| ᠰᠢᠨᠬᠤᠸᠠ ᠬᠤᠷᠢᠶ᠎ᠠ ᠶᠢᠨ ᠭᠦᠭᠡᠬᠤᠲᠠ ᠶᠢᠨ 5 ᠰᠠᠷ᠎ᠠ ᠶᠢᠨ 31 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠳᠡᠳ᠋ ᠶᠡᠷᠦᠩᠬᠡᠢ ᠰᠠᠶᠢᠳ ᠾᠧ ᠯᠢ ᠹᠧᠩ 30 ᠠᠴᠠ 31 ᠤ ᠡᠳᠦᠷ ᠪᠤᠯᠲᠠᠯ᠎ᠠ ᠥᠪᠥᠷ ᠮᠣᠩᠭᠤᠯ ᠳᠤ ︽ᠤᠮᠠᠷᠠᠲᠤ | ᠶᠢᠨ ᠭᠤᠷᠪᠠᠨ ᠣᠷᠣᠨ︾ ᠵᠡᠷᠭᠡ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠾᠧ ᠯᠢ ᠹᠧᠩ᠂ ᠶᠡᠷᠦᠩᠬᠡᠢ ᠱᠦᠵᠢ ᠰᠢ ᠶᠢᠨ ᠫᠢᠩ ᠤᠨ | ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ | ︾ ᠵᠡᠷᠭᠡ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ | ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠭᠤᠰᠢᠯᠠᠭᠤᠯᠵᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ | ᠤᠶᠠᠯᠳᠤᠭᠤᠯᠬᠤ ᠶᠢ ᠪᠠᠷᠢᠮᠲᠠᠯᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠡᠭᠦᠨ ᠬᠡᠰᠡᠭ | ᠤᠨ ᠣᠷᠣᠨ ᠤ ᠰᠥᠨᠥᠭᠡᠯᠲᠡ ᠶᠢᠨ ᠳᠠᠶᠢᠯᠠᠯᠳᠤᠭᠠᠨ ᠢ ᠪᠦᠭᠦ ᠬᠦᠴᠦ ᠪᠠᠷ ᠢᠶᠠᠨ ᠰᠠᠶᠢᠲᠤᠷ ᠬᠢᠵᠦ᠂ ᠮᠠᠨ ᠤ | ᠤᠯᠤᠰ ᠤᠨ ᠤᠮᠠᠷᠠᠲᠤ ᠶᠢᠨ ᠨᠣᠮᠢᠨ ᠨᠣᠭᠤᠭᠠᠨ ᠤᠷᠳᠤ ᠴᠠᠭᠠᠨ ᠬᠡᠷᠡᠮ ᠪᠣᠯᠣᠨ ᠠᠮᠢ ᠠᠬᠤᠢ ᠶᠢᠨ ᠠᠮᠤᠷ ᠲᠦᠪᠰᠢᠨ | ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠾᠧ ᠯᠢ ᠹᠧᠩ ᠤᠷᠢᠳ ᠬᠤᠵᠢᠳ ᠥᠪᠥᠷ ᠮᠣᠩᠭᠤᠯ ᠤᠨ ᠣᠩᠨᠢᠭᠤᠳ ᠬᠤᠰᠢᠭᠤᠨ ᠤ ᠪᠣᠷᠣᠬᠤᠲᠠ | ᠪᠠᠯᠭᠠᠰᠤᠨ ᠤ ᠴᠡᠭᠡᠨ ᠠᠴᠠ ᠪᠠᠶᠠᠨᠬᠤᠰᠢᠭᠤ ᠬᠦᠷᠬᠦ ᠵᠠᠮ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠣᠷᠣᠨ᠂ ᠬᠡᠰᠢᠭᠲᠡᠨ ᠬᠤᠰᠢᠭᠤᠨ ᠤ ᠤᠯᠠᠭᠠᠨᠪᠤᠳᠤᠩ ᠰᠤᠮᠤ ᠶᠢᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ | ᠭᠠᠵᠠᠷ ᠤᠨ ᠡᠮᠦᠨ᠎ᠡ ᠵᠠᠬ᠎ᠠ ᠶᠢᠨ ᠵᠠᠰᠠᠯᠲᠠ ᠶᠢᠨ ᠣᠷᠣᠨ ᠳᠤ ᠬᠦᠷᠴᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ | ᠲᠠᠷᠬᠠᠯᠲᠠ᠂ ᠡᠯᠡᠰᠦ ᠶᠢ ᠵᠠᠰᠠᠬᠤ ᠵᠠᠭᠪᠤᠷ᠂ ᠢᠨᠵᠧᠨᠧᠷᠢᠩ ᠤᠨ ᠮᠡᠷᠭᠡᠵᠢᠯ ᠤᠨ ᠠᠷᠭ᠎ᠠ ᠬᠡᠮᠵᠢᠶ᠎ᠡ᠂ ᠣᠶ ᠰᠢᠭᠤᠢ | ᠡᠪᠡᠰᠦ ᠪᠡᠯᠴᠢᠭᠡᠷ ᠤᠨ ᠠᠮᠢ ᠠᠬᠤᠢ ᠶᠢᠨ ᠤᠰᠤ ᠬᠡᠷᠡᠭᠯᠡᠬᠦ ᠬᠠᠩᠭᠠᠯᠭ᠎ᠠ᠂ ᠠᠮᠢ ᠠᠬᠤᠢ ᠶᠢᠨ ᠠᠵᠤ ᠦᠢᠯᠡᠰ ᠤᠨ | ᠬᠥᠭᠵᠢᠯᠲᠡ ᠵᠡᠷᠭᠡ ᠪᠠᠶᠢᠳᠠᠯ ᠵᠢᠴᠢ ᠠᠵᠢᠯ ᠤᠨ ᠳᠤᠮᠳᠠ ᠲᠤᠯᠭᠠᠷᠠᠵᠤ ᠪᠠᠶᠢᠭ᠎ᠠ ᠭᠤᠣᠯ ᠠᠰᠠᠭᠤᠳᠠᠯ ᠢ ᠭᠦᠨᠵᠡᠭᠡᠢ | ᠣᠶᠢᠯᠠᠭᠠᠬᠤ ᠶᠢᠨ ᠬᠠᠮᠲᠤ᠂ ᠵᠠᠮ ᠢᠶᠠᠷ ᠢᠶᠠᠨ ᠾᠧᠪᠧᠢ ᠶᠢᠨ ᠸᠧᠢ ᠴᠠᠩ ᠰᠢᠶᠠᠨ ᠤ ᠠᠭᠤᠯᠠ ᠤᠰᠤ ᠣᠶ ᠮᠣᠳᠣ | ᠭᠠᠵᠠᠷ ᠲᠠᠷᠢᠶ᠎ᠠ ᠨᠠᠭᠤᠷ ᠪᠦᠷᠢᠳᠦ ᠶᠢ ᠶᠡᠷᠦᠩᠬᠡᠶᠢᠯᠡᠨ ᠵᠠᠰᠠᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠳᠤ | ᠪᠠᠶᠢᠴᠠᠭᠠᠨ ᠰᠤᠳᠤᠯᠤᠯᠲᠠ ᠬᠢᠵᠡᠢ᠃ | ᠾᠧ ᠯᠢ ᠹᠧᠩ᠂ ᠨᠢᠳᠤᠨᠤᠨ ᠤ 6 ᠰᠠᠷ᠎ᠠ ᠶᠢᠨ 6 ᠤ ᠡᠳᠦᠷ ᠶᠡᠷᠦᠩᠬᠡᠢ ᠱᠦᠵᠢ ᠰᠢ ᠶᠢᠨ ᠫᠢᠩ ︽ᠤᠮᠠᠷᠠᠲᠤ | ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠰᠥᠨᠥᠭᠡᠯᠲᠡ ᠶᠢᠨ | ᠳᠠᠶᠢᠯᠠᠯᠳᠤᠭᠠᠨ᠂ ᠬᠤᠷᠢᠭᠯᠠᠯᠲᠠ ᠶᠢᠨ ᠳᠠᠶᠢᠯᠠᠯᠳᠤᠭᠠᠨ ᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠤ ᠶᠡᠷᠦᠩᠬᠡᠢ ᠳᠠᠶᠢᠴᠢᠯᠠᠯᠲᠠ ᠶᠢᠨ ᠵᠠᠷᠯᠢᠭ ᠢ ᠪᠠᠭᠤᠯᠭᠠᠭᠰᠠᠨ ᠠᠴᠠ ᠨᠠᠭᠠᠰᠢ᠂ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠢᠨᠵᠧᠨᠧᠷᠢᠩ ᠤᠨ ᠰᠠᠶᠢᠨ ᠰᠠᠶᠢᠬᠠᠨ ᠡᠭᠢᠯᠡᠯᠲᠡ ᠲᠠᠢ ᠪᠤᠯᠬᠤ ᠶᠢ ᠠᠬᠢᠭᠤᠯᠪᠠ᠃ ᠡᠭᠦᠨ ᠤ | ᠵᠡᠷᠭᠡ ᠪᠠᠷ᠂ ᠮᠠᠨ ᠤ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠶ ᠶᠡᠭᠡ᠂ ᠲᠠᠷᠬᠠᠯᠲᠠ ᠥᠷᠭᠡᠨ᠂ | ᠬᠡᠮᠵᠢᠶ᠎ᠡ ᠬᠦᠨᠳᠦ᠂ ᠵᠠᠰᠠᠬᠤ ᠳᠤ ᠬᠦᠴᠢᠷᠲᠡᠢ ᠪᠠᠶᠢᠬᠤ ᠦᠨᠳᠦᠰᠦᠨ ᠪᠠᠶᠢᠳᠠᠯ ᠢ ᠬᠠᠷᠠᠬᠠᠨ ᠦᠨᠳᠦᠰᠦᠨ ᠠᠴᠠ ᠨᠢ | ᠬᠤᠪᠢᠷᠠᠭᠤᠯᠤᠭᠠᠳᠤᠢ ᠪᠠᠶᠢᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠪᠠᠶᠢᠳᠠᠯ ᠮᠥᠨ ᠬᠦ | ᠬᠦᠨᠳᠦ ᠨᠣᠴᠢᠲᠠᠢ ᠪᠠᠶᠢᠬᠤ ᠶᠢ ᠣᠯᠵᠤ ᠦᠵᠡᠬᠦ ᠬᠡᠷᠡᠭᠲᠡᠢ᠃ ᠨᠣᠭᠤᠭᠠᠷᠠᠭᠤᠯᠤᠯᠲᠠ ᠶᠢ ᠥᠷᠭᠡᠳᠬᠡᠬᠦ᠂ | ᠨᠣᠭᠤᠭᠠᠷᠠᠭᠤᠯᠤᠯᠲᠠ ᠶᠢ ᠬᠥᠭᠵᠢᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡ ᠪᠠᠷ ᠠᠳᠬᠤᠬᠤ ᠶᠢ | ᠪᠠᠷᠢᠮᠲᠠᠯᠠᠵᠤ᠂ ︽ᠤᠰᠤᠨ ᠴᠥᠭᠦᠷᠥᠮ᠂ ᠵᠣᠭᠤᠰᠤᠨ ᠤ ᠬᠥᠮᠥᠷᠭᠡ᠂ ᠠᠮᠤ ᠪᠤᠳᠠᠭᠠᠨ ᠤ ᠬᠥᠮᠥᠷᠭᠡ᠂ | ᠨᠡᠭᠦᠷᠡᠰᠦᠲᠥ᠋ᠷᠥᠭᠴᠢ ᠶᠢᠨ ᠬᠥᠮᠥᠷᠭᠡ︾ ᠶᠢᠨ ᠬᠤᠯᠪᠤᠭᠠᠯᠠᠨ ᠬᠥᠳᠡᠯᠦᠯᠴᠡᠵᠦ᠂ ︽ᠤᠮᠠᠷᠠᠲᠤ ᠶᠢᠨ ᠭᠤᠷᠪᠠᠨ ᠣᠷᠣᠨ︾ | ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠲᠠᠰᠤᠷᠠᠯᠳᠠ ᠦᠭᠡᠢ ᠰᠢᠨ᠎ᠡ ᠠᠬᠢᠴᠠ ᠲᠠᠢ | ᠪᠤᠯᠬᠤ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠶᠢ ᠣᠨᠣᠴᠠᠲᠠᠢ ᠡᠵᠡᠮᠳᠡᠵᠦ᠂ ᠪᠡᠯᠡ ᠮᠥᠩᠭᠦ᠂ | ᠤᠰᠤ ᠬᠡᠷᠡᠭᠯᠡᠬᠦ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠰᠢᠯᠢᠳᠡᠭ ᠰᠠᠶᠢᠨ ᠮᠣᠳᠣᠨ ᠤ | ᠲᠦᠷᠦᠯ ᠡᠪᠡᠰᠦᠨ ᠤ ᠲᠦᠷᠦᠯ ᠤᠨ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ᠂ ᠭᠡᠷᠡᠯᠴᠢ ᠴᠡᠨᠡᠭ ᠢᠶᠠᠷ | ᠡᠯᠡᠰᠦ ᠶᠢ ᠵᠠᠰᠠᠬᠤ ᠵᠡᠷᠭᠡ ᠪᠦᠲᠦᠮᠵᠢᠲᠡᠢ ᠵᠠᠰᠠᠯᠲᠠ ᠶᠢᠨ ᠵᠠᠭᠪᠤᠷ ᠢ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠳᠡᠯᠭᠡᠷᠡᠭᠦᠯᠵᠦ᠂ ᠨᠢᠭᠡᠨᠲᠡ ᠣᠯᠣᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠬᠦ ᠶᠢ ᠰᠠᠶᠢᠲᠤᠷ | ᠠᠳᠬᠤᠵᠤ᠂ ᠦᠷ᠎ᠡ ᠪᠦᠲᠦᠭᠡᠯ ᠢᠶᠠᠨ ᠦᠷᠭᠦᠯᠵᠢᠯᠡᠨ ᠥᠷᠭᠡᠳᠬᠡᠬᠦ ᠬᠡᠷᠡᠭᠲᠡᠢ᠃ ᠠᠮᠢ ᠠᠬᠤᠢ ᠶᠢᠨ ᠠᠵᠤ | ᠦᠢᠯᠡᠰ ᠤᠨ ᠬᠥᠭᠵᠢᠯᠲᠡ ᠶᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠦᠢᠯᠡᠳᠬᠦᠨ ᠤ ᠦᠷᠳᠡᠭ ᠢ | ᠪᠡᠶᠡᠯᠡᠭᠦᠯᠬᠦ ᠲᠣᠭᠲᠠᠴᠠ ᠪᠣᠯᠣᠨ ᠬᠥᠨᠳᠡᠯᠡᠨ ᠴᠢᠭᠯᠡᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠪᠣᠯᠣᠨ | ᠰᠠᠶᠢᠬᠠᠨᠳᠠᠪᠠᠭ᠎ᠠ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠨᠡᠮᠡᠷᠢᠯᠡᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠾᠧ ᠯᠢ ᠹᠧᠩ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ | ᠪᠠᠨ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ ᠲᠤᠯᠭᠠᠭᠤᠷᠢᠯᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠯᠣᠭᠤᠳᠤᠯᠭ᠎ᠠ ᠪᠠ ᠳᠡᠮᠵᠢᠯᠭᠡ ᠶᠢ ᠴᠢᠩᠭᠠᠳᠬᠠᠬᠤ | ᠬᠡᠷᠡᠭᠲᠡᠢ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠤ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠡᠭᠦᠷᠭᠡᠯᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ | ᠣᠷᠣᠨ ᠪᠦᠰᠡ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ ᠴᠢᠩᠭᠠᠳᠬᠠᠬᠤ ᠬᠡᠷᠡᠭᠲᠡᠢ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠳ ᠪᠡᠯᠡ ᠮᠥᠩᠭᠦ᠂ ᠬᠠᠮᠢᠶᠠᠷᠤᠯᠲᠠ᠂ ᠮᠡᠷᠭᠡᠵᠢᠯ ᠵᠡᠷᠭᠡ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ | ᠳᠤ ᠢᠳᠡᠪᠬᠢᠲᠡᠢ ᠣᠷᠤᠯᠴᠠᠬᠤ ᠬᠡᠷᠡᠭᠲᠡᠢ ᠭᠡᠵᠦ ᠱᠠᠭᠠᠷᠳᠠᠪᠠ᠃ | |