ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠣᠳᠣᠬᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠤᠨ ᠪᠥᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠲᠣᠬᠢᠷᠠᠭᠤᠯᠤᠨ ᠠᠬᠢᠭᠤᠯᠬᠤ ᠲᠤᠬᠠᠶ ᠪᠠᠶᠢᠷᠢᠯᠠᠭᠤᠯᠤᠯᠲᠠ ᠬᠢᠪᠠ
ᠨᠡᠶᠢᠲᠡᠯᠡᠭᠰᠡᠨ ᠴᠠᠭ᠄
2024/7/10
    7 ᠰᠠᠷ᠎ᠠ ᠶᠢᠨ 4 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠶ ᠦᠢᠯᠡᠳᠪᠦᠷᠢᠯᠡᠯ  ᠤᠨ ᠵᠥᠪᠯᠡᠯ ᠤᠨ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠪᠥᠬᠦ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠵᠢᠴᠢ ᠪᠥᠬᠦ ᠤᠯᠤᠰ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠤᠨ ᠪᠥᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠲᠣᠬᠢᠷᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠰᠠᠶᠢᠳ ᠸᠠᠩ ᠰᠢᠶᠠᠩ ᠰᠢ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ︽ᠴᠠᠭ ᠢᠮᠠᠭᠲᠠ ᠰᠡᠳᠬᠢᠯ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠣᠯᠤᠨ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠬᠦᠴᠦᠨ ᠢᠶᠠᠷ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠭᠠᠮᠰᠢᠭ ᠤᠨ ᠪᠠᠶᠢᠳᠠᠯ ᠢ ᠬᠦᠴᠦᠲᠡᠶ ᠰᠢᠢᠳᠪᠦᠷᠢᠯᠡᠵᠤ᠂ ᠪᠥᠬᠦ ᠤᠯᠤᠰ ᠤᠨ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂  ᠵᠢᠯ ᠤᠨ ᠡᠬᠢᠨ ᠳᠤ ᠭᠠᠷᠤᠭᠰᠠᠨ ᠬᠦᠨᠳᠦ ᠣᠨᠴᠠ ᠶᠡᠭᠡ ᠠᠳᠡᠯ ᠪᠣᠯᠤᠨ ᠭᠠᠮᠰᠢᠭ ᠲᠥᠪᠯᠡᠷᠡᠭᠰᠡᠨ ᠬᠦᠨᠳᠦ ᠨᠣᠴᠢᠲᠠᠶ ᠪᠠᠶᠢᠳᠠᠯ ᠤᠨ ᠡᠮᠦᠨ᠎ᠡ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠨᠢᠭᠡᠴᠢ ᠶᠢᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠠᠶᠤᠯᠭᠦᠶ ᠦᠢᠯᠡᠳᠪᠦᠷᠢᠯᠡᠯ  ᠤᠨ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠭᠤᠷᠬᠠᠶ ᠶᠢᠨ ᠠᠮᠤᠷ ᠲᠦᠪᠰᠢᠨ ᠤ 8 ᠬᠠᠲᠠᠭᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠠᠰᠠᠭᠤᠳᠠᠯ ᠢ ᠲᠥᠪᠯᠡᠷᠡᠭᠦᠯᠦᠨ ᠠᠷᠢᠯᠭᠠᠬᠤ ᠶᠢ ᠬᠦᠴᠦᠲᠡᠶ ᠠᠬᠢᠭᠤᠯᠵᠤ᠂ ᠠᠶᠤᠯ ᠶᠡᠬᠡᠲᠡᠶ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠨᠳᠦ ᠶᠡᠭᠡ ᠬᠡᠮ ᠰᠣᠭᠤᠭ ᠢ ᠠᠷᠢᠯᠭᠠᠬᠤ ᠶᠢ ᠠᠬᠢᠭᠤᠯᠵᠤ᠂ ᠪᠠᠶᠢᠭᠠᠯᠢ ᠶᠢᠨ ᠭᠠᠮᠰᠢᠭ ᠢ ᠬᠦᠴᠦᠲᠡᠶ ᠠᠷᠭᠠᠴᠠᠭᠠᠵᠤ᠂ ᠰᠠᠨᠠᠭᠠᠴᠢᠯᠠᠭᠠᠲᠤ ᠪᠤᠰᠤ ᠪᠠᠶᠢᠳᠠᠯ ᠢ ᠪᠦᠲᠦᠮᠵᠢᠲᠡᠶ ᠬᠤᠪᠢᠷᠠᠭᠤᠯᠪᠠ᠃ ᠡᠭᠦᠨ ᠤ ᠬᠠᠮᠲᠤ ᠂ ᠣᠳᠣᠬᠠᠨ ᠳᠤ ᠪᠥᠬᠦ ᠤᠯᠤᠰ ᠨᠢᠭᠡᠨᠲᠡ ᠵᠣᠨ ᠤ ᠠᠮᠠᠷᠠᠯᠲᠠ ᠶᠢᠨ ᠬᠤᠭᠤᠴᠠᠭᠠᠨ ᠤ ᠦᠶᠡᠷ ᠤᠨ ᠬᠤᠭᠤᠴᠠᠭᠠᠨ ᠳᠤ ᠪᠥᠬᠦ ᠲᠠᠯ᠎ᠠ ᠪᠠᠷ ᠣᠷᠣᠵᠤ᠂ ᠠᠮᠤᠷ ᠲᠦᠪᠰᠢᠨ ᠤ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ ᠭᠡᠳᠡᠭ ᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠃ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠲᠤᠯᠭᠠᠮ ᠪᠤᠳᠤᠯ ᠢᠶᠠᠨ ᠦᠨᠡᠨ ᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠬᠠᠮᠠᠭᠠᠯᠠᠵᠤ᠂ ᠪᠣᠳᠠᠲᠤ ᠠᠵᠢᠯᠯᠠᠭ᠎ᠠ ᠪᠣᠯᠤᠨ ᠪᠣᠳᠠᠲᠠᠢ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃    ᠬᠤᠷᠠᠯ ᠠᠴᠠ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠢᠩᠭ᠎ᠠ ᠰᠡᠷᠭᠡᠶᠢᠯᠡᠨ ᠡᠵᠡᠮᠳᠡᠵᠦ᠂ ᠬᠦᠨᠳᠦ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠰᠢᠯᠤᠭᠤᠳᠬᠠᠬᠤ ᠪᠠ ᠬᠤᠷᠢᠭᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠠᠮᠤᠷ ᠲᠦᠪᠰᠢᠨ ᠤ ᠬᠡᠮ ᠰᠣᠭᠤᠭ ᠤᠨ ᠪᠥᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠦᠢᠯᠡᠳᠪᠦᠷᠢᠯᠡᠵᠤ ᠪᠣᠷᠣᠯᠠᠭᠤᠯᠬᠤ ᠪᠣᠭᠤᠮᠲᠠ ᠶᠢ ᠴᠢᠩᠭ᠎ᠠ ᠰᠠᠬᠢᠵᠤ᠂ ᠲᠠᠯᠪᠢᠬᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠳᠤ ᠴᠢᠩᠭ᠎ᠠ ᠴᠣᠬᠢᠯᠲᠠ ᠥᠭᠴᠦ᠂ ᠬᠠᠶᠠᠭᠳᠠᠮᠠᠯ ᠢ ᠪᠤᠴᠠᠭᠠᠨ ᠬᠤᠷᠢᠶᠠᠬᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠪᠠ ᠣᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠴᠡᠭᠴᠡᠯᠡᠨ ᠵᠠᠰᠠᠬᠤ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠶ᠃ ᠵᠣᠨ ᠤ ᠠᠮᠠᠷᠠᠯᠲᠠ ᠶᠢᠨ ᠬᠤᠭᠤᠴᠠᠭᠠᠨ ᠤ ᠦᠶᠡᠷ ᠤᠨ ᠬᠤᠭᠤᠴᠠᠭᠠᠨ ᠤ ᠣᠨᠴᠠᠯᠢᠭ ᠢ ᠳᠣᠪᠤᠶᠢᠯᠭᠠᠵᠤ᠂ ᠠᠶᠤᠯ ᠶᠡᠬᠡᠲᠡᠶ ᠠᠵᠢᠯ ᠲᠥᠷᠥᠯ ᠤᠨ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠵᠦ᠂ ᠠᠭᠤᠷᠬᠠᠶ᠂ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠢ ᠴᠢᠩᠭ᠎ᠠ ᠠᠳᠬᠤᠨ ᠪᠣᠳᠠᠲᠠᠶ ᠠᠳᠬᠤᠵᠤ᠂ ᠠᠵᠤ ᠦᠢᠯᠡᠳᠪᠦᠷᠢ ᠠᠷᠠᠯᠵᠢᠶᠠᠨ ᠤ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠪᠠᠷᠢᠯᠭ᠎ᠠ ᠪᠠᠷᠢᠬᠤ᠂ ᠵᠢᠭᠠᠰᠤᠨ ᠣᠩᠭᠤᠴᠠ᠂ ᠰᠢᠲᠠᠮᠠᠬᠠᠶ ᠬᠡᠶ᠂ ᠣᠨᠴᠠ ᠲᠥᠷᠥᠯ ᠤᠨ ᠲᠥᠬᠦᠭᠡᠷᠦᠮᠵᠢ ᠵᠡᠷᠭᠡ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠴᠢᠩᠭᠠᠳᠬᠠᠵᠤ᠂ ᠶᠡᠭᠡ ᠶᠠᠪᠤᠳᠠᠯ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠥᠷᠥᠯ ᠤᠨ ᠦᠵᠡᠮᠵᠢ ᠶᠢᠨ ᠣᠷᠣᠨ᠂ ᠠᠶᠤᠯ ᠲᠦᠭᠰᠢᠭᠦᠷᠢ ᠶᠡᠬᠡᠲᠡᠶ ᠵᠢᠭᠤᠯᠴᠢᠯᠠᠯ ᠤᠨ ᠲᠥᠷᠥᠯ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠬᠤᠶᠠᠷ ᠠᠶᠠᠨᠴᠢᠨ ᠨᠢᠭᠡ ᠠᠶᠤᠯᠲᠠᠶ︾ ᠵᠡᠷᠭᠡ ᠭᠤᠤᠯᠳᠠᠯᠭ᠎ᠠ ᠲᠠᠢ ᠲᠡᠷᠭᠡ ᠬᠥᠰᠬᠡ ᠶᠢᠨ ᠬᠠᠤᠯᠢ ᠬᠡᠷᠡᠭᠵᠢᠭᠦᠯᠦᠯᠲᠡ ᠪᠠ ᠪᠠᠷᠠᠭᠠᠨ ᠤ ᠲᠡᠷᠭᠡ ᠶᠢᠨ ᠲᠠᠷᠢᠶᠠᠯᠠᠩ ᠳᠤ ᠬᠡᠷᠡᠭᠯᠡᠬᠦ ᠲᠡᠷᠭᠡ ᠶᠢᠨ ᠬᠠᠤᠯᠢ ᠪᠤᠰᠤ ᠪᠠᠷ ᠬᠥᠮᠦᠨ ᠰᠠᠭᠤᠯᠭᠠᠬᠤ ᠵᠠᠰᠠᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠠᠳᠡᠯ ᠢ ᠴᠢᠩᠭ᠎ᠠ ᠰᠡᠷᠭᠡᠶᠢᠯᠡᠨ ᠡᠵᠡᠮᠳᠡᠬᠦ ᠬᠡᠷᠡᠭᠲᠡᠶ᠃    ᠬᠤᠷᠠᠯ ᠠᠴᠠ᠂ ᠦᠷᠭᠦᠯᠵᠢᠯᠡᠨ ᠬᠦᠴᠦᠯᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠬᠤ ᠬᠡᠷᠡᠭᠲᠡᠢ᠃ ᠬᠦᠨᠳᠦ ᠶᠡᠭᠡ ᠳᠠᠯᠳᠠ ᠬᠡᠮ ᠢ ᠠᠷᠢᠯᠭᠠᠬᠤ ᠠᠵᠢᠯ ᠢ ᠦᠷᠭᠦᠯᠵᠢᠯᠡᠨ ᠬᠦᠴᠦᠯᠡᠨ ᠠᠬᠢᠭᠤᠯᠵᠤ᠂ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠤᠯᠠᠮ ᠴᠢᠨᠠᠭᠰᠢᠳᠠ ᠰᠠᠶᠢᠲᠤᠷ ᠵᠣᠬᠢᠶᠠᠨ ᠪᠠᠶᠢᠭᠤᠯᠤᠨ ᠰᠠᠶᠢᠲᠤᠷ ᠰᠤᠷᠤᠯᠴᠠᠵᠤ ᠰᠠᠶᠢᠲᠤᠷ ᠬᠡᠷᠡᠭᠯᠡᠵᠦ᠂ ᠬᠦᠨᠳᠦ ᠶᠡᠭᠡ ᠠᠶᠤᠯ ᠲᠦᠭᠰᠢᠭᠦᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠨᠳᠦ ᠣᠨᠴᠠ ᠶᠡᠭᠡ ᠠᠳᠡᠯ ᠢ ᠲᠣᠪᠤᠶᠢᠮ᠎ᠠ ᠬᠤᠷᠢᠭᠯᠠᠵᠤ᠂ ᠦᠨᠡᠨ ᠬᠦ ᠭᠦᠨᠵᠡᠭᠡᠶ ᠨᠠᠷᠢᠯᠢᠭ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠵᠣᠷᠢᠭᠤᠳᠠ ᠬᠦᠴᠦᠨ ᠵᠦᠢᠯ ᠤᠨ ︽ᠪᠠᠭᠤᠷᠠᠶ ᠲᠠᠯ᠎ᠠ︾ ᠶᠢ ᠬᠦᠴᠦ ᠣᠷᠣᠭᠤᠯᠤᠨ ᠰᠢᠢᠳᠪᠦᠷᠢᠯᠡᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠪᠣᠯᠤᠨ ᠠᠵᠢᠯ ᠡᠷᠭᠢᠯᠡᠭᠰᠡᠳ ᠲᠤ ᠠᠮᠤᠷ ᠲᠦᠪᠰᠢᠨ ᠤ ᠪᠣᠯᠪᠠᠰᠤᠷᠠᠭᠤᠯᠤᠯ ᠥᠷᠨᠢᠭᠦᠯᠵᠦ᠂ ᠣᠨᠴᠠ ᠲᠥᠷᠥᠯ ᠤᠨ ᠠᠵᠢᠯ ᠬᠢᠭᠰᠡᠳ ᠢ ᠴᠢᠩᠭ᠎ᠠ ᠬᠠᠮᠢᠶᠠᠷᠤᠨ᠂ ᠰᠢᠯᠭᠠᠯᠲᠠ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠭᠤᠷᠮᠠᠭ ᠦᠨᠡᠮᠯᠡᠯ ᠤᠨ ᠡᠷᠦᠶ ᠬᠤᠷᠤᠶ ᠥᠬᠡᠶ ᠦᠵᠡᠭᠳᠡᠯ ᠢ ᠡᠷᠡᠰ ᠴᠡᠭᠴᠡᠯᠡᠨ ᠵᠠᠰᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠰᠠᠭᠤᠷᠢ ᠲᠥᠬᠦᠭᠡᠷᠦᠮᠵᠢ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠲᠦᠷᠭᠡᠨ ᠬᠡᠷᠡᠭᠵᠢᠭᠦᠯᠵᠦ᠂ ᠨᠡᠭᠦᠷᠡᠰᠦᠨ ᠠᠭᠤᠷᠬᠠᠢ ᠶᠢᠨ ᠭᠦᠨ ᠬᠡᠰᠡᠭ ᠲᠤ ᠮᠠᠯᠲᠠᠬᠤ᠂ ᠬᠢᠮᠢ ᠶᠢᠨ ᠠᠵᠤ ᠦᠢᠯᠡᠳᠪᠦᠷᠢ ᠶᠢᠨ ᠲᠤᠨᠤᠭ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ᠂ ᠠᠮᠢ ᠨᠠᠰᠤᠨ ᠤ ᠨᠡᠪᠲᠡᠷᠡᠬᠦ ᠵᠠᠮ ᠢ ᠨᠡᠪᠲᠡᠷᠡᠭᠦᠯᠬᠦ ᠵᠡᠷᠭᠡ ᠭᠤᠣᠯᠳᠠᠯᠭ᠎ᠠ ᠲᠠᠢ ᠡᠭᠦᠷᠭᠡ ᠶᠢ ᠲᠤᠪᠤᠶᠢᠯᠭᠠᠨ ᠰᠠᠶᠢᠲᠤᠷ ᠠᠳᠬᠤᠵᠤ᠂ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠬᠤᠭᠤᠯᠠᠢ᠂ ᠬᠠᠭᠤᠴᠢᠨ ᠪᠠᠷᠢᠯᠭ᠎ᠠ ᠶᠢᠨ ᠭᠠᠯ ᠰᠡᠷᠭᠡᠶᠢᠯᠡᠬᠦ ᠲᠥᠬᠦᠭᠡᠷᠦᠮᠵᠢ ᠶᠢ ᠲᠡᠰ ᠳᠡᠪᠰᠢᠭᠦᠯᠦᠨ ᠥᠭᠡᠷᠡᠴᠢᠯᠡᠨ ᠰᠠᠶᠢᠵᠢᠷᠠᠭᠤᠯᠬᠤ ᠵᠡᠷᠭᠡ ᠪᠠᠴᠢᠮ ᠬᠡᠷᠡᠭᠰᠡᠬᠦ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠵᠤ᠂ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠶᠤᠯᠭᠦᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ᠃    ᠬᠤᠷᠠᠯ ᠠᠴᠠ᠂ ᠠᠶᠤᠯ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠰᠢᠯᠵᠢᠭᠦᠯᠦᠨ ᠠᠶᠤᠯ ᠠᠴᠠ ᠵᠠᠶᠢᠯᠠᠭᠤᠯᠬᠤ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠡᠷᠡᠮᠵᠢᠯᠡᠭᠦᠯᠬᠦ ᠶᠢ ︽ᠳᠠᠭᠤᠳᠠᠬᠤ︾ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠦᠨᠳᠦᠰᠦᠨ ᠱᠠᠲᠤ ᠶᠢ ᠵᠢᠯᠣᠭᠤᠳᠤᠨ ᠰᠢᠯᠵᠢᠭᠦᠯᠦᠨ ᠠᠶᠤᠯ ᠠᠴᠠ ᠵᠠᠶᠢᠯᠠᠭᠤᠯᠬᠤ ᠵᠠᠩᠭᠢᠯᠠᠭ᠎ᠠ ᠶᠢᠨ ᠭᠤᠭᠴᠤᠭ᠎ᠠ ᠶᠢᠨ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠢᠯᠵᠢᠭᠦᠯᠬᠦ ᠶᠣᠰᠣᠲᠠᠶ ᠶᠢ ᠨᠢ ᠪᠦᠬᠦᠨ ᠢ ᠰᠢᠯᠵᠢᠭᠦᠯᠬᠦ᠂ ᠰᠢᠯᠵᠢᠭᠦᠯᠬᠦ ᠶᠣᠰᠣᠲᠠᠶ ᠶᠢ ᠨᠢ ᠡᠷᠲᠡᠬᠡᠨ ᠰᠢᠯᠵᠢᠭᠦᠯᠬᠦ ᠬᠡᠷᠡᠭᠲᠡᠶ᠃ ᠲᠦᠭᠰᠢᠭᠦᠷᠢ ᠶᠢ ᠰᠡᠷᠭᠡᠶᠢᠯᠡᠨ ᠠᠷᠭᠠᠴᠠᠬᠤ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ᠭᠠᠵᠠᠷ ᠤᠨ ᠭᠠᠮᠰᠢᠭ ᠤᠨ ᠲᠦᠭᠰᠢᠭᠦᠷᠢ ᠶᠢᠨ ᠳᠠᠯᠳᠠ ᠭᠡᠮ ᠢ ᠭᠦᠨᠵᠡᠭᠡᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠠᠰᠢᠯᠭ᠎ᠠ ᠶᠢ ᠲᠣᠭᠤᠷᠢᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠬᠤᠲᠠ ᠶᠢᠨ ᠳᠣᠲᠣᠭᠠᠳᠤ ᠶᠢᠨ ᠤᠰᠤᠲᠤᠯ ᠢ ᠰᠡᠷᠭᠡᠶᠢᠯᠡᠬᠦ ᠪᠠᠨ ᠴᠢᠩᠭᠠᠳᠬᠠᠵᠤ᠂ ᠲᠠᠶᠢᠹᠧᠩ ᠰᠠᠯᠬᠢ ᠶᠢ ᠰᠡᠷᠭᠡᠶᠢᠯᠡᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠡᠶ᠃ ᠠᠶᠤᠯ ᠭᠠᠮᠰᠢᠭ ᠠᠴᠠ ᠠᠪᠤᠷᠠᠬᠤ ᠪᠠ ᠭᠠᠩ ᠲᠠᠢ ᠲᠡᠮᠡᠴᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠵᠤ᠂ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ ᠤᠨ ᠬᠥᠭᠵᠢᠯᠲᠡ ᠶᠢ ᠦᠨᠳᠦᠰᠦᠯᠡᠨ᠂ ᠠᠪᠤᠷᠠᠨ ᠲᠤᠰᠠᠯᠠᠬᠤ ᠬᠦᠴᠦᠨ ᠤ ᠪᠠᠶᠢᠷᠢᠰᠢᠭᠤᠯᠤᠯ ᠢ ᠰᠢᠯᠢᠳᠡᠭᠵᠢᠭᠦᠯᠦᠨ ᠲᠣᠬᠢᠷᠠᠭᠤᠯᠵᠤ᠂ ᠡᠳ᠋ ᠪᠣᠳᠠᠰ ᠲᠣᠨᠤᠭ ᠲᠥᠬᠦᠭᠡᠷᠦᠮᠵᠢ ᠶᠢ ᠤᠷᠢᠳᠴᠢᠯᠠᠨ ᠲᠣᠬᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠥᠨᠳᠥᠷ ᠦᠷ᠎ᠡ ᠪᠦᠲᠦᠮᠵᠢᠲᠡᠶ ᠭᠠᠮᠰᠢᠭ ᠠᠴᠠ ᠠᠪᠤᠷᠠᠨ ᠲᠤᠰᠠᠯᠠᠬᠤ ᠬᠡᠷᠡᠭᠲᠡᠶ᠃    ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠳᠡᠳ᠋ ᠰᠠᠶᠢᠳ ᠰᠢᠤᠢ ᠵᠢᠶᠠ ᠠᠶ ᠬᠤᠷᠠᠯ ᠢ ᠡᠷᠭᠢᠯᠡᠵᠦ᠂ ᠳᠡᠳ᠋ ᠰᠠᠶᠢᠳ᠂ ᠤᠯᠤᠰ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠶᠢᠨ ᠳᠠᠷᠤᠭ᠎ᠠ ᠵᠧᠤ ᠲᠢᠶᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠤᠨ ᠪᠥᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠪᠡ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠤᠯᠤᠰ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠲᠣᠰ ᠠᠵᠢᠯ ᠲᠥᠷᠥᠯ ᠤᠨ ᠰᠢᠰᠲ᠋ᠧᠮ ᠤᠨ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠢ ᠵᠢᠴᠢ ᠪᠦᠬᠦ ᠤᠯᠤᠰ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠭᠡᠮ ᠰᠣᠭᠤᠭ ᠤᠨ ᠪᠦᠬᠦ ᠬᠡᠯᠬᠢᠶᠡᠨ ᠤ ᠴᠡᠭᠴᠡᠯᠡᠨ ᠵᠠᠰᠠᠬᠤ ᠠᠵᠢᠯ ᠤᠨ ᠲᠤᠰᠬᠠᠢ ᠠᠩᠬᠢ ᠶᠢᠨ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号