ᠠᠯᠠᠱᠠ ᠠᠶᠢᠮᠠᠭ ᠠᠶᠤᠯᠭᠦᠶ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠵᠢᠴᠢ ᠠᠭᠤᠷᠬᠠᠶ᠂ ᠠᠶᠤᠯᠲᠠᠶ ᠬᠢᠮᠢ ᠶᠢᠨ ᠪᠣᠳᠠᠰ ᠤᠨ ᠬᠦᠷᠢᠶᠡᠨ ᠳᠠᠬᠢ ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ ᠤᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/6/4
     6 ᠳ᠋ᠤᠭᠠᠷ ᠰᠠᠷ᠎ᠠ ᠶᠢᠨ 3 ᠤ ᠡᠳᠦᠷ᠂ ᠠᠯᠠᠱᠠ ᠠᠶᠢᠮᠠᠭ ᠠᠶᠤᠯᠭᠦᠶ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠵᠢᠴᠢ ᠠᠭᠤᠷᠬᠠᠶ᠂ ᠠᠶᠤᠯᠲᠠᠶ ᠬᠢᠮᠢ ᠶᠢᠨ ᠪᠣᠳᠠᠰ ᠤᠨ ᠬᠦᠷᠢᠶᠡᠨ ᠳᠠᠬᠢ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ  ᠤᠨ ᠠᠩᠭᠢ ᠡᠷᠭᠢᠯᠡᠪᠡ᠃      ᠠᠯᠠᠱᠠ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠬᠤᠷᠠᠯ ᠢ ᠡᠷᠭᠢᠯᠡᠵᠦ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠢᠶᠠᠨ  ᠤ ᠡᠷᠬᠢᠯᠡᠭᠴᠢ ᠸᠠᠩ ᠸᠧᠶ ᠳ᠋ᠦᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ ᠬᠤᠷᠠᠯ ᠳᠤ ᠣᠷᠣᠯᠴᠠᠪᠠ᠃     ᠪᠣᠯᠪᠠᠰᠤᠷᠠᠯ ᠤᠨ ᠠᠩᠭᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ ᠤ ᠤᠤᠯ ᠤᠨ ᠳᠡᠳ᠋ ᠳᠠᠷᠤᠭ᠎ᠠ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠡᠦ ᠶᠠᠨ ᠶᠦᠨ᠂ ᠳᠤᠮᠳᠠᠳᠤ ᠤᠯᠤᠰ ᠤᠨ ᠠᠭᠤᠷᠬᠠᠶ ᠶᠢᠨ ᠠᠮᠤᠷ ᠲᠦᠪᠰᠢᠨ ᠤ ᠰᠢᠨᠵᠢᠯᠡᠭᠡᠨ ᠤ ᠨᠡᠶᠢᠭᠡᠮᠯᠢᠭ ᠤᠨ ᠲᠡᠮᠦᠷᠯᠢᠭ ᠠᠭᠤᠷᠬᠠᠶ ᠶᠢᠨ ᠠᠮᠤᠷ ᠲᠦᠪᠰᠢᠨ ᠤ ᠲᠤᠰᠬᠠᠶ ᠵᠥᠪᠯᠡᠯ ᠤᠨ ᠨᠠᠷᠢᠨ ᠪᠢᠴᠢᠭ ᠤᠨ ᠳᠠᠷᠤᠭ᠎ᠠ ᠯᠢ ᠺᠦᠨ᠂ ᠤᠯᠤᠰ ᠤᠨ ᠠᠭᠤᠷᠬᠠᠶ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶ᠎ᠠ ᠶᠢᠨ ᠤᠤᠯ  ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠱᠠᠩ ᠳ᠋ᠧᠩ ᠶᠢᠩ ᠪᠣᠯᠤᠨ ᠥᠪᠥᠷ ᠮᠣᠩᠭᠤᠯ ᠤᠨ ᠬᠥᠩᠭᠡᠨ ᠬᠢᠮᠢ  ᠶᠢᠨ ᠠᠵᠤ ᠦᠶᠯᠡᠳᠪᠦᠷᠢ ᠶᠢᠨ ᠵᠢᠷᠤᠭ ᠲᠥᠯᠥᠪᠯᠡᠭᠡᠨ ᠤ ᠬᠦᠷᠢᠶᠡᠯᠡᠩ ᠤᠨ ᠭᠠᠷ ᠤᠷᠠᠯᠠᠯ ᠤᠨ ᠭᠠᠵᠠᠷ ᠤᠨ ᠤᠤᠯ  ᠤᠨ ᠳᠠᠷᠤᠭ᠎ᠠ ᠱᠠᠩ ᠬᠠᠶ ᠶᠠᠨ ᠵᠡᠷᠭᠡ ᠳᠥᠷᠪᠡᠨ ᠲᠤᠰᠬᠠᠶ ᠮᠡᠷᠭᠡᠵᠢᠯᠲᠡᠨ  ᠢ ᠦᠵᠡᠵᠤ᠂ 《ᠨᠡᠭᠦᠷᠡᠰᠦᠨ ᠠᠭᠤᠷᠬᠠᠶ  ᠶᠢᠨ ᠠᠶᠤᠯᠭᠦᠶ ᠦᠶᠯᠡᠳᠪᠦᠷᠢᠯᠡᠯ ᠤᠨ ᠳᠦᠷᠢᠮ》᠂《ᠨᠡᠭᠦᠷᠡᠰᠦᠨ ᠤ ᠪᠤᠰᠤ ᠠᠭᠤᠷᠬᠠᠶ ᠶᠢᠨ ᠨᠡᠶᠢᠲᠡᠯᠢᠭ ᠵᠢᠱᠢᠶ᠎ᠡ ᠣᠯᠠᠨ ᠡᠭᠦᠰᠬᠦ ᠠᠳᠡᠯ ᠢ ᠰᠡᠷᠭᠡᠶᠢᠯᠡᠬᠦ ᠵᠢᠷᠠᠨ ᠵᠤᠷᠪᠤᠰ ᠠᠷᠭ᠎ᠠ ᠬᠡᠮᠵᠢᠶ᠎ᠡ》 ᠶᠢ ᠰᠤᠷᠤᠯᠴᠠᠬᠤ ᠶᠢᠨ ᠲᠣᠭᠤᠷᠢᠨ ᠳᠤ᠂ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ᠂ ᠠᠭᠤᠷᠬᠠᠶ ᠶᠢᠨ ᠠᠶᠤᠯᠭᠦᠶ  ᠶᠢᠨ ᠬᠢᠨᠠᠯᠲᠠ ᠬᠠᠮᠢᠶᠠᠷᠤᠯᠲᠠ ᠶᠢᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠭᠤᠤᠯᠳᠠᠯᠭ᠎ᠠ  ᠪᠠᠷ ᠪᠤᠯᠭᠠᠨ ᠪᠣᠯᠪᠠᠰᠤᠷᠠᠯ ᠳᠤ ᠣᠷᠣᠯᠴᠠᠬᠤ ᠬᠥᠮᠦᠰ ᠲᠤ ᠰᠢᠰᠲ᠋ᠧᠮ ᠲᠠᠢ᠂ ᠪᠦᠬᠦ ᠲᠠᠯ᠎ᠠ  ᠶᠢᠨ᠂ ᠲᠤᠰᠬᠠᠶ ᠮᠡᠷᠭᠡᠵᠢᠯ ᠤᠨ ᠬᠠᠪᠰᠤᠷᠤᠨ ᠵᠢᠯᠣᠭᠤᠳᠤᠯᠭ᠎ᠠ ᠬᠢᠵᠠᠢ᠃     ᠠᠯᠠᠱᠠ ᠠᠶᠢᠮᠠᠭ ᠤᠨ ᠡᠯ᠎ᠡ ᠬᠤᠰᠢᠭᠤ ᠲᠣᠭᠤᠷᠢᠭ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠠᠶᠢᠮᠠᠭ᠂ ᠬᠤᠰᠢᠭᠤ ( ᠲᠣᠭᠤᠷᠢᠭ ) ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠡᠨᠧᠷᠭᠢ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠬᠠᠮᠢᠶ᠎ᠠ ᠪᠥᠬᠦᠶ ᠡᠭᠦᠷᠭᠡ ᠴᠢᠳᠠᠪᠬᠢᠳᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠵᠢᠴᠢ ᠪᠥᠬᠦ ᠠᠶᠢᠮᠠᠭ ᠤᠨ ᠭᠤᠤᠯᠳᠠᠯᠭ᠎ᠠ ᠲᠠᠢ ᠨᠡᠭᠦᠷᠡᠰᠦᠨ ᠠᠭᠤᠷᠬᠠᠶ᠂ ᠨᠡᠭᠦᠷᠡᠰᠦᠨ ᠤ ᠪᠤᠰᠤ ᠠᠭᠤᠷᠬᠠᠶ ᠪᠣᠯᠤᠨ ᠠᠶᠤᠯᠲᠠᠶ ᠬᠢᠮᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠪᠠᠰᠤᠷᠠᠯ ᠤᠨ ᠠᠩᠭᠢ ᠳᠤ ᠣᠷᠣᠯᠴᠠᠪᠠ᠃      ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠵᠤ᠂ ᠡᠯ᠎ᠡ ᠬᠤᠰᠢᠭᠤ ᠲᠣᠭᠤᠷᠢᠭ ᠲᠤ ᠬᠤᠪᠢᠶᠠᠷᠢ ᠬᠤᠷᠠᠯ  ᠤᠨ ᠲᠠᠯᠠᠪᠠᠢ ᠲᠤᠬᠢᠷᠠᠭᠤᠯᠵᠠᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号