ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ《 ᠠᠶᠤᠯᠭᠦᠶ ᠦᠶᠯᠡᠳᠪᠦᠷᠢᠯᠡᠯ ᠤᠨ ᠰᠠᠷ᠎ᠠ 》 ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/6/4
     6 ᠳ᠋ᠤᠭᠠᠷ ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠬᠥᠬᠡᠬᠤᠲᠠ ᠳᠤ 2024 ᠣᠨ ᠤ《 ᠠᠶᠤᠯᠭᠦᠶ ᠦᠶᠯᠡᠳᠪᠦᠷᠢᠯᠡᠯ  ᠤᠨ ᠰᠠᠷ᠎ᠠ 》 ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠬᠥᠬᠡᠬᠤᠲᠠ ᠶᠢᠨ 《 ᠠᠮᠤᠭᠤᠯᠠᠩ ᠬᠤᠨᠳᠠᠭᠠᠲᠤ 》 ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯ ᠲᠥᠷᠥᠯ ᠤᠨ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠶᠠᠪᠤᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠭᠰᠠᠨ ᠪᠥᠭᠡᠳ ᠠᠵᠢᠯᠯᠠᠭ᠎ᠠ ᠡᠬᠢᠯᠡᠭᠰᠡᠨ ᠢ ᠵᠠᠷᠯᠠᠵᠠᠢ᠃     ᠡᠬᠢᠯᠡᠯᠲᠡ ᠶᠢᠨ ᠶᠣᠰᠣᠯᠠᠯ ᠳᠡᠭᠡᠷ᠎ᠡ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ《ᠠᠶᠤᠯᠭᠦᠢ ᠦᠢᠯᠡᠳᠪᠦᠷᠢᠯᠡᠯ ᠤᠨ ᠰᠠᠷ᠎ᠠ》ᠭᠤᠣᠯ ᠰᠡᠳᠦᠪᠲᠦ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠪᠡ᠃ ᠤᠯᠠᠭᠠᠨᠴᠠᠪ ᠬᠤᠲᠠ ᠶᠢᠨ ᠬᠥᠮᠦᠨ ᠬᠠᠷ᠎ᠠ ᠨᠢᠭᠲᠠᠷᠠᠭᠰᠠᠨ ᠲᠠᠯᠠᠪᠤᠷ ᠲᠠᠬᠢ ᠭᠠᠯ ᠤᠨ ᠠᠶᠤᠯ ᠠᠴᠠ ᠵᠠᠶᠢᠯᠠᠬᠤ ᠰᠣᠷᠢᠯᠲᠠ ᠶᠢᠨ ᠲᠤᠬᠠᠶ ᠶᠢᠨ ᠲᠠᠯᠠᠪᠠᠶ᠂ ᠠᠯᠠᠱᠠ ᠠᠶᠢᠮᠠᠭ ᠤᠨ ᠬᠡᠷ ᠪᠦᠯᠢ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠷᠡᠭᠯᠡᠭᠡᠨ ᠤ ᠯᠠᠪᠯᠠᠭ᠎ᠠ ᠶᠢᠨ ᠲᠤᠬᠠᠶ ᠶᠢᠨ ᠲᠠᠯᠠᠪᠠᠶ ᠪᠣᠯᠤᠨ ᠬᠥᠬᠡᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠠᠮᠤᠷ ᠲᠦᠪᠰᠢᠨ ᠢᠶᠠᠷ ᠨᠡᠶᠢᠭᠡᠮ ᠲᠣᠭᠤᠷᠢᠭ ᠤᠨ ᠲᠤᠬᠠᠶ ᠶᠢᠨ ᠲᠠᠯᠠᠪᠠᠶ ᠶᠢ ᠸᠢᠳᠢᠣ᠋ ᠪᠠᠷ ᠬᠤᠯᠪᠣᠪᠠ᠃ ᠬᠥᠬᠡᠬᠤᠲᠠ ᠶᠢᠨ ᠭᠤᠤᠯ ᠬᠤᠷᠠᠯ ᠤᠨ ᠲᠠᠯᠠᠪᠠᠶ ᠳᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠪᠠᠴᠢᠮ ᠪᠠᠶᠢᠳᠠᠯ ᠢ ᠠᠷᠭᠠᠴᠠᠭᠠᠬᠤ 21 ᠠᠪᠤᠷᠠᠨ ᠲᠤᠰᠠᠯᠠᠬᠤ ᠠᠩᠭᠢ ᠳᠤ ᠲᠤᠭ ᠣᠯᠭᠤᠵᠤ᠂ ᠠᠪᠤᠷᠠᠨ ᠲᠤᠰᠠᠯᠠᠬᠤ ᠠᠩᠭᠢ ᠶᠢᠨ ᠲᠥᠯᠥᠭᠡᠯᠡᠭᠴᠢ ᠣᠪᠣᠷ ᠢᠶᠠᠨ ᠢᠯᠡᠳᠬᠡᠨ ᠦᠭᠡ ᠬᠡᠯᠡᠪᠡ᠃《 ‍ᠥ᠋ᠬᠦ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠲᠡᠷᠢᠭᠦᠨ ᠤ ᠠᠵᠢᠯᠲᠠᠨ》ᠬᠥᠬᠡᠬᠤᠲᠠ ᠶᠢᠨ ᠢᠦ᠋ᠶ ᠴᠢᠤᠸᠠᠨ ᠲᠣᠭᠤᠷᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ ᠶᠢᠨ ᠳᠠᠷᠤᠭ᠎ᠠ ᠪᠠᠭᠠᠲᠤᠷ ᠠᠮᠤᠷ ᠲᠦᠪᠰᠢᠨ ᠤ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠭᠰᠡᠨ ᠪᠥᠭᠡᠳ ᠲᠠᠩᠭᠠᠷᠢᠭᠯᠠᠪᠠ᠃ ᠡᠭᠦᠨ ᠠᠴᠠ ᠭᠠᠳᠠᠨ᠎ᠠ᠂ ᠲᠤᠬᠠᠶ ᠶᠢᠨ ᠲᠠᠯᠠᠪᠠᠶ ᠳᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠤᠷ᠎ᠠ ᠴᠢᠳᠠᠪᠤᠷᠢ ᠶᠢᠨ ᠤᠷᠤᠯᠳᠤᠭᠠᠨ ᠤ ᠲᠥᠷᠥᠯ ᠵᠦᠶᠯ ᠤᠨ ᠦᠵᠡᠭᠦᠯᠭᠡ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠦᠵᠡᠭᠦᠯᠭᠡ᠂ ᠪᠠᠴᠢᠮ ᠪᠠᠶᠢᠳᠠᠯ ᠢ ᠠᠷᠭᠠᠴᠠᠭᠠᠬᠤ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠵᠡᠷᠭᠡ ᠠᠵᠢᠯᠯᠠᠭ᠎ᠠ ᠥᠷᠨᠢᠭᠦᠯᠪᠡ᠃       ᠪᠦᠬᠦ ᠤᠷᠤᠨ ᠤ 300 ᠭᠠᠷᠤᠢ ᠬᠥᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃

6.3.1.jpg

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号