ᠳᠤᠮᠳᠠᠳᠤ ᠤᠯᠤᠰ᠂ ᠲᠦᠪ ᠠᠽᠢᠶ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠰᠠᠶᠢᠳ ᠨᠠᠷ ᠤᠨ ᠬᠤᠷᠠᠯ ᠦᠷᠦᠮᠴᠢ ᠳᠤ ᠬᠤᠷᠠᠯᠳᠤᠪᠠ
ᠨᠡᠶᠢᠲᠡᠯᠡᠭᠰᠡᠨ ᠴᠠᠭ᠄
2024/6/3
     ᠳᠤᠮᠳᠠᠳᠤ ᠤᠯᠤᠰ᠂ ᠲᠦᠪ ᠠᠽᠢᠶ᠎ᠠ ᠶᠢᠨ ᠲᠦᠷᠦᠭᠦᠴᠦᠳ ᠤᠨ ᠬᠤᠷᠠᠯ ᠤᠨ ᠲᠡᠷᠢᠭᠦᠨ ᠤ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 5 ᠰᠠᠷ᠎ᠠ ᠶᠢᠨ 30 ᠤ ᠡᠳᠦᠷ᠂ ᠳᠤᠮᠳᠠᠳᠤ ᠤᠯᠤᠰ᠂ ᠲᠦᠪ ᠠᠽᠢᠶ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠰᠠᠶᠢᠳ ᠨᠠᠷ ᠤᠨ ᠬᠤᠷᠠᠯ ᠰᠢᠨᠵᠢᠶᠠᠩ ᠤᠨ ᠦᠷᠦᠮᠴᠢ ᠳᠤ ᠶᠠᠪᠤᠭᠳᠠᠵᠤ᠂ ᠳᠤᠮᠳᠠᠳᠤ ᠤᠯᠤᠰ᠂ ᠲᠦᠪ ᠠᠽᠢᠶ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠮᠲᠤᠷᠠᠯᠴᠠᠭᠠᠨ ᠤ ᠲᠣᠭᠲᠠᠴᠠ ᠪᠠᠶᠢᠭᠤᠯᠤᠭᠳᠠᠭᠰᠠᠨ ᠢ ᠠᠯᠪᠠᠨ ᠶᠣᠰᠣᠭᠠᠷ ᠵᠠᠷᠯᠠᠪᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠰᠠᠶᠢᠳ ᠸᠠᠩ ᠰᠢᠶᠠᠩ ᠰᠢ ᠬᠤᠷᠠᠯ ᠢ ᠡᠷᠬᠢᠯᠡᠭᠰᠡᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠵᠤ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠠᠶᠢᠷᠺᠧᠨ ᠲᠦ᠋ᠨᠢᠶᠠᠽᠢ ᠪᠠᠶᠠᠷ ᠤᠨ ᠦᠭᠡ ᠬᠡᠯᠡᠪᠡ᠃     ᠸᠠᠩ ᠰᠢᠶᠠᠩ ᠰᠢ᠂ ᠨᠢᠳᠤᠨᠤᠨ ᠤ 5 ᠰᠠᠷ᠎ᠠ ᠳᠤ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ᠂ ᠲᠦᠪ ᠠᠽᠢᠶ᠎ᠠ ᠶᠢᠨ ᠲᠦᠷᠦᠭᠦᠴᠦᠳ ᠤᠨ ᠬᠤᠷᠠᠯ ᠳᠡᠭᠡᠷ᠎ᠡ ᠲᠦᠪ ᠠᠽᠢᠶ᠎ᠠ ᠶᠢᠨ ᠤᠯᠤᠰ ᠤᠳ ᠤᠨ ᠲᠡᠷᠢᠭᠦᠨ ᠲᠠᠢ ᠬᠠᠮᠲᠤ  ᠪᠠᠷ《 ᠲᠦᠪ ᠠᠽᠢᠶ᠎ᠠ ᠶᠢᠨ ᠲᠦᠷᠦᠭᠦᠴᠦᠳ ᠤᠨ ᠬᠤᠷᠠᠯ ᠤᠨ ᠰᠢ ᠠᠨ ᠤ ᠲᠤᠩᠬᠠᠭ 》 ᠲᠤ ᠭᠠᠷ ᠤᠨ ᠦᠰᠦᠭ ᠵᠢᠷᠤᠵᠤ᠂ ᠳᠤᠮᠳᠠᠳᠤ ᠤᠯᠤᠰ᠂ ᠲᠦᠪ ᠠᠽᠢᠶ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠬᠤ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠳᠤᠮᠳᠠᠳᠤ ᠤᠯᠤᠰ ᠤᠨ ᠵᠠᠰᠠᠭ ᠤᠨ ᠣᠷᠳᠣᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠦᠪ ᠠᠽᠢᠶ᠎ᠠ ᠶᠢᠨ ᠤᠯᠤᠰ ᠤᠳ ᠲᠠᠢ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ  ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠤᠶᠠᠷ ᠲᠠᠯ᠎ᠠ ᠶᠢᠨ ᠪᠠ ᠤᠯᠠᠨ ᠲᠠᠯ᠎ᠠ ᠶᠢᠨ ᠬᠠᠮᠲᠤᠷᠠᠯᠴᠠᠭᠠᠨ ᠤ ᠰᠠᠭᠤᠷᠢ ᠪᠠᠲᠤ᠂ ᠦᠷ᠎ᠡ ᠪᠦᠲᠦᠭᠡᠯ ᠡᠯᠪᠡᠭ ᠪᠣᠯᠵᠠᠢ᠃ ᠳᠤᠮᠳᠠᠳᠤ ᠤᠯᠤᠰ᠂ ᠲᠦᠪ ᠠᠽᠢᠶ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠮᠲᠤᠷᠠᠯᠴᠠᠭᠠᠨ ᠤ ᠲᠣᠭᠲᠠᠴᠠ ᠪᠣᠯ ᠵᠢᠷᠭᠤᠭᠠᠨ ᠤᠯᠤᠰ ᠤᠨ ᠬᠠᠷᠢᠯᠴᠠᠨ ᠠᠰᠢᠭᠲᠠᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠪᠠ ᠴᠣ ᠰᠢᠨ᠎ᠡ ᠲᠠᠪᠴᠠᠩ ᠪᠣᠯᠤᠨ᠎ᠠ᠂ ᠳᠤᠮᠳᠠᠳᠤ ᠶᠢᠨ ᠲᠠᠯ᠎ᠠ ᠳᠤᠷᠠᠲᠠᠶ᠎ᠠ ᠲᠤᠰ ᠤᠳᠠᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠨ᠎ᠠ᠂ ᠡᠯ᠎ᠡ ᠲᠠᠯ᠎ᠠ ᠶᠢᠨ ᠬᠢᠨ ᠲᠠᠢ ᠨᠡᠪᠲᠡᠷᠡᠯᠴᠡᠭᠡ ᠪᠠᠨ ᠴᠢᠩᠭᠠᠳᠬᠠᠨ᠎ᠠ᠂ ᠨᠢᠭᠲᠠ ᠬᠠᠮᠵᠢᠯᠴᠠᠬᠤ᠂ ᠵᠢᠷᠭᠤᠭᠠᠨ ᠤᠯᠤᠰ ᠤᠨ ᠲᠡᠷᠢᠭᠦᠨ ᠤ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢᠨ ᠲᠤᠬᠠᠶ ᠴᠢᠬᠤᠯᠠ ᠬᠠᠮᠲᠤ  ᠶᠢᠨ ᠲᠠᠨᠢᠯᠲᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠂ ᠪᠠᠶᠢᠭᠤᠯᠤᠯ ᠲᠣᠭᠲᠠᠴᠠ ᠶᠢᠨ ᠵᠣᠯᠭᠠᠯᠴᠠᠭ᠎ᠠ ᠶᠢ ᠴᠢᠩᠭᠠᠳᠬᠠᠨ᠎ᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠂ ᠬᠠᠷᠢᠯᠴᠠᠬᠤ ᠠᠷᠭ᠎ᠠ ᠵᠠᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠂ ᠵᠢᠷᠭᠤᠭᠠᠨ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠮᠲᠤᠷᠠᠯᠴᠠᠭ᠎ᠠ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ᠂ ᠪᠣᠳᠠᠲᠤ ᠠᠵᠢᠯᠯᠠᠭ᠎ᠠ ᠪᠠᠷ ᠢᠶᠠᠨ ᠨᠡᠩ ᠨᠢᠭᠲᠠ ᠳᠤᠮᠳᠠᠳᠤ ᠤᠯᠤᠰ ᠳᠤᠮᠳᠠᠳᠤ ᠠᠽᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠴᠢᠳᠠᠯ ᠢᠶᠠᠨ ᠡᠷᠭᠦᠨ᠎ᠡ ᠭᠡᠵᠠᠢ᠃     ᠬᠤᠷᠠᠯ ᠨᠢ《ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠠᠮᠤᠷ ᠲᠦᠪᠰᠢᠨ ᠬᠥᠭᠵᠢᠯᠲᠡ ᠶᠢ ᠬᠠᠮᠲᠤᠪᠠᠷ ᠡᠷᠢᠯᠬᠢᠯᠡᠬᠦ》 ᠪᠠᠷ ᠭᠤᠣᠯ ᠰᠡᠳᠦᠪ ᠪᠣᠯᠭᠠᠪᠠ᠃ ᠬᠤᠷᠠᠯ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠬᠠᠮᠲᠤ ᠪᠠᠷ《ᠳᠤᠮᠳᠠᠳᠤ ᠤᠯᠤᠰ ᠲᠦᠪ ᠠᠽᠢᠶ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠬᠤ ᠲᠤᠬᠠᠢ ᠤᠢᠢᠯᠠᠭᠠᠯᠴᠠᠭᠠᠨ ᠤ ᠰᠠᠨᠠᠮᠵᠢ ᠶᠢᠨ ᠪᠢᠴᠢᠭ 》 ᠲᠤ ᠭᠠᠷ  ᠤᠨ ᠦᠰᠦᠭ ᠵᠢᠷᠤᠵᠤ᠂《ᠳᠤᠮᠳᠠᠳᠤ ᠤᠯᠤᠰ ᠲᠦᠪ ᠠᠽᠢᠶ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠮᠲᠤᠷᠠᠯᠴᠠᠭᠠᠨ ᠤ ᠠᠵᠢᠯᠯᠠᠭᠠᠨ ᠤ ᠲᠥᠯᠥᠪᠯᠡᠭᠡ ( 202426 ᠣᠨ ) 》 ᠶᠢ ᠪᠠᠲᠤᠯᠠᠵᠤ᠂ ᠳᠤᠮᠳᠠᠳᠤ ᠤᠯᠤᠰ ᠲᠦᠪ ᠠᠽᠢᠶ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠳᠤᠭᠤᠶᠢᠯᠠᠩ ᠢ ᠪᠠᠶᠢᠭᠤᠯᠬᠤ ᠪᠠᠷ ᠨᠡᠶᠢᠲᠡᠯᠡᠪᠡ᠃     ᠬᠤᠷᠠᠯ ᠤᠨ ᠲᠠᠷᠠᠭ᠎ᠠ᠂ ᠸᠠᠩ ᠰᠢᠶᠠᠩ ᠰᠢ ᠲᠠᠪᠤᠨ ᠤᠯᠤᠰ ᠤᠨ ᠲᠥᠯᠥᠭᠡᠯᠡᠭᠴᠢᠳ ᠤᠨ ᠪᠦᠯᠬᠦᠮ ᠲᠠᠢ ᠲᠤᠰ ᠲᠤᠰ ᠠᠭᠤᠯᠵᠠᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃      ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠳᠡᠳ᠋ ᠰᠠᠶᠢᠳ ᠰᠢᠤᠢ ᠵᠢᠶᠠ ᠠᠶ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠢᠦᠢ ᠰᠦ᠋ ᠹᠦ᠋ ᠵᠢᠶᠠᠩ ᠮᠠᠢ ᠮᠠᠶ ᠲᠢ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号