠢ ᠳᠤᠨᠢ ᠭᠦᠢᠴᠡᠳᠬᠡᠨ᠎ᠡ     ᠰᠦᠢᠳᠬᠡᠯ ᠬᠤᠷᠢᠶᠠᠬᠤ ᠪᠠᠶᠢᠳᠠᠯ᠄ ᠰᠦᠢᠳᠬᠡᠯ ᠬᠤᠷᠢᠶᠠᠬᠤ ᠦᠭᠡᠢ     ᠬᠢᠨᠠᠯᠲᠠ ᠲᠠᠯᠪᠢᠵᠤ ᠵᠠᠭᠠᠯᠳᠤᠬᠤ ᠳ᠋ᠢᠶᠠᠩᠬᠤᠸᠠ᠄ 0471 —  6944603     ᠦᠨᠳᠦᠰᠦᠯᠡᠯ᠄ ︽ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠳᠦᠷᠢᠮ︾ ︵ᠲᠥᠷᠦ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 423 ᠳ᠋ᠤᠭᠠᠷ ᠲᠣᠭᠠᠲᠤ︶     ᠬᠦᠯᠢᠶᠡᠨ ᠠᠪᠴᠤ ᠭᠦᠢᠴᠡᠳᠬᠡᠬᠦ ᠨᠥᠬᠦᠴᠡᠯ᠄ ᠬᠠᠣᠯᠢ ᠴᠠᠭᠠᠵᠠ ᠳᠤ ᠲᠣᠭᠲᠠᠭᠠᠭᠰᠠᠨ ᠱᠠᠭᠠᠷᠳᠠᠯᠭ᠎ᠠ ᠶᠣᠰᠣᠭᠠᠷ ᠬᠥᠮᠥᠨ ᠬᠡᠷᠡᠭᠯᠡᠬᠦ ᠨᠢᠭᠡᠴᠡ ᠲᠣᠭᠲᠠᠮᠠᠯ ᠬᠤᠭᠤᠴᠠᠭ᠎ᠠ ᠲᠠᠢ ᠪᠠᠷ ᠣᠷᠣᠯᠴᠠᠨ᠎ᠠ᠂ ᠬᠥᠳᠡᠯᠮᠦᠷᠢ ᠬᠦᠴᠦᠨ ᠬᠡᠷᠡᠭᠯᠡᠬᠦ ᠶᠢ ᠳᠠᠩᠰᠠᠯᠠᠬᠤ ᠰᠢᠰᠲ᠋ᠧᠮ  ᠢᠶᠠᠷ  ᠳᠠᠮᠵᠢᠭᠤᠯᠤᠨ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠣᠨ᠎ᠠ᠃     ᠭᠤᠶᠤᠴᠢᠯᠠᠬᠤ ᠮᠠᠲ᠋ᠧᠷᠢᠶᠠᠯ᠄ ᠣᠨ ᠤ ᠬᠥᠮᠥᠨ ᠬᠡᠷᠡᠭᠯᠡᠬᠦ ᠨᠢᠭᠡᠴᠡ ᠶᠢᠨ ᠬᠥᠳᠡᠯᠮᠦᠷᠢ ᠶᠢᠨ ᠪᠠᠲᠤᠯᠠᠭ᠎ᠠ ᠶᠢᠨ ᠪᠢᠴᠢᠭᠯᠡᠭᠰᠡᠨ ᠮᠠᠲ᠋ᠧᠷᠢᠶᠠᠯ ᠢ ᠬᠢᠨᠠᠨ ᠪᠠᠶᠢᠴᠠᠭᠠᠵᠤ ᠳᠠᠩᠰᠠᠯᠠᠭᠰᠠᠨ ᠬᠥᠰᠦᠨᠦᠭᠲᠦ︔ ᠠᠵᠢᠯᠲᠠᠨ ᠠᠵᠢᠯᠴᠢᠨ ᠤ ᠨᠡᠷ᠎ᠡ  ᠶᠢᠨ ᠳᠠᠩᠰᠠ᠂ ᠬᠥᠳᠡᠯᠮᠦᠷᠢ ᠶᠢᠨ ᠭᠡᠷ᠎ᠡ ᠪᠢᠴᠢᠭ᠂ ᠴᠠᠯᠢᠩ ᠣᠯᠭᠤᠭᠰᠠᠨ ᠬᠦᠰᠦᠨᠦᠭᠲᠦ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠠᠷᠢᠮᠲᠠ᠂ ᠳᠦᠷᠢᠮ ᠲᠣᠭᠲᠠᠭᠠᠯ ᠢᠶᠠᠷ ᠬᠠᠮᠢᠶᠠᠷᠬᠤ ᠳᠦᠷᠢᠮ᠂ ᠮᠡᠷᠭᠡᠵᠢᠯ ᠤᠨ ᠠᠵᠢᠯ ᠤᠨ ᠲᠦᠷᠦᠯ ᠤᠨ ᠠᠵᠢᠯ  ᠡᠷᠬᠢᠯᠡᠵᠦ ᠪᠠᠶᠢᠭ᠎ᠠ ᠬᠥᠮᠥᠰ ᠤᠨ ᠡᠷᠬᠢᠯᠡᠭᠰᠡᠨ ᠠᠵᠢᠯ  ᠤᠨ ᠬᠢᠷᠢ ᠭᠡᠮ ᠤᠨ ᠦᠨᠡᠮᠯᠡᠯ ᠵᠡᠷᠭᠡ᠃     ᠭᠦᠢᠴᠡᠳᠬᠡᠬᠦ ᠴᠤᠪᠤᠷᠠᠯ᠄     1.ᠮᠡᠳᠡᠭᠳᠡᠯ ᠪᠠᠭᠤᠯᠭᠠᠨ᠎ᠠ᠃ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠵᠡᠷᠭᠡ ᠬᠥᠮᠥᠨ ᠬᠡᠷᠡᠭᠯᠡᠬᠦ ᠨᠢᠭᠡᠴᠡ ᠳᠤ ᠭᠤᠣᠯᠳᠠᠭᠤ ᠠᠯᠪᠠᠨ ᠪᠢᠴᠢᠭ ᠰᠣᠯᠢᠯᠴᠠᠨ ᠡᠷᠭᠢᠯᠳᠦᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠮᠡᠳᠡᠭᠳᠡᠵᠦ᠂ ᠡᠯ᠎ᠡ ᠲᠦᠷᠦᠯ ᠤᠨ ᠠᠵᠤ ᠠᠬᠤᠶᠢᠯᠠᠯ ᠳᠤ ᠭᠤᠣᠯᠳᠠᠭᠤ ᠳ᠋ᠢᠶᠠᠩᠬᠤᠸᠠ ᠪᠠᠷ ᠳᠠᠮᠵᠢᠭᠤᠯᠤᠨ ᠮᠡᠳᠡᠭᠳᠡᠬᠦ ᠪᠤᠶᠤ ᠰᠢᠤᠳᠠᠨ ᠢᠶᠠᠷ ᠢᠯᠡᠭᠡᠬᠦ ᠠᠷᠭ᠎ᠠ ᠮᠠᠶ᠋ᠢᠭ ᠢᠶᠠᠷ ᠮᠡᠳᠡᠭᠳᠡᠨ᠎ᠡ᠃     2. ᠬᠠᠷᠢᠶ᠎ᠠ ᠪᠦᠬᠦᠢ ᠬᠥᠮᠥᠨ ᠬᠡᠷᠡᠭᠯᠡᠬᠦ ᠨᠢᠭᠡᠴᠡ ᠣᠨ ᠤ ᠮᠡᠳᠡᠭᠦᠯᠦᠯᠲᠡ ᠶᠢᠨ ᠪᠢᠴᠢᠭ ᠪᠠ ᠳᠠᠩᠰᠠᠯᠠᠭᠤᠯᠬᠤ ᠬᠦᠰᠦᠨᠦᠭᠲᠦ ᠶᠢ ᠠᠪᠤᠨ᠎ᠠ᠃ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠵᠡᠷᠭᠡ ᠬᠥᠮᠥᠨ ᠬᠡᠷᠡᠭᠯᠡᠬᠦ ᠨᠢᠭᠡᠴᠡ ᠵᠠᠭᠪᠤᠷ ᠨᠢᠭᠡ ᠶᠢᠨ ᠮᠡᠳᠡᠭᠦᠯᠦᠯᠲᠡ ᠶᠢᠨ ᠪᠢᠴᠢᠭ ᠪᠠ ᠳᠠᠩᠰᠠᠯᠠᠭᠤᠯᠬᠤ ᠬᠦᠰᠦᠨᠦᠭᠲᠦ ᠶᠢ ᠠᠪᠤᠨ᠎ᠠ︔ ᠡᠯ᠎ᠡ ᠲᠦᠷᠦᠯ ᠤᠨ ᠠᠵᠤ ᠠᠬᠤᠶᠢᠯᠠᠯ ᠵᠠᠭᠪᠤᠷ ᠬᠤᠶᠠᠷ ᠤᠨ ᠮᠡᠳᠡᠭᠦᠯᠦᠯᠲᠡ ᠶᠢᠨ ᠪᠢᠴᠢᠭ ᠪᠠ ᠳᠠᠩᠰᠠᠯᠠᠭᠤᠯᠬᠤ ᠬᠦᠰᠦᠨᠦᠭᠲᠦ ᠶᠢ ᠠᠪᠤᠨ᠎ᠠ᠃ ᠮᠡᠳᠡᠭᠦᠯᠦᠯᠲᠡ ᠶᠢᠨ ᠪᠢᠴᠢᠭ ᠪᠠ ᠳᠠᠩᠰᠠᠯᠠᠭᠤᠯᠬᠤ ᠬᠦᠰᠦᠨᠦᠭᠲᠦ ᠶᠢ ᠨᠢᠭᠡ ᠤᠳᠠᠭ᠎ᠠ ᠠᠪᠤᠪᠠᠯ᠂ ᠠᠳᠠᠭ ᠲᠠᠭᠠᠨ 3 ᠵᠢᠯ ᠬᠡᠷᠡᠭᠯᠡᠵᠦ ᠪᠣᠯᠣᠨ᠎ᠠ᠃     3. ᠪᠣᠯᠪᠠᠰᠤᠷᠠᠭᠤᠯᠤᠯ ᠵᠣᠬᠢᠶᠠᠨ ᠪᠠᠶᠢᠭᠤᠯᠤᠨ᠎ᠠ᠃ ᠮᠡᠳᠡᠭᠦᠯᠦᠨ ᠬᠥᠷᠭᠡᠬᠦ ᠪᠢᠴᠢᠭᠯᠡᠭᠰᠡᠨ ᠮᠠᠲ᠋ᠧᠷᠢᠶᠠᠯ ᠤᠨ ᠣᠨ ᠤ  ᠬᠢᠨᠠᠬᠤ ᠠᠵᠢᠯ ᠢ ᠪᠠᠶᠢᠷᠢᠯᠠᠭᠤᠯᠵᠤ᠂ ᠬᠠᠣᠯᠢ ᠴᠠᠭᠠᠵᠠ ᠬᠠᠣᠯᠢ ᠲᠣᠭᠲᠠᠭᠠᠯ ᠤᠨ ᠮᠡᠳᠡᠯᠭᠡ ᠶᠢᠨ ᠪᠣᠯᠪᠠᠰᠤᠷᠠᠭᠤᠯᠤᠯ ᠤᠨ ᠠᠩᠭᠢ ᠶᠢ ᠵᠣᠬᠢᠶᠠᠨ ᠪᠠᠶᠢᠭᠤᠯᠤᠨ᠎ᠠ᠃     4. ᠬᠠᠷᠢᠶ᠎ᠠ ᠪᠦᠬᠦᠢ ᠬᠥᠮᠥᠨ ᠬᠡᠷᠡᠭᠯᠡᠬᠦ ᠨᠢᠭᠡᠴᠡ ᠮᠡᠳᠡᠭᠦᠯᠦᠯᠲᠡ ᠶᠢᠨ ᠪᠢᠴᠢᠭ ᠪᠠ ᠳᠠᠩᠰᠠᠯᠠᠭᠤᠯᠬᠤ ᠬᠦᠰᠦᠨᠦᠭᠲᠦ ᠶᠢ ᠲᠠᠭᠯᠠᠨ ᠵᠣᠬᠢᠶᠠᠨ᠎ᠠ᠃ ᠲᠣᠰ ᠨᠢᠭᠡᠴᠡ ᠶᠢᠨ ᠳᠡᠭᠡᠷ᠎ᠡ ᠨᠢᠭᠡ ᠵᠢᠯ ᠤᠨ ᠠᠵᠢᠯᠴᠢᠨ ᠬᠡᠷᠡᠭᠯᠡᠭᠰᠡᠨ ᠶᠡᠷᠦᠩᠭᠡᠢ ᠪᠠᠶᠢᠳᠠᠯ ᠢ ᠦᠨᠳᠦᠰᠦᠯᠡᠨ᠂ ᠲᠤᠰ ᠪᠦᠷᠢ ᠬᠡᠪ ᠳᠦᠷᠢᠮ ᠬᠦᠰᠦᠨᠦᠭᠲᠦ ᠶᠢᠨ ᠶᠣᠰᠣᠭᠠᠷ ᠬᠠᠮᠢᠶ᠎ᠠ ᠪᠦᠬᠦᠢ ᠪᠠᠶᠢᠳᠠᠯ ᠪᠠ ᠲᠤᠭ᠎ᠠ ᠪᠠᠷᠢᠮᠳᠠ ᠶᠢ ᠲᠠᠭᠯᠠᠨ᠎ᠠ᠃ ᠡᠭᠦᠨ ᠤ ᠬᠠᠮᠲᠤ ᠲᠤᠰ ᠨᠢᠭᠡᠴᠡ ᠶᠢᠨ ᠬᠠᠤᠯᠢ ᠶᠢᠨ ᠡᠷᠬᠡᠲᠡᠨ ᠪᠤᠶᠤ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠢᠨ ᠬᠠᠮᠲᠤ᠂ ᠬᠥᠮᠥᠨ ᠬᠡᠷᠡᠭᠯᠡᠬᠦ ᠨᠢᠭᠡᠴᠡ ᠠᠯᠪᠠᠨ ᠲᠠᠮᠠᠭ᠎ᠠ ᠪᠠᠨ ᠳᠠᠷᠣᠨ᠎ᠠ᠃ ᠡᠰᠡᠬᠦᠯ᠎ᠡ ᠰᠢᠭᠤᠳ ᠰᠦᠯᠵᠢᠶᠡᠨ ᠳᠡᠭᠡᠷᠡᠬᠢ ᠬᠦᠳᠡᠯᠮᠦᠷᠢ ᠬᠦᠴᠦᠨ ᠬᠡᠷᠡᠭᠯᠡᠬᠦ ᠶᠢ ᠳᠠᠩᠰᠠᠯᠠᠬᠤ ᠰᠢᠰᠲ᠋ᠧᠮ ᠢᠶᠠᠷ ᠳᠠᠮᠵᠢᠭᠤᠯᠤᠨ ᠭᠦᠢᠴᠡᠳᠬᠡᠨ᠎ᠡ᠃     5. ᠪᠢᠴᠢᠭᠯᠡᠭᠰᠡᠨ ᠮᠠᠲ᠋ᠧᠷᠢᠶᠠᠯ ᠪᠣᠯᠣᠨ ᠮᠡᠳᠡᠭᠦᠯᠦᠯᠲᠡ ᠶᠢᠨ ᠪᠢᠴᠢᠭ᠂ ᠳᠠᠩᠰᠠᠯᠠᠨ ᠪᠦᠷᠢᠳᠬᠡᠬᠦ ᠬᠦᠰᠦᠨᠦᠭᠲᠦ ᠶᠢ ᠴᠠᠭ ᠤᠨ ᠬᠢᠵᠠᠭᠠᠷ ᠪᠤᠶᠤ ᠱᠠᠭᠠᠷᠳᠠᠯᠭ᠎ᠠ ᠶᠣᠰᠤᠭᠠᠷ ᠬᠠᠩᠭᠠᠨ᠎ᠠ᠃ ᠵᠢᠯ ᠪᠦᠷᠢ ᠶᠢᠨ 4 ᠳ᠋ᠦ᠋ᠭᠡᠷ ᠰᠠᠷ᠎ᠠ ᠠᠴᠠ 7 ᠳ᠋ᠤᠭᠠᠷ ᠰᠠᠷ᠎ᠠ ᠬᠦᠷᠲᠡᠯ᠎ᠡ ᠪᠣᠯ ᠬᠢᠨᠡᠨ ᠪᠠᠶᠢᠴᠠᠭᠠᠬᠤ ᠳᠤ ᠮᠡᠳᠡᠭᠦᠯᠦᠨ ᠬᠥᠷᠭᠡᠬᠦ ᠴᠠᠭ ᠬᠤᠭᠤᠴᠠᠭ᠎ᠠ ᠪᠣᠯᠬᠤ ᠲᠤᠯᠠ᠂ ᠬᠥᠮᠥᠨ ᠬᠡᠷᠡᠭᠯᠡᠬᠦ ᠨᠢᠭᠡᠴᠡ ᠳᠣᠣᠷᠠᠬᠢ ᠮᠡᠲᠦ ᠶᠢᠨ ᠮᠠᠲ᠋ᠧᠷᠢᠶᠠᠯ ᠢ ᠬᠠᠩᠭᠠᠬᠤ ᠴᠢᠬᠤᠯᠠᠲᠠᠢ᠄     ︵1︶ ︽ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠭᠰᠠᠨ ᠪᠢᠴᠢᠭᠯᠡᠭᠰᠡᠨ ᠮᠡᠳᠡᠭᠦᠯᠦᠯᠲᠡ ᠶᠢᠨ ᠪᠢᠴᠢᠭ︾᠂ ︽ᠣᠨ ᠤ ᠬᠥᠮᠥᠨ ᠬᠡᠷᠡᠭᠯᠡᠬᠦ ᠨᠢᠭᠡᠴᠡ ᠶᠢᠨ ᠬᠥᠳᠡᠯᠮᠦᠷᠢ ᠶᠢᠨ ᠪᠠᠲᠤᠯᠠᠭ᠎ᠠ ᠶᠢᠨ ᠪᠢᠴᠢᠭᠯᠡᠭᠰᠡᠨ ᠬᠢᠨᠡᠨ ᠳᠠᠩᠰᠠᠯᠠᠭᠤᠯᠤᠭᠰᠠᠨ ᠬᠦᠰᠦᠨᠦᠭᠲᠦ︾︔     ︵2︶ ᠦᠨᠡᠮᠯᠡᠯ ᠣᠯᠭᠤᠬᠤ ᠪᠠᠶᠢᠭᠤᠯᠭ᠎ᠠ ᠶᠢᠨ ᠣᠯᠭᠤᠭᠰᠠᠨ ᠦᠨᠡᠮᠯᠡᠯ ᠤᠨ ᠬᠠᠭᠤᠯᠪᠤᠷᠢ ︵ᠠᠵᠤ ᠠᠬᠤᠶᠢᠯᠠᠯ︶︔     ︵3︶ ᠬᠥᠮᠥᠨ ᠬᠡᠷᠡᠭᠯᠡᠬᠦ ᠨᠢᠭᠡᠴᠡ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠲᠡᠮᠳᠡᠭ ᠤᠨ ᠦᠨᠡᠮᠯᠡᠯ ᠤᠨ ᠬᠠᠭᠤᠯᠪᠤᠷᠢ︔     ︵4︶ ᠬᠥᠮᠥᠨ ᠬᠡᠷᠡᠭᠯᠡᠬᠦ ᠨᠢᠭᠡᠴᠡ ᠶᠢᠨ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ︵ᠡᠯᠧᠺᠲᠷᠤᠨ ᠬᠡᠪᠯᠡᠯ ᠢᠶᠠᠷ ᠮᠡᠳᠡᠭᠦᠯᠵᠦ ᠪᠣᠯᠣᠨ᠎ᠠ︶︔     ︵5︶ ᠳᠡᠭᠡᠷ᠎ᠡ ᠣᠨ ᠤ 12 ᠳ᠋ᠤᠭᠠᠷ ᠰᠠᠷ᠎ᠠ ᠶᠢᠨ ᠠᠵᠢᠯᠲᠠᠨ ᠠᠵᠢᠯᠴᠢᠨ ᠤ ᠨᠡᠷ᠎ᠡ ᠶᠢᠨ ᠳᠠᠩᠰᠠ ︵ᠠᠵᠢᠯᠲᠠᠨ ᠠᠵᠢᠯᠴᠢᠨ ᠤ ᠨᠡᠷ᠎ᠡ ᠶᠢᠨ ᠳᠠᠩᠰᠠ ᠶᠢᠨ ᠠᠭᠤᠯᠭ᠎ᠠ ᠳᠤ ᠪᠠᠭᠲᠠᠬᠤ  ᠨᠢ᠄ ᠬᠦᠳᠡᠯᠮᠦᠷᠢᠯᠡᠭᠴᠢᠳ ᠤᠨ ᠣᠪᠣᠭ ᠨᠡᠷ᠎ᠡ᠂ ᠴᠢᠨᠠᠷ ᠤᠨ ᠢᠯᠭᠠᠯ᠂ ᠪᠡᠶ᠎ᠡ ᠶᠢᠨ ᠦᠨᠡᠮᠯᠡᠯ ᠤᠨ ᠨᠣᠮᠧᠷ᠂ ᠠᠵᠢᠯ ᠤᠨ ᠪᠠᠶᠢᠷᠢ᠂ ᠡᠷᠦᠬᠡ ᠠᠮᠠ ᠶᠢᠨ ᠬᠠᠷᠢᠶ᠎ᠠ ᠶᠢᠨ ᠬᠠᠶ᠋ᠢᠭ ᠬᠢᠭᠡᠳ ᠣᠳᠣ ᠶᠢᠨ ᠰᠠᠭᠤᠵᠤ ᠪᠠᠶᠢᠭ᠎ᠠ ᠭᠠᠵᠠᠷ᠂ ᠬᠠᠷᠢᠯᠴᠠᠬᠤ ᠠᠷᠭ᠎ᠠ ᠮᠠᠶ᠋ᠢᠭ᠂ ᠬᠥᠳᠡᠯᠮᠦᠷᠢ ᠬᠦᠴᠦᠨ ᠬᠡᠷᠡᠭᠯᠡᠬᠦ ᠬᠡᠯᠪᠡᠷᠢ ᠮᠠᠶ᠋ᠢᠭ᠂ ᠠᠵᠢᠯᠴᠢᠨ ᠬᠡᠷᠡᠭᠯᠡᠵᠦ ᠡᠬᠢᠯᠡᠭᠰᠡᠨ ᠳᠠᠭᠤᠰᠤᠭᠰᠠᠨ ᠴᠠᠭ ᠬᠤᠭᠤᠴᠠᠭ᠎ᠠ᠂ ᠬᠦᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠬᠢᠵᠠᠭᠠᠷ ᠵᠡᠷᠭᠡ ᠪᠠᠭᠲᠠᠨ᠎ᠠ︶︔     ︵6︶ ᠮᠡᠷᠭᠡᠵᠢᠯ ᠤᠨ ᠠᠵᠢᠯ ᠤᠨ ᠲᠦᠷᠦᠯ ᠤᠨ ᠠᠵᠢᠯ ᠡᠷᠬᠢᠯᠡᠵᠦ ᠪᠠᠶᠢᠭ᠎ᠠ ᠬᠥᠮᠥᠰ ᠤᠨ ᠬᠠᠮᠢᠶᠠᠷᠤᠯᠲᠠ ᠶᠢᠨ ᠡᠬᠡ ᠳᠠᠩᠰᠠ ᠬᠢᠭᠡᠳ ᠭᠠᠷᠳᠠᠵᠤ ᠪᠦᠬᠦᠢ ᠡᠷᠬᠢᠯᠡᠭᠰᠡᠨ ᠠᠵᠢᠯ ᠤᠨ ᠬᠢᠷᠢ ᠭᠡᠮ ᠤᠨ ᠦᠨᠡᠮᠯᠡᠯ ᠤᠨ ᠬᠠᠭᠤᠯᠪᠤᠷᠢ︔     ︵7︶ ᠳᠡᠭᠡᠷ᠎ᠡ ᠣᠨ ᠤ 12 ᠳ᠋ᠤᠭᠠᠷ ᠰᠠᠷ᠎ᠠ ᠶᠢᠨ ᠴᠠᠯᠢᠩ ᠣᠯᠭᠤᠭᠰᠠᠨ ᠬᠦᠰᠦᠨᠦᠭᠲᠦ ︵ᠡᠯᠧᠺᠲᠷᠤᠨ ᠬᠡᠪᠯᠡᠯ ᠢᠶᠠᠷ ᠮᠡᠳᠡᠭᠦᠯᠵᠦ ᠪᠣᠯᠣᠨ᠎ᠠ︶︔     ︵8︶ ᠬᠦᠳᠡᠯᠮᠦᠷᠢ ᠦᠢᠯᠡᠴᠢᠯᠡᠭᠡ ᠲᠣᠮᠢᠯᠠᠭᠰᠠᠨ᠂ ᠭᠠᠳᠠᠭᠰᠢ ᠳᠠᠭᠠᠭᠠᠴᠢᠯᠠᠭᠤᠯᠤᠭᠰᠠᠨ ᠺᠣᠮᠫᠠᠨᠢ ᠯᠤᠭ᠎ᠠ ᠬᠦᠳᠡᠯᠮᠦᠷᠢ ᠦᠢᠯᠡᠴᠢᠯᠡᠭᠡ ᠲᠣᠮᠢᠯᠠᠬᠤ᠂ ᠭᠠᠳᠠᠭᠰᠢ ᠳᠠᠭᠠᠭᠠᠴᠢᠯᠠᠬᠤ ᠵᠥᠪᠯᠡᠯᠴᠡᠭᠡᠷ ᠲᠣᠭᠲᠠᠭᠠᠭᠰᠠᠨ ᠪᠣᠯ ᠲᠣᠮᠢᠯᠠᠭᠰᠠᠨ ᠬᠥᠮᠥᠰ ᠤᠨ ᠨᠡᠷᠡᠰ᠂ ᠴᠠᠯᠢᠩ ᠤᠨ ᠬᠦᠰᠦᠨᠦᠭᠲᠦ᠂ ᠳᠠᠭᠠᠳᠬᠠᠯ ᠤᠨ ᠰᠦᠢᠳᠬᠡᠯ ᠲᠤᠰᠢᠶᠠᠭᠰᠠᠨ ᠨᠠᠷᠢᠨ ᠲᠤᠳᠤᠷᠬᠠᠢ ᠬᠦᠰᠦᠨᠦᠭᠲᠦ ᠬᠢᠭᠡᠳ ᠲᠤᠰ ᠺᠣᠮᠫᠠᠨᠢ ᠶᠢᠨ ᠭᠡᠷᠡᠴᠢ ᠦᠨᠡᠮᠯᠡᠯ ᠤᠨ ᠬᠠᠭᠤᠯᠪᠤᠷᠢ︔     ︵9︶ ᠳᠠᠳᠤᠯᠭ᠎ᠠ ᠶᠢᠨ ᠰᠤᠷᠤᠭᠴᠢ ᠬᠡᠷᠡᠭᠯᠡᠵᠦ ᠪᠠᠶᠢᠭ᠎ᠠ ᠬᠥᠮᠥᠨ ᠬᠡᠷᠡᠭᠯᠡᠬᠦ ᠨᠢᠭᠡᠴᠡ ᠪᠣᠯ ᠰᠤᠷᠭᠠᠭᠤᠯᠢ  ᠯᠤᠭ᠎ᠠ ᠲᠤᠭᠲᠠᠭᠰᠠᠨ ᠳᠠᠳᠤᠯᠭ᠎ᠠ ᠶᠢᠨ ᠵᠥᠪᠯᠡᠯᠴᠡᠭᠡᠷ᠂ ᠳᠠᠳᠤᠯᠭ᠎ᠠ ᠶᠢᠨ ᠰᠤᠷᠤᠭᠴᠢ ᠶᠢᠨ ᠨᠡᠷᠡᠰ ᠬᠢᠭᠡᠳ ᠰᠤᠷᠣᠭᠴᠢ ᠶᠢᠨ ᠦᠨᠡᠮᠯᠡᠯ ᠤᠨ ᠬᠠᠭᠤᠯᠪᠤᠷᠢ︔     ︵10︶ ᠳᠡᠭᠡᠷ᠎ᠡ ᠣᠨ ᠤ ᠡᠴᠦᠰ ᠤᠨ ᠨᠢᠭᠡ ᠤᠳᠠᠭ᠎ᠠ ᠶᠢᠨ ᠨᠡᠶᠢᠭᠡᠮ ᠤᠨ ᠳᠠᠭᠠᠳᠬᠠᠯ ᠡᠷᠬᠢᠯᠡᠨ ᠭᠦᠢᠴᠡᠳᠬᠡᠬᠦ ᠪᠠᠶᠢᠭᠤᠯᠤᠮᠵᠢ ᠠᠴᠠ ᠬᠠᠩᠭᠠᠭᠰᠠᠨ ︽ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠬᠥᠮᠥᠰ ᠤᠨ ᠨᠠᠷᠢᠨ ᠲᠣᠲᠤᠷᠬᠠᠢ ᠶᠢᠨ ᠬᠦᠰᠦᠨᠦᠭᠲᠦ︾ ᠪᠤᠶᠤ ︽ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ  ᠶᠢ ᠮᠡᠳᠡᠭᠦᠯᠵᠦ ᠬᠢᠨᠠᠨ ᠲᠣᠭᠲᠠᠭᠠᠯᠭᠠᠭᠰᠠᠨ ᠨᠡᠷᠡᠰ︾ ᠬᠢᠭᠡᠳ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠲᠤ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ︵ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠪᠠᠷᠢᠮᠲᠠ︶ ᠶᠢᠨ ᠬᠠᠭᠤᠯᠪᠤᠷᠢ ︵ᠨᠠᠰᠤᠵᠢᠯ ᠤᠨ ᠠᠰᠠᠷᠠᠮᠵᠢ᠂ ᠡᠮᠨᠡᠯᠭᠡ᠂ ᠠᠵᠢᠯ ᠠᠯᠳᠠᠯᠲᠠ᠂ ᠠᠵᠢᠯ ᠠᠴᠠ ᠪᠣᠯᠣᠭᠰᠠᠨ ᠭᠡᠮᠲᠦᠯ᠂ ᠦᠷᠡᠵᠢᠯ ᠵᠡᠷᠭᠡ ᠲᠠᠪᠤᠨ ᠵᠦᠢᠯ ᠤᠨ ᠳᠠᠭᠠᠳᠬᠠᠯ ᠪᠠᠭᠲᠠᠨ᠎ᠠ᠃     ︵11︶ ᠪᠤᠰᠤᠳ ᠬᠢᠨᠠᠨ ᠪᠠᠶᠢᠴᠠᠭᠠᠬᠤ ᠴᠢᠬᠤᠯᠠᠲᠠᠢ ᠮᠠᠲ᠋ᠧᠷᠢᠶᠠᠯ᠃     6. ᠬᠦᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠪᠠᠶᠢᠭᠤᠯᠤᠮᠵᠢ ᠬᠢᠨᠠᠨ ᠪᠠᠶᠢᠴᠠᠭᠠᠨ᠎ᠠ᠃ ᠪᠢᠴᠢᠭᠯᠡᠭᠰᠡᠨ ᠬᠢᠨᠠᠨ ᠪᠠᠶᠢᠴᠠᠭᠠᠯᠲᠠ ᠪᠠ ᠠᠰᠠᠭᠤᠵᠤ ᠯᠠᠪᠯᠠᠬᠤ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠤᠨ᠂ ᠬᠥᠮᠥᠨ ᠬᠡᠷᠡᠭᠯᠡᠬᠦ ᠨᠢᠭᠡᠴᠡ ᠶᠢᠨ ᠬᠦᠳᠡᠯᠮᠦᠷᠢ ᠶᠢᠨ ᠪᠠᠲᠤᠯᠠᠭ᠎ᠠ ᠶᠢᠨ ᠬᠠᠮᠢᠶᠠᠷᠤᠯᠲᠠ ᠶᠢᠨ ᠶᠡᠷᠦᠩᠭᠡᠢ ᠪᠠᠶᠢᠳᠠᠯ ᠢ ᠪᠦᠬᠦ ᠲᠠᠯ᠎ᠠ  ᠪᠠᠷ ᠬᠢᠨᠠᠨ ᠪᠠᠶᠢᠴᠠᠭᠠᠨ᠎ᠠ᠃     7. ᠬᠢᠨᠠᠨ ᠪᠠᠶᠢᠴᠠᠭᠠᠭᠰᠠᠨ ᠰᠠᠨᠠᠯ ᠬᠢᠵᠦ ᠭᠠᠷᠭᠠᠨ᠎ᠠ᠃     ︵1︶ ᠶᠡᠷᠦᠩᠬᠡᠶᠢᠯᠡᠨ ᠬᠢᠨᠠᠨ ᠪᠠᠶᠢᠴᠠᠭᠠᠬᠤ ᠪᠠᠷ ᠳᠠᠮᠵᠢᠭᠠᠳ᠂ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠦᠭᠡᠢ ᠬᠥᠮᠥᠨ ᠬᠡᠷᠡᠭᠯᠡᠬᠦ ᠨᠢᠭᠡᠴᠡ ᠳᠤ ᠬᠢᠷᠢ ᠲᠡᠩᠴᠡᠭᠰᠡᠨ ᠰᠠᠨᠠᠯ ᠬᠢᠵᠦ ᠭᠠᠷᠭᠠᠭᠰᠠᠨ᠂ ᠬᠢᠨᠠᠨ ᠪᠠᠶᠢᠴᠠᠭᠠᠯᠲᠠ ᠳᠤ ᠪᠠᠲᠤᠯᠠᠨ᠎ᠠ᠃ ᠭᠤᠷᠪᠠᠨ ᠵᠢᠯ ᠳᠠᠷᠠᠭᠠᠯᠠᠨ ᠬᠢᠨᠠᠨ ᠪᠠᠶᠢᠴᠠᠭᠠᠳ ᠴᠦᠮ ᠬᠢᠷᠢ ᠲᠡᠩᠴᠡᠭᠰᠡᠨ ᠪᠣᠯ ᠳᠠᠷᠠᠭ᠎ᠠ ᠨᠢᠭᠡ ᠣᠨ ᠤ ᠪᠠᠶᠢᠴᠠᠭᠠᠬᠤ ᠠᠴᠠ ᠬᠡᠯᠲᠦᠷᠢᠭᠦᠯᠬᠦ ᠨᠢᠭᠡᠴᠡ ᠪᠠᠷ ᠵᠢᠭᠰᠠᠭᠠᠵᠤ ᠪᠣᠯᠣᠨ᠎ᠠ᠃     ︵2︶ ᠶᠡᠷᠦᠩᠭᠡᠶᠢᠯᠡᠭᠰᠡᠨ ᠬᠢᠨᠠᠨ ᠪᠠᠶᠢᠴᠠᠭᠠᠬᠤ ᠪᠠᠷ ᠳᠠᠮᠵᠢᠭᠠᠳ᠂ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠲᠠᠢ ᠬᠥᠮᠥᠨ ᠬᠡᠷᠡᠭᠯᠡᠬᠦ ᠨᠢᠭᠡᠴᠡ ᠶᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠃ ᠱᠠᠭᠠᠷᠳᠠᠯᠭ᠎ᠠ ᠶᠢᠨ ᠠᠭᠤᠯᠭ᠎ᠠ ᠶᠢᠨ ᠴᠠᠭ ᠤᠨ ᠬᠢᠵᠠᠭᠠᠷ ᠶᠣᠰᠣᠭᠠᠷ ᠴᠡᠭᠴᠡᠯᠡᠨ ᠰᠠᠶᠢᠵᠢᠷᠠᠭᠤᠯᠤᠭᠰᠠᠨ ᠬᠥᠮᠥᠨ ᠬᠡᠷᠡᠭᠯᠡᠬᠦ ᠨᠢᠭᠡᠴᠡ ᠳᠤ ᠳᠠᠪᠲᠠᠨ ᠪᠠᠶᠢᠴᠠᠭᠠᠭᠠᠳ ᠬᠢᠷᠢ ᠲᠡᠩᠴᠡᠭᠰᠡᠨ ᠭᠡᠰᠡᠨ ᠰᠠᠨᠠᠯ ᠬᠢᠵᠦ ᠭᠠᠷᠭᠠᠨ᠂ ᠬᠢᠨᠠᠨ ᠪᠠᠶᠢᠴᠠᠭᠠᠯᠲᠠ ᠳᠤ ᠪᠠᠲᠤᠯᠠᠨ᠎ᠠ᠃ ᠱᠠᠭᠠᠷᠳᠠᠭᠰᠠᠨ ᠠᠭᠤᠯᠭ᠎ᠠ ᠶᠢᠨ ᠴᠠᠭ ᠤᠨ ᠬᠢᠵᠠᠭᠠᠷ ᠶᠣᠰᠣᠭᠠᠷ ᠴᠡᠭᠴᠡᠯᠡᠨ ᠰᠠᠶᠢᠵᠢᠷᠠᠭᠤᠯᠤᠭᠰᠠᠨ ᠦᠭᠡᠢ ᠬᠥᠮᠥᠨ ᠬᠡᠷᠡᠭᠯᠡᠬᠦ ᠨᠢᠭᠡᠴᠡ ᠳᠤ᠂ ᠵᠠᠰᠠᠭ ᠵᠠᠬᠢᠷᠭᠠᠨ ᠢᠶᠠᠷ ᠰᠢᠢᠳᠪᠦᠷᠢᠯᠡᠬᠦ ᠪᠤᠶᠤ ᠲᠣᠷᠭᠠᠬᠤ ᠰᠢᠢᠳᠪᠦᠷᠢ ᠪᠠᠭᠤᠯᠭᠠᠬᠤ ᠶᠢᠨ ᠬᠠᠮᠲᠤ ᠡᠳᠦᠷ ᠲᠤᠲᠤᠮ ᠤᠨ ᠲᠣᠭᠤᠷᠢᠨ ᠦᠵᠡᠬᠦ᠂ ᠪᠠᠶᠢᠴᠠᠭᠠᠬᠤ ᠶᠢᠨ ᠭᠤᠣᠯᠳᠠᠯᠭ᠎ᠠ ᠲᠠᠢ ᠨᠢᠭᠡᠴᠡ ᠪᠠᠷ ᠵᠢᠭᠰᠠᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号