ᠪᠠᠶᠠᠨᠨᠠᠭᠤᠷ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ 435 ᠲᠦᠷᠭᠡᠨ ᠬᠦᠷᠭᠡᠭᠴᠢ ᠳᠤ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠬᠤ ᠡᠮᠴᠢᠯᠡᠭᠡᠨ ᠤ ᠬᠠᠪᠰᠤᠷᠤᠯᠴᠠᠬᠤ ᠪᠠᠲᠤᠯᠠᠭ᠎ᠠ ᠬᠦᠷᠭᠡᠪᠡ
ᠨᠡᠶᠢᠲᠡᠯᠡᠭᠰᠡᠨ ᠴᠠᠭ᠄
2024/6/27
      ᠣᠶᠢᠷ᠎ᠠ ᠳᠤ᠂ ᠪᠠᠶᠠᠨᠨᠠᠭᠤᠷ  ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠬᠢᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠲᠦᠷᠭᠡᠨ ᠬᠦᠷᠭᠡᠭᠴᠢ ᠳᠤ ᠠᠵᠢᠯᠲᠠᠨ ᠠᠵᠢᠯᠴᠢᠨ ᠤ ᠡᠮᠴᠢᠯᠡᠭᠡᠨ ᠤ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠥᠷᠨᠢᠭᠦᠯᠬᠦ ᠲᠤᠬᠠᠶ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠪᠥᠬᠦ ᠬᠤᠲᠠ ᠶᠢᠨ 435 ᠲᠦᠷᠭᠡᠨ ᠬᠦᠷᠭᠡᠭᠴᠢ ᠳᠤ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠬᠤ ᠡᠮᠴᠢᠯᠡᠭᠡᠨ ᠤ ᠬᠠᠪᠰᠤᠷᠤᠯᠴᠠᠬᠤ ᠪᠠᠲᠤᠯᠠᠭ᠎ᠠ ᠬᠦᠷᠭᠡᠪᠡ᠃      ᠲᠦᠷᠭᠡᠨ ᠬᠦᠷᠭᠡᠭᠴᠢ ᠰᠦᠨ ᠠᠪᠤᠭᠠᠶ ᠪᠣᠯᠤᠨ ᠨᠢᠶᠧ ᠠᠪᠤᠭᠠᠢ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠬᠤ ᠡᠮᠴᠢᠯᠡᠭᠡᠨ ᠤ ᠬᠠᠪᠰᠤᠷᠤᠯᠴᠠᠬᠤ ᠪᠠᠲᠤᠯᠠᠭ᠎ᠠ ᠬᠦᠴᠦᠨ ᠲᠠᠢ ᠪᠣᠯᠤᠭᠰᠠᠨ ᠤ ᠳᠠᠷᠠᠭ᠎ᠠ ᠡᠪᠡᠳᠴᠢᠨ ᠠᠴᠠ ᠪᠣᠯᠵᠤ ᠡᠮᠨᠡᠯᠭᠡ ᠳᠤ ᠰᠠᠭᠤᠵᠠᠢ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠲᠡᠷᠡ ᠳᠠᠷᠤᠶ ᠳᠤ ᠨᠢ ᠦᠨᠳᠦᠰᠦᠨ ᠪᠠᠶᠢᠳᠠᠯ ᠢ ᠤᠶᠢᠯᠠᠭᠠᠨ ᠡᠵᠡᠮᠰᠢᠵᠦ᠂ ᠲᠡᠷᠡ ᠳᠠᠷᠤᠶ ᠳᠤ ᠨᠢ ᠳᠡᠭᠡᠭᠰᠢ ᠮᠡᠳᠡᠭᠦᠯᠦᠨ ᠰᠢᠢᠳᠪᠦᠷᠢᠯᠡᠵᠦ᠂ ᠨᠢᠭᠡ ᠭᠠᠷᠠᠭ ᠤᠨ ᠳᠣᠲᠣᠷ᠎ᠠ ᠪᠠᠲᠤᠯᠠᠭ᠎ᠠ ᠶᠢᠨ ᠮᠥᠩᠭᠦ ᠶᠢ ᠳᠠᠭᠠᠳᠬᠠᠯ ᠳᠤ ᠣᠷᠣᠯᠴᠠᠭᠴᠢ ᠶᠢᠨ ᠲᠠᠩᠰᠠᠨ ᠡᠷᠦᠬᠡ ᠳᠤ ᠨᠢ ᠰᠠᠯᠭᠠᠨ ᠥᠭᠪᠡ᠃ ᠣᠳᠣᠬᠠᠨ ᠪᠣᠯᠲᠠᠯ᠎ᠠ᠂ ᠨᠡᠶᠢᠲᠡ 14809 ᠬᠥᠮᠦᠨ ᠤᠳᠠᠭ᠎ᠠ 1194.13 ᠲᠦᠭᠦᠷᠢᠭ ᠤᠨ ᠪᠠᠲᠤᠯᠠᠭ᠎ᠠ ᠶᠢᠨ ᠮᠥᠩᠭᠦ ᠶᠢ ᠭᠤᠶᠤᠴᠢᠯᠠᠨ ᠣᠯᠪᠠ᠃      ᠪᠦᠬᠦ ᠬᠤᠲᠠ ᠶᠢᠨ ᠠᠵᠢᠯᠲᠠᠨ ᠠᠵᠢᠯᠴᠢᠨ ᠤ ᠡᠮᠴᠢᠯᠡᠭᠡᠨ ᠤ ᠬᠠᠪᠰᠤᠷᠤᠯᠴᠠᠬᠤ ᠪᠠᠲᠤᠯᠠᠭ᠎ᠠ ᠶᠢ 2019 ᠤᠨ ᠤ 5 ᠳ᠋ᠤᠭᠠᠷ ᠰᠠᠷ᠎ᠠ ᠳᠤ ᠬᠡᠷᠡᠭᠵᠢᠭᠦᠯᠵᠦ᠂ ᠣᠳᠣᠬᠠᠨ ᠳᠤ 7.1 ᠲᠦᠮᠡᠨ ᠠᠵᠢᠯᠲᠠᠨ ᠠᠵᠢᠯᠴᠢᠨ ᠬᠠᠪᠰᠤᠷᠤᠯᠴᠠᠬᠤ ᠪᠠᠲᠤᠯᠠᠭ᠎ᠠ ᠳᠤ ᠣᠷᠣᠯᠴᠠᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠷᠤᠭᠠᠰᠤ ᠶᠢ ᠨᠢ ᠦᠨᠡᠨ ᠬᠦ ᠪᠦᠲᠦᠮᠵᠢᠲᠡᠶ ᠬᠥᠩᠭᠡᠷᠡᠭᠦᠯᠪᠡ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号