ᠳᠤᠮᠳᠠ ᠵᠡᠷᠭᠡ ᠶᠢᠨ ᠳᠠᠩᠰᠠᠯᠠᠭᠤᠯᠤᠭᠰᠠᠨ ᠠᠶᠤᠯᠭᠦᠢ ᠦᠢᠯᠡᠳᠪᠦᠷᠢᠯᠡᠯ ᠤᠨ ᠢᠨᠵᠧᠨᠧᠷ ᠤᠨ ᠦᠷᠭᠦᠯᠵᠢᠯᠡᠭᠰᠡᠨ ᠬᠥᠮᠦᠵᠢᠯ ᠤᠨ ᠪᠤᠯᠪᠠᠰᠤᠷᠠᠯ ᠥᠷᠨᠢᠭᠦᠯᠬᠦ ᠮᠡᠳᠡᠭᠡ ᠵᠠᠩᠭᠢ ᠶᠢᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/6/17
    ᠮᠠᠨ ᠤ ᠣᠷᠣᠨ ᠤ ᠳᠤᠮᠳᠠ ᠵᠡᠷᠭᠡ ᠶᠢᠨ ᠳᠠᠩᠰᠠᠯᠠᠭᠤᠯᠤᠭᠰᠠᠨ ᠠᠶᠤᠯᠭᠦᠢ ᠦᠢᠯᠡᠳᠪᠦᠷᠢᠯᠡᠯ ᠤᠨ ᠢᠨᠵᠧᠨᠧᠷ ᠤᠨ ᠲᠤᠰᠬᠠᠢ ᠮᠡᠷᠭᠡᠵᠢᠯᠲᠡᠨ ᠤ ᠬᠡᠪ ᠴᠢᠨᠠᠷ᠂ ᠠᠵᠢᠯ ᠡᠷᠭᠢᠯᠡᠬᠦ ᠴᠢᠳᠠᠪᠤᠷᠢ ᠪᠠ ᠠᠵᠢᠯ ᠮᠡᠷᠭᠡᠵᠢᠯ ᠤᠨ ᠶᠣᠰᠣ ᠮᠣᠷᠠᠯ ᠤᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ ᠬᠠᠮᠢᠶ᠎ᠠ ᠪᠦᠬᠦᠢ ᠪᠣᠯᠪᠠᠰᠤᠷᠠᠯ ᠤᠨ  ᠪᠠᠶᠢᠭᠤᠯᠤᠮᠵᠢ  ᠠᠴᠠ ᠦᠨ᠎ᠡ ᠯᠠᠪᠯᠠᠬᠤ ᠪᠠᠷ ᠳᠡᠮᠵᠢᠨ ᠲᠣᠭᠲᠠᠭᠠᠵᠤ ᠂ ᠣᠶᠢᠷ᠎ᠠ ᠶᠢᠨ ᠬᠤᠭᠤᠴᠠᠭᠠᠨ ᠳᠤ ᠳᠠᠩᠰᠠᠯᠠᠭᠤᠯᠤᠭᠰᠠᠨ ᠠᠮᠤᠷ ᠲᠦᠪᠰᠢᠨ ᠤ ᠢᠨᠵᠧᠨᠧᠷ ᠤᠨ ᠦᠷᠭᠦᠯᠵᠢᠯᠡᠭᠰᠡᠨ ᠰᠤᠷᠭᠠᠨ ᠬᠦᠮᠦᠵᠢᠯ ᠤᠨ ᠪᠤᠯᠪᠠᠰᠤᠷᠠᠯ ᠢ ᠥᠷᠨᠢᠭᠦᠯᠬᠦ ᠪᠠᠷ ᠪᠣᠶ᠃   ᠨᠢᠭᠡ᠂ ᠪᠤᠯᠪᠠᠰᠤᠷᠠᠯ ᠤᠨ ᠠᠭᠤᠯᠭ᠎ᠠ   ᠳᠠᠩᠰᠠᠯᠠᠭᠤᠯᠤᠭᠰᠠᠨ ᠠᠶᠤᠯᠭᠦᠢ ᠦᠢᠯᠡᠳᠪᠦᠷᠢᠯᠡᠯ ᠤᠨ ᠢᠨᠵᠧᠨᠧᠷ ᠤᠨ ᠠᠵᠢᠯ ᠮᠡᠷᠭᠡᠵᠢᠯ ᠢ ᠳᠦᠷᠢᠮᠵᠢᠭᠦᠯᠬᠦ ᠶᠣᠰᠤᠭᠠᠷ᠂ ᠰᠢᠨ᠎ᠡ ᠪᠠᠷ ᠨᠡᠶᠢᠲᠡᠯᠡᠭᠰᠡᠨ ᠠᠶᠤᠯᠭᠦᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠂ ᠪᠠᠷᠢᠮᠵᠢᠶ᠎ᠠ ᠪᠠ ᠵᠢᠷᠤᠮᠵᠢᠯ ︔ ᠬᠤᠯᠪᠣᠭᠳᠠᠯ ᠪᠦᠬᠦᠢ ᠳᠠᠩᠰᠠᠯᠠᠭᠤᠯᠤᠭᠰᠠᠨ ᠲᠤᠰᠬᠠᠢ ᠮᠡᠷᠭᠡᠵᠢᠯ ᠤᠨ ᠲᠥᠷᠥᠯ ᠢᠯᠭᠠᠯ ᠤᠨ ᠠᠮᠤᠷ ᠲᠦᠪᠰᠢᠨ ᠤ ᠬᠠᠮᠢᠶᠠᠷᠤᠯᠲᠠ᠂ ᠮᠡᠷᠭᠡᠵᠢᠯ︔ ᠬᠡᠷᠡᠭ ᠤᠨ ᠵᠢᠱᠢᠶ᠎ᠡ ᠶᠢ ᠵᠠᠳᠠᠯᠬᠤ ᠪᠠ ᠰᠤᠳᠤᠯᠤᠨ ᠶᠠᠷᠢᠯᠴᠠᠬᠤ ᠵᠡᠷᠭᠡ ᠠᠭᠤᠯᠭ᠎ᠠ ᠶᠢ ᠪᠠᠭᠲᠠᠭᠠᠨ᠎ᠠ ᠃   ᠬᠤᠶᠠᠷ ᠂ ᠪᠤᠯᠪᠠᠰᠤᠷᠠᠬᠤ ᠡᠲᠡᠭᠡᠳ   ᠪᠥᠬᠦ ᠤᠯᠤᠰ ᠤᠨ ᠳᠤᠮᠳᠠ ᠵᠡᠷᠭᠡ ᠶᠢᠨ ᠳᠠᠩᠰᠠᠯᠠᠭᠤᠯᠤᠭᠰᠠᠨ ᠠᠶᠤᠯᠭᠦᠢ ᠦᠢᠯᠡᠳᠪᠦᠷᠢᠯᠡᠯ ᠤᠨ ᠢᠨᠵᠧᠨᠧᠷ ᠤᠨ ᠠᠵᠢᠯ ᠡᠷᠭᠢᠯᠡᠬᠦ ᠬᠢᠷᠢ ᠬᠡᠮ ᠤᠨ ᠨᠢᠭᠡᠳᠦᠯᠲᠡᠢ ᠰᠢᠯᠭᠠᠯᠲᠠ ᠶᠢ ᠥᠩᠭᠡᠷᠡᠭᠡᠭᠰᠡᠨ ᠪᠥᠭᠡᠳ ᠠᠩᠬ᠎ᠠ ᠳᠠᠩᠰᠠᠯᠠᠭᠤᠯᠤᠨ ᠪᠦᠷᠢᠳᠬᠡᠭᠦᠯᠦᠭᠰᠡᠨ ᠪᠤᠶᠤ ᠦᠷᠭᠦᠯᠵᠢᠯᠡᠨ ᠳᠠᠩᠰᠠᠯᠠᠭᠤᠯᠤᠨ ᠪᠦᠷᠢᠳᠬᠡᠭᠦᠯᠦᠭᠡᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠᠯᠠᠭᠤᠯᠤᠭᠰᠠᠨ ᠠᠶᠤᠯᠭᠦᠢ ᠦᠢᠯᠡᠳᠪᠦᠷᠢᠯᠡᠯ ᠤᠨ ᠢᠨᠵᠧᠨᠧᠷ ᠤᠨ ᠠᠵᠢᠯ ᠡᠷᠭᠢᠯᠡᠬᠦ ᠦᠨᠡᠮᠯᠡᠯ︾ ᠣᠯᠣᠭᠰᠠᠨ᠂ ᠳᠠᠩᠰᠠᠯᠠᠭᠤᠯᠬᠤ ᠬᠦᠴᠦᠨ ᠲᠠᠢ ᠬᠤᠭᠤᠴᠠᠭᠠᠨ ᠳᠤ ᠦᠷᠭᠦᠯᠵᠢᠯᠡᠭᠰᠡᠨ ᠰᠤᠷᠭᠠᠨ ᠬᠦᠮᠦᠵᠢᠯ ᠳᠤ ᠣᠷᠣᠯᠴᠠᠵᠤ ᠥᠩᠭᠡᠷᠡᠭᠰᠡᠨ ᠦᠭᠡᠢ ᠳᠤᠮᠳᠠ ᠵᠡᠷᠭᠡ ᠶᠢᠨ ᠳᠠᠩᠰᠠᠯᠠᠭᠤᠯᠤᠭᠰᠠᠨ ᠠᠶᠤᠯᠭᠦᠢ ᠦᠢᠯᠡᠳᠪᠦᠷᠢᠯᠡᠯ ᠤᠨ ᠢᠨᠵᠧᠨᠧᠷ ᠃   ᠭᠤᠷᠪᠠ ᠂ ᠪᠤᠯᠪᠠᠰᠤᠷᠠᠯ ᠤᠨ ᠴᠠᠭ   2024 ᠣᠨ ᠤ 7 ᠰᠠᠷ᠎ᠠ ᠳᠤ ᠂ ᠪᠣᠳᠠᠲᠠᠢ ᠴᠠᠭ ᠢ ᠪᠤᠯᠪᠠᠰᠤᠷᠠᠯ ᠤᠨ ᠪᠠᠶᠢᠭᠤᠯᠤᠮᠵᠢ ᠶᠢᠨ ᠵᠢᠭᠠᠨ ᠰᠤᠷᠭᠠᠯᠲᠠ ᠶᠢᠨ ᠲᠥᠯᠥᠪᠯᠡᠭᠡ ᠶᠣᠰᠣᠭᠠᠷ ᠶᠠᠪᠤᠭᠳᠠᠭᠤᠯᠤᠨ᠎ᠠ ᠃   ᠳᠥᠷᠪᠡ᠂ ᠪᠤᠯᠪᠠᠰᠤᠷᠠᠯ ᠤᠨ ᠠᠷᠭ᠎ᠠ ᠮᠠᠶ᠋ᠢᠭ ᠵᠢᠴᠢ ᠪᠤᠯᠪᠠᠰᠤᠷᠠᠯ ᠤᠨ ᠪᠠᠶᠢᠭᠤᠯᠤᠮᠵᠢ   ᠲᠣᠰ ᠤᠳᠠᠭᠠᠨ ᠤ ᠪᠤᠯᠪᠠᠰᠤᠷᠠᠯ ᠢ ᠲᠥᠷᠥᠯ ᠬᠤᠪᠢᠶᠠᠬᠤ᠂ ᠠᠩᠭᠢ ᠬᠤᠪᠢᠶᠠᠨ ᠲᠥᠪᠯᠡᠷᠡᠭᠦᠯᠦᠨ ᠬᠢᠴᠢᠶᠡᠯᠯᠡᠬᠦ ᠪᠠ   ᠰᠢᠯᠭᠠᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃   ᠤᠯᠠᠭᠠᠨᠬᠠᠳᠠ ᠶᠢᠨ ᠵᠦᠩ ᠳ᠋ᠢᠩ ᠠᠶᠤᠯᠭᠦᠢ ᠦᠢᠯᠡᠳᠪᠦᠷᠢᠯᠡᠯ ᠤᠨ ᠮᠡᠷᠭᠡᠵᠢᠯ ᠤᠨ ᠵᠥᠪᠯᠡᠯᠭᠡ ᠥᠭᠬᠦ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠷᠢᠭᠤᠴᠠᠨ ᠡᠷᠬᠢᠯᠡᠨ᠎ᠡ   ᠬᠠᠷᠢᠯᠴᠠᠬᠤ ᠤᠲᠠᠰᠤ᠄ 15352872173   ᠲᠠᠪᠤ ᠂ ᠪᠤᠯᠪᠠᠰᠤᠷᠠᠯ ᠤᠨ ᠵᠠᠷᠤᠳᠠᠯ   ᠪᠣᠯᠪᠠᠰᠤᠷᠠᠯ ᠤᠨ ᠵᠠᠷᠤᠳᠠᠯ ᠢ ᠪᠣᠯᠪᠠᠰᠤᠷᠠᠯ ᠤᠨ ᠪᠠᠶᠢᠭᠤᠯᠤᠮᠵᠢ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ  ᠬᠤᠷᠢᠢᠶᠠᠨ᠎ᠠ ᠂ ᠵᠠᠮ ᠬᠠᠷᠢᠯᠴᠠᠭ᠎ᠠ ᠂ ᠬᠤᠭᠤᠯᠠ ᠬᠤᠨᠤᠭ ᠤᠨ ᠵᠠᠷᠤᠳᠠᠯ ᠢ ᠥᠪᠡᠷ ᠢᠶᠠᠨ ᠰᠢᠢᠳᠪᠦᠷᠢᠯᠡᠨ᠎ᠡ ᠃   ᠵᠢᠷᠭᠤᠭ᠎ᠠ ᠂ ᠪᠤᠰᠤᠳ ᠵᠦᠢᠯ   ︵ᠨᠢᠭᠡ︶ ᠦᠷᠭᠦᠯᠵᠢᠯᠡᠭᠰᠡᠨ ᠰᠤᠷᠭᠠᠨ ᠬᠥᠮᠦᠵᠢᠯ ᠳᠤ ᠣᠷᠣᠯᠴᠠᠭᠰᠠᠨ ᠳᠠᠩᠰᠠᠯᠠᠭᠤᠯᠤᠭᠰᠠᠨ ᠠᠶᠤᠯᠭᠦᠢ ᠦᠢᠯᠡᠳᠪᠦᠷᠢᠯᠡᠯ ᠤᠨ ᠢᠨᠵᠧᠨᠧᠷ ᠬᠢᠨᠠᠨ ᠰᠢᠯᠭᠠᠭᠠᠳ ᠬᠢᠷᠢ ᠲᠡᠩᠴᠡᠪᠡᠯ᠂ ᠲᠡᠭᠦᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠭᠤᠯᠭ᠎ᠠ ᠵᠢᠴᠢ ᠬᠢᠴᠢᠶᠡᠯ ᠤᠨ ᠴᠠᠭ ᠤᠨ ᠲᠡᠮᠳᠡᠭᠯᠡᠯ ᠢ ᠤᠯᠤᠰ ᠤᠨ ᠳᠡᠩᠰᠡᠯᠡᠨ ᠬᠠᠮᠢᠶᠠᠷᠬᠤ ᠪᠠᠶᠢᠭᠤᠯᠤᠮᠵᠢ ᠠᠴᠠ ᠨᠢᠭᠡᠳᠦᠯᠲᠡᠢ ᠳᠠᠷᠤᠮᠠᠯᠯᠠᠵᠤ ᠳᠠᠩᠰᠠᠯᠠᠭᠤᠯᠤᠭᠰᠠᠨ ᠠᠶᠤᠯᠭᠦᠢ ᠦᠢᠯᠡᠳᠪᠦᠷᠢᠯᠡᠯ ᠤᠨ ᠢᠨᠵᠧᠨᠧᠷ ᠤᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠦᠨᠡᠮᠯᠡᠯ ᠳᠡᠭᠡᠷ᠎ᠡ ᠲᠡᠮᠳᠡᠭᠯᠡᠵᠦ᠂ ᠳᠠᠩᠰᠠᠯᠠᠭᠤᠯᠤᠭᠰᠠᠨ ᠠᠶᠤᠯᠭᠦᠢ ᠦᠢᠯᠡᠳᠪᠦᠷᠢᠯᠡᠯ ᠤᠨ ᠢᠨᠵᠧᠨᠧᠷ ᠤᠨ ᠦᠷᠭᠦᠯᠵᠢᠯᠡᠨ ︵ᠳᠠᠭᠢᠵᠤ᠂ ᠬᠤᠪᠢᠷᠠᠭᠤᠯᠬᠤ︶ ᠳᠠᠩᠰᠠᠯᠠᠭᠤᠯᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃   ︵ᠬᠤᠶᠠᠷ︶ ᠪᠤᠯᠪᠠᠰᠤᠷᠠᠯ ᠤᠨ ᠣᠷᠣᠯᠴᠠᠬᠤ ᠰᠤᠷᠤᠭᠴᠢ᠂ ᠬᠤᠪᠢ ᠬᠥᠮᠥᠨ ᠪᠣᠯᠣᠨ ᠪᠤᠯᠪᠠᠰᠤᠷᠠᠯ ᠤᠨ ᠪᠠᠶᠢᠭᠤᠯᠤᠮᠵᠢ ᠨᠤᠭᠤᠳ ᠠᠶᠤᠯᠭᠦᠢ ᠦᠢᠯᠡᠳᠪᠦᠷᠢᠯᠡᠯ ᠤᠨ ᠪᠤᠯᠪᠠᠰᠤᠷᠠᠯ ᠤᠨ ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠪᠤᠯᠪᠠᠰᠤᠷᠠᠯ ᠤᠨ ᠪᠠᠲᠤᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ ᠃   ︵ᠭᠤᠷᠪᠠ︶ ᠪᠤᠯᠪᠠᠰᠤᠷᠠᠯ ᠳᠤ ᠤᠷᠤᠯᠴᠠᠬᠤ ᠳᠤ ᠪᠠᠨ ᠤᠷᠴᠢᠮ ᠰᠡᠭᠦᠳᠡᠷᠯᠡᠭᠰᠡᠨ ᠴᠠᠭᠠᠨ ᠰᠠᠭᠤᠳᠠᠯ ᠲᠠᠢ ᠮᠠᠯᠠᠭᠠᠢ ᠦᠭᠡᠢ 2 ᠢᠮᠠᠬᠤ ᠶᠢᠨ ᠬᠡᠷᠡᠯ ᠵᠢᠷᠤᠭ ︵ᠠᠷᠤ ᠲᠠᠯ᠎ᠠ ᠳᠤᠨᠢ ᠣᠪᠣᠭ ᠨᠡᠷ᠎ᠡ ᠪᠠᠨ ᠲᠣᠳᠣᠷᠬᠠᠶᠢᠯᠠᠨ᠎ᠠ︶ ᠢᠶᠠᠨ ᠬᠤᠷᠠᠯ ᠤᠨ ᠶᠠᠪᠤᠳᠠᠯ ᠤᠨ ᠳᠤᠭᠤᠶᠢᠯᠠᠩ ᠳᠤ ᠲᠤᠰᠢᠶᠠᠬᠤ ᠬᠡᠷᠡᠭᠲᠡᠢ᠃                                     2024 ᠣᠨ ᠤ 6 ᠰᠠᠷ᠎ᠠ ᠶᠢᠨ 17 ᠤ ᠡᠳᠦᠷ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号