ᠦᠰᠦᠭ ᠢᠶᠠᠷ ᠦᠬᠦᠯᠡᠬᠦᠢ᠄ ᠬᠡᠷᠡᠭ ᠢᠶᠠᠷ ᠬᠠᠤᠯᠢ ᠶᠢ ᠲᠦᠭᠡᠮᠡᠯᠵᠢᠭᠦᠯᠬᠦ ᠳᠤ ᠬᠦᠨᠳᠦ ᠶᠡᠭᠡ ᠠᠳᠡᠯ ᠤᠨ ᠳᠠᠯᠳᠠ ᠬᠡᠮ ᠢ ᠠᠷᠢᠯᠭᠠᠬᠤ ᠶᠢ ᠲᠡᠪᠴᠢᠵᠦ᠂ ᠬᠤᠯᠪᠣᠭᠳᠠᠯ ᠪᠥᠬᠦᠶ ᠬᠠᠷᠢᠭᠤᠴᠠᠯᠭᠠᠲᠠᠨ ᠡᠷᠡᠭᠦᠦ ᠪᠠᠷ ᠰᠢᠳᠬᠡᠭᠳᠡᠪᠡ
ᠨᠡᠶᠢᠲᠡᠯᠡᠭᠰᠡᠨ ᠴᠠᠭ᠄
2024/7/11
     ᠬᠡᠷᠡᠭ ᠤᠨ ᠪᠠᠶᠢᠳᠠᠯ ᠤᠨ ᠲᠣᠪᠴᠢ ᠲᠠᠨᠢᠯᠴᠠᠭᠤᠯᠭ᠎ᠠ      2021 ᠣᠨ ᠤ 1 ᠰᠠᠷ᠎ᠠ ᠶᠢᠨ 28 ᠤ ᠡᠳᠦᠷ᠂ ᠨᠢᠭᠡᠨ ᠭᠠᠵᠠᠷ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠡᠨ ᠺᠣᠮᠫᠠᠨᠢ ᠳᠤ ᠣᠯᠠᠨ ᠵᠦᠢᠯ ᠤᠨ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠶᠢ ᠣᠯᠵᠤ ᠮᠡᠳᠡᠪᠡ᠂ ᠡᠭᠦᠨ ᠳᠤ ︽ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ‍ᠤᠨ‌ᠦᠢᠯᠡᠳᠪᠦᠷᠢᠯᠡᠯ  ᠤᠨ ᠠᠮᠤᠷ ᠲᠦᠪᠰᠢᠨ ᠤ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾ ᠶᠢ ᠦᠨᠳᠦᠰᠦᠯᠡᠪᠡᠯ᠂ ᠫᠧᠨ᠋ᠲ᠋ᠠᠨ ᠬᠠᠳᠠᠭᠠᠯᠠᠬᠤ ᠲᠠᠯᠠᠪᠤᠷ ᠭᠠᠵᠠᠷ ᠨᠢ ᠰᠢᠲᠠᠮᠠᠬᠠᠶ ᠬᠡᠶ ᠪᠡᠶᠡᠲᠦ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠲᠥᠬᠦᠭᠡᠷᠦᠮᠵᠢ ᠶᠢ ᠱᠠᠭᠠᠷᠳᠠᠯᠭ᠎ᠠ ᠶᠣᠰᠣᠭᠠᠷ ᠪᠠᠶᠢᠷᠢᠯᠠᠭᠤᠯᠤᠭᠰᠠᠨ ᠥᠬᠡᠶ ᠪᠣᠯ ᠬᠦᠨᠳᠦ ᠶᠡᠭᠡ ᠠᠳᠡᠯ ᠤᠨ ᠳᠠᠯᠳᠠ ᠬᠡᠮ ᠳᠤ ᠲᠣᠭᠠᠴᠠᠭᠳᠠᠨ᠎ᠠ᠃ ᠬᠠᠤᠯᠢ ᠬᠡᠷᠡᠭᠵᠢᠭᠦᠯᠬᠦ ᠠᠵᠢᠯᠲᠠᠨ ᠲᠤᠰ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠫᠧᠨ᠋ᠲ᠋ᠠᠨ ᠬᠠᠳᠠᠭᠠᠯᠠᠬᠤ ᠰᠠᠪᠠ ᠪᠠ ᠬᠤᠯᠪᠣᠭᠳᠠᠯ ᠪᠦᠬᠦᠢ ᠲᠥᠬᠦᠭᠡᠷᠦᠮᠵᠢ ᠬᠡᠷᠡᠭᠯᠡᠬᠦ ᠶᠢ ᠨᠢ ᠵᠣᠭᠰᠣᠭᠠᠵᠤ᠂ ᠲᠡᠷᠡ ᠳᠠᠷᠤᠢ ᠳᠤᠨᠢ ᠳᠠᠯᠳᠠ ᠭᠡᠮ ᠢ ᠠᠷᠢᠯᠭᠠᠭᠤᠯᠤᠨ᠎ᠠ᠃    2021 ᠣᠨ ᠤ 3 ᠰᠠᠷ᠎ᠠ ᠶᠢᠨ 17 ᠤ ᠡᠳᠦᠷ᠂ ᠲᠣᠰ ᠭᠠᠵᠠᠷ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠳᠠᠬᠢᠨᠲᠠ ᠲᠣᠰ ᠠᠵᠤ ᠠᠬᠤᠶᠢᠯᠠᠯ ᠳᠤ ᠪᠠᠶᠢᠴᠠᠭᠠᠯᠲᠠ ᠬᠢᠬᠦ ᠳᠡᠭᠡᠨ ᠣᠯᠵᠤ ᠮᠡᠳᠡᠭᠰᠡᠨ ᠨᠢ᠂ ᠠᠵᠤ ᠠᠬᠤᠶᠢᠯᠠᠯ ᠮᠥᠨ ᠯᠡ ᠫᠧᠨ᠋ᠲ᠋ᠠᠨ ᠤ ᠬᠤᠯᠪᠣᠭᠳᠠᠯ ᠪᠥᠬᠦᠶ ᠲᠥᠬᠦᠭᠡᠷᠦᠮᠵᠢ ᠶᠢ ᠬᠡᠷᠡᠭᠯᠡᠵᠦ᠂ ᠮᠥᠨ ᠯᠡ ᠫᠧᠨ᠋ᠲ᠋ᠠᠨ ᠬᠠᠳᠠᠭᠠᠯᠠᠬᠤ ᠲᠠᠯᠠᠪᠤᠷ ᠭᠠᠵᠠᠷ ᠤᠨ ᠬᠢᠨᠠᠨ ᠬᠡᠮᠵᠢᠵᠦ ᠰᠡᠷᠡᠮᠵᠢᠯᠡᠭᠦᠯᠬᠦ ᠲᠣᠨᠣᠭᠯᠠᠯ ᠤᠭᠰᠠᠷᠠᠭᠰᠠᠨ ᠥᠬᠡᠶ᠂ ᠬᠦᠨᠳᠦ ᠶᠡᠭᠡ ᠠᠳᠡᠯ ᠤᠨ ᠳᠠᠯᠳᠠ ᠬᠡᠮ ᠮᠥᠨ ᠯᠡ ᠣᠷᠣᠰᠢᠵᠤ ᠪᠠᠶᠢᠬᠤ ᠪᠥᠭᠡᠳ ᠠᠵᠤ ᠠᠬᠤᠶᠢᠯᠠᠯ ᠨᠢ ᠵᠠᠷᠯᠢᠭᠳᠠᠵᠤ ᠪᠠᠶᠢᠭᠠᠳ ᠫᠧᠨ᠋ᠲ᠋ᠠᠨ ᠬᠠᠳᠠᠭᠠᠯᠠᠬᠤ ᠰᠠᠪᠠ ᠬᠡᠷᠡᠭᠯᠡᠬᠦ ᠶᠢ ᠨᠢ ᠵᠣᠭᠰᠣᠭᠠᠭᠰᠠᠨ ᠬᠤᠭᠤᠴᠠᠭᠠᠨ ᠳᠤ ᠳᠤᠷ᠎ᠠ ᠪᠠᠷ ᠢᠶᠠᠨ 28 ᠲᠣᠨ ᠫᠧᠨ᠋ᠲ᠋ᠠᠨ ᠬᠤᠳᠠᠯᠳᠤᠨ ᠠᠪᠴᠤ᠂ ᠲᠣᠰ ᠡᠳᠦᠷ ᠤᠨ ᠬᠠᠳᠠᠭᠠᠯᠠᠬᠤ ᠰᠠᠪᠠᠨ ᠳᠤ 26 ᠲᠣᠨ ᠣᠷᠴᠢᠮ ᠣᠷᠣᠰᠢᠵᠤ ᠪᠠᠶᠢᠬᠤ ᠶᠢ ᠬᠠᠷᠭᠤᠭᠤᠯᠤᠨ ᠪᠠᠶᠢᠴᠠᠭᠠᠪᠠ᠃ ᠲᠣᠰ ᠭᠠᠵᠠᠷ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯᠲᠠᠨ ᠲᠡᠷᠡ ᠳᠠᠷᠤᠶ ᠳᠤᠨᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠲᠦᠷ ᠵᠣᠭᠰᠣᠭᠠᠬᠤ ᠪᠠᠷ ᠵᠠᠷᠯᠢᠭᠳᠠᠭᠰᠠᠨ ᠪᠥᠭᠡᠳ ᠠᠵᠤ ᠠᠬᠤᠶᠢᠯᠠᠯ ᠢ ᠬᠠᠤᠯᠢ ᠶᠣᠰᠣᠭᠠᠷ ᠬᠡᠷᠡᠭ ᠪᠣᠯᠭᠠᠨ ᠳᠡᠩᠰᠡᠯᠡᠵᠦ ᠪᠠᠶᠢᠴᠠᠭᠠᠪᠠ᠃    ᠰᠢᠢᠳᠪᠦᠷᠢᠯᠡᠭᠰᠡᠨ ᠦᠷ᠎ᠡ ᠳ᠋ᠦᠩ      ᠲᠤᠰ ᠭᠠᠵᠠᠷ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠦᠵᠡᠬᠦ ᠪᠠᠷ᠂ ᠨᠢᠭᠡᠨ ᠺᠣᠮᠫᠠᠨᠢ ᠬᠠᠤᠯᠢ ᠶᠣᠰᠣᠭᠠᠷ ᠭᠠᠷᠭᠠᠭᠰᠠᠨ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠲᠣᠭᠲᠠᠭᠠᠯ ᠢ ᠬᠡᠷᠡᠭᠵᠢᠭᠦᠯᠬᠦ ᠶᠢ ᠲᠡᠪᠴᠢᠵᠦ᠂ ᠬᠦᠨᠳᠦ ᠶᠡᠭᠡ ᠠᠳᠡᠯ ᠤᠨ ᠲᠠᠯᠳᠠ ᠭᠡᠮ ᠢ ᠠᠷᠢᠯᠭᠠᠬᠤ ᠶᠢ ᠲᠡᠪᠴᠢᠭᠰᠡᠨ ᠦᠢᠯᠡ ᠠᠵᠢᠯᠯᠠᠭ᠎ᠠ ᠨᠢ ᠠᠶᠤᠯᠲᠠᠢ ᠠᠵᠢᠯ ᠬᠢᠭᠰᠡᠨ ᠶᠠᠯ᠎ᠠ ᠪᠤᠯᠵᠤ ᠪᠦᠷᠢᠯᠳᠦᠭᠰᠡᠨ ᠰᠡᠵᠢᠭᠯᠡᠯᠲᠡᠢ ᠪᠠᠶᠢᠪᠠᠯ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠵᠠᠭᠤ ᠭᠤᠴᠢᠨ ᠳᠥᠷᠪᠡᠳᠦᠭᠡᠷ ᠵᠦᠢᠯ ᠤᠨ ᠨᠢᠭᠡ ᠶᠢ ᠦᠨᠳᠦᠰᠦᠯᠡᠨ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ ᠰᠢᠯᠵᠢᠭᠦᠯᠦᠨ ᠬᠦᠷᠭᠡᠬᠦ ᠲᠣᠭᠲᠠᠭᠠᠯ︾ ᠤᠨ ᠭᠤᠷᠪᠠᠳᠤᠭᠠᠷ ᠵᠦᠢᠯ ᠢ ᠦᠨᠳᠦᠰᠦᠯᠡᠪᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠡᠷᠡᠭ ᠢ ᠨᠢᠭᠡᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠳᠤ ᠰᠢᠯᠵᠢᠭᠦᠯᠦᠨ ᠬᠦᠷᠭᠡᠪᠡ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠵᠠᠭᠤ ᠭᠤᠴᠢᠨ ᠳᠥᠷᠪᠡᠳᠦᠭᠡᠷ ᠵᠦᠢᠯ ᠤᠨ ᠨᠢᠭᠡ᠂ ᠠᠷᠠᠳ ᠤᠨ ᠰᠢᠭᠦᠬᠦ ᠬᠤᠷᠢᠶ᠎ᠠ ᠵᠠᠭᠠᠯᠳᠤᠭᠳᠠᠭᠴᠢ ᠢᠦᠶ ᠣᠪᠣᠭᠲᠤ ︵ᠠᠵᠤ ᠠᠬᠤᠶᠢᠯᠠᠯ ᠤᠨ ᠪᠣᠳᠠᠲᠠᠶ ᠡᠵᠡᠮᠳᠡᠭᠴᠢ︶ ᠠᠶᠤᠯᠲᠠᠶ ᠠᠵᠢᠯ ᠬᠢᠭᠰᠡᠨ ᠶᠠᠯ᠎ᠠ ᠪᠣᠯᠵᠤ ᠪᠦᠷᠢᠯᠳᠦᠭᠰᠡᠨ ᠭᠡᠵᠦ ᠦᠵᠡᠭᠡᠳ ᠨᠠᠢᠮᠠᠨ ᠰᠠᠷ᠎ᠠ ᠬᠤᠭᠤᠴᠠᠭ᠎ᠠ ᠲᠠᠢ ᠬᠤᠷᠢᠬᠤ ᠪᠠᠷ ᠰᠢᠳᠬᠡᠵᠤ᠂ ᠡᠷᠡᠭᠦᠦ ᠰᠢᠳᠬᠡᠯ ᠢ ᠨᠢ ᠨᠢᠭᠡ ᠵᠢᠯ ᠬᠤᠶᠢᠰᠢᠯᠠᠭᠤᠯᠪᠠ᠃    ᠲᠤᠰᠬᠠᠶ ᠮᠡᠷᠭᠡᠵᠢᠯᠲᠡᠨ ᠤ ᠦᠨᠡᠯᠡᠯᠲᠡ     ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠵᠠᠭᠤ ᠭᠤᠴᠢᠨ ᠳᠥᠷᠪᠡᠳᠦᠭᠡᠷ ᠵᠦᠢᠯ ᠤᠨ ᠨᠢᠭᠡ ᠶᠢᠨ ᠲᠣᠭᠲᠠᠭᠠᠯ ᠢ ᠦᠨᠳᠦᠰᠦᠯᠡᠨ᠂ ᠬᠦᠨᠳᠦ ᠶᠡᠭᠡ ᠠᠳᠡᠯ ᠤᠨ ᠳᠠᠯᠳᠠ ᠭᠡᠮ ᠣᠷᠣᠰᠢᠵᠤ ᠪᠠᠶᠢᠬᠤ ᠠᠴᠠ ᠬᠤᠯᠪᠣᠭᠳᠠᠯ ᠪᠦᠬᠦᠢ ᠲᠥᠬᠦᠭᠡᠷᠦᠮᠵᠢ᠂ ᠪᠡᠯᠡᠳᠬᠡᠮᠵᠢ ᠶᠢ ᠬᠡᠷᠡᠭᠯᠡᠬᠦ ᠶᠢ ᠨᠢ ᠬᠠᠤᠯᠢ ᠶᠣᠰᠣᠭᠠᠷ ᠵᠠᠷᠯᠢᠭᠳᠠᠨ ᠵᠣᠭᠰᠣᠭᠠᠭᠰᠠᠨ ᠪᠤᠶᠤ ᠠᠶᠤᠯ ᠲᠦᠭᠰᠢᠭᠦᠷᠢ ᠶᠢ ᠠᠷᠢᠯᠭᠠᠬᠤ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠶᠢ ᠳᠠᠷᠦ᠋ᠢᠬᠠᠨ ᠠᠪᠤᠭᠰᠠᠨ ᠪᠠᠶᠢᠲᠠᠯ᠎ᠠ ᠬᠡᠷᠡᠭᠵᠢᠭᠦᠯᠬᠦ ᠦᠭᠡᠶ ᠪᠠᠶᠢᠵᠤ᠂ ᠬᠦᠨᠳᠦ ᠶᠡᠭᠡ ᠦᠬᠦᠵᠦ ᠰᠢᠷᠬᠠᠲᠤᠭᠰᠠᠨ ᠠᠳᠡᠯ ᠭᠠᠷᠤᠭᠰᠠᠨ ᠪᠤᠶᠤ ᠪᠤᠰᠤᠳ ᠬᠦᠨᠳᠦ ᠨᠣᠴᠢᠲᠠᠶ ᠤᠷᠰᠢᠭ ᠲᠠᠲᠠᠭᠰᠠᠨ ᠪᠣᠳᠠᠲᠤ ᠠᠶᠤᠯ ᠲᠠᠢ ᠪᠠᠶᠢᠪᠠᠯ᠂ ᠨᠢᠭᠡ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ᠂ ᠬᠤᠷᠢᠵᠤ ᠬᠥᠳᠡᠯᠮᠦᠷᠢᠯᠡᠭᠦᠯᠬᠦ ᠪᠤᠶᠤ ᠵᠠᠬᠢᠷᠤᠨ ᠬᠠᠮᠢᠶᠠᠷᠬᠤ ᠪᠠᠷ ᠰᠢᠳᠬᠡᠨ᠎ᠡ᠃ ᠡᠰᠢ ᠪᠠᠷᠢᠮᠲᠠ ︽ᠠᠷᠠᠳ ᠤᠨ ᠳᠡᠭᠡᠳᠦ ᠰᠢᠭᠦᠬᠦ ᠬᠤᠷᠢᠶ᠎ᠠ᠂ ᠦᠢᠯᠡᠳᠪᠦᠷᠢᠯᠡᠯ ᠤᠨ ᠠᠶᠤᠯᠭᠦᠢ ᠳᠤ ᠬᠤᠣᠷ ᠬᠥᠨᠥᠭᠡᠯ ᠤᠴᠠᠷᠠᠭᠤᠯᠤᠭᠰᠠᠨ ᠡᠷᠡᠭᠦᠦ ᠶᠢᠨ ᠬᠡᠷᠡᠭ ᠢ ᠰᠢᠢᠳᠪᠦᠷᠢᠯᠡᠬᠦ ᠳᠤ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠢ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠲᠠᠶᠢᠯᠪᠤᠷᠢᠯᠠᠯᠲᠠ ︵ᠬᠤᠶᠠᠷ︶ ᠤᠨ ᠭᠤᠷᠪᠠᠳᠤᠭᠠᠷ ᠵᠦᠢᠯ᠂ ᠬᠦᠨᠳᠦ ᠶᠡᠭᠡ ᠠᠳᠡᠯ ᠤᠨ ᠳᠠᠯᠳᠠ ᠭᠡᠮ ᠣᠷᠣᠰᠢᠵᠤ ᠪᠠᠶᠢᠬᠤ ᠠᠴᠠ ᠪᠣᠯᠵᠤ ᠦᠢᠯᠡᠳᠪᠦᠷᠢᠯᠡᠯ ᠡᠵᠡᠩᠨᠡᠯᠲᠡ ᠶᠢ ᠨᠢ ᠬᠠᠤᠯᠢ ᠶᠣᠰᠣᠭᠠᠷ ᠵᠠᠷᠯᠢᠭᠳᠠᠨ ᠵᠣᠭᠰᠣᠭᠠᠪᠠ ᠂ ᠪᠠᠷᠢᠯᠭ᠎ᠠ ᠵᠣᠭᠰᠣᠬᠤ᠂ ᠬᠤᠯᠪᠣᠭᠳᠠᠯ ᠪᠦ᠋ᠬᠦᠢ ᠲᠥᠬᠦᠭᠡᠷᠦᠮᠵᠢ ᠶᠢ ᠬᠡᠷᠡᠭᠯᠡᠬᠦ ᠪᠠᠨ ᠵᠣᠭᠰᠣᠬᠤ᠂ ᠲᠥᠬᠦᠭᠡᠷᠦᠮᠵᠢ᠂ ᠲᠠᠯᠠᠪᠤᠷ ᠭᠠᠵᠠᠷ ᠪᠤᠶᠤ ᠲᠡᠷᠡ ᠳᠠᠷᠤᠶ ᠳᠤᠨᠢ ᠠᠶᠤᠯ ᠲᠦᠭᠰᠢᠭᠦᠷᠢ ᠶᠢ ᠠᠷᠢᠯᠭᠠᠬᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠬᠤ᠂ ᠵᠦᠢ ᠶᠣᠰᠣᠨ ᠤ ᠰᠢᠯᠲᠠᠭᠠᠨ ᠤᠢᠭᠡᠢ ᠪᠠᠷ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠠᠶᠤᠯᠭᠦᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠨ ᠬᠠᠤᠯᠢ ᠶᠣᠰᠣᠭᠠᠷ ᠭᠠᠷᠭᠠᠭᠰᠠᠨ ᠳᠡᠭᠡᠷ᠎ᠡ ᠳᠤᠷᠠᠳᠤᠭᠰᠠᠨ ᠵᠠᠰᠠᠭ ᠵᠠᠬᠢᠷᠭᠠᠨ ᠤ ᠲᠣᠭᠲᠠᠭᠠᠯ ᠢ ᠵᠣᠷᠢᠭᠤᠳᠠ ᠭᠦᠢᠴᠡᠳᠬᠡᠬᠦ ᠤᠢᠭᠡᠢ ᠪᠠᠶᠢᠬᠤ᠂ ᠵᠠᠷᠯᠢᠭ ᠤᠨ᠂ ᠡᠷᠡᠭᠦᠦ ᠶᠢᠨ ᠬᠠᠤᠯᠢ ᠶᠢᠨ ᠵᠠᠭᠤ ᠭᠤᠴᠢᠨ ᠳᠥᠷᠪᠡᠳᠦᠭᠡᠷ ᠵᠦᠢᠯ ᠤᠨ ᠨᠢᠭᠡ ᠶᠢᠨ ᠬᠤᠶᠠᠳᠤᠭᠠᠷ ᠵᠤᠷᠪᠤᠰ ᠲᠤ ᠲᠣᠭᠲᠠᠭᠠᠭᠰᠠᠨ ︽ᠭᠦᠢᠴᠡᠳᠬᠡᠬᠦ ᠶᠢ ᠲᠡᠪᠴᠢᠭᠰᠡᠨ ︾ ᠳᠤ ᠲᠣᠭᠠᠴᠠᠭᠳᠠᠨ᠎ᠠ᠃ ᠲᠤᠰ ᠬᠡᠷᠡᠭ ᠲᠤ᠂ ᠨᠢᠭᠡᠨ ᠺᠣᠮᠫᠠᠨᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠶᠣᠰᠣᠭᠠᠷ ᠭᠠᠷᠭᠠᠭᠰᠠᠨ ᠲᠤᠬᠠᠢ ᠶᠢᠨ ᠲᠠᠯᠠᠪᠤᠷ ᠤᠨ ᠰᠢᠢᠳᠪᠦᠷᠢᠯᠡᠬᠦ ᠲᠣᠭᠲᠠᠭᠠᠯ ᠢ ᠬᠡᠷᠡᠭᠵᠢᠭᠦᠯᠬᠦ ᠶᠢ ᠲᠡᠪᠴᠢᠵᠦ᠂ ᠬᠦᠨᠳᠦ ᠶᠡᠭᠡ ᠠᠳᠡᠯ ᠤᠨ ᠲᠠᠯᠳᠠ ᠭᠡᠮ ᠢ ᠴᠡᠭᠴᠡᠯᠡᠨ ᠥᠭᠡᠷᠡᠴᠢᠯᠡᠭᠰᠡᠨ ᠦᠭᠡᠢ᠂ ᠬᠢᠨᠠᠨ ᠬᠡᠮᠵᠢᠵᠦ ᠤᠷᠢᠳᠴᠢᠯᠠᠨ ᠮᠡᠳᠡᠭᠦᠯᠬᠦ ᠲᠣᠨᠣᠭᠯᠠᠯ ᠢ ᠮᠥᠨ ᠯᠡ ᠤᠭᠰᠠᠷᠠᠭᠰᠠᠨ ᠦᠭᠡᠢ᠂ ᠬᠦᠨᠳᠦ ᠶᠡᠭᠡ ᠠᠳᠡᠯ ᠤᠨ ᠲᠠᠯᠳᠠ ᠭᠡᠮ ᠢ ᠮᠥᠨ ᠯᠡ ᠠᠷᠢᠯᠭᠠᠭᠰᠠᠨ ᠦᠭᠡᠢ ᠪᠠᠶᠢᠳᠠᠯ ᠤᠨ ᠳᠣᠣᠷ᠎ᠠ ᠮᠥᠨ ᠯᠡ ᠳᠤᠷ᠎ᠠ ᠪᠠᠷ ᠢᠶᠠᠨ ᠫᠧᠨ᠋ᠲ᠋ᠠᠨ ᠬᠠᠳᠠᠭᠠᠯᠠᠬᠤ ᠰᠠᠪᠠ ᠪᠠ ᠬᠤᠯᠪᠣᠭᠳᠠᠯ ᠪᠦᠬᠦᠢ ᠲᠤᠨᠤᠭ ᠲᠥᠬᠦᠭᠡᠷᠦᠮᠵᠢ ᠶᠢ ᠡᠬᠢᠯᠡᠵᠦ ᠬᠡᠷᠡᠭᠯᠡᠭᠰᠡᠨ ᠪᠥᠭᠡᠳ ᠲᠠᠬᠢᠨ ᠫᠧᠨ᠋ᠲ᠋ᠠᠨ ᠢ ᠬᠤᠳᠠᠯᠳᠤᠨ ᠠᠪᠴᠤ ᠦᠢᠯᠡᠳᠪᠦᠷᠢᠯᠡᠯ ᠳᠤ ᠬᠡᠷᠡᠭᠯᠡᠭᠡᠳ᠂ ᠦᠬᠦᠵᠦ ᠰᠢᠷᠬᠠᠲᠤᠭᠰᠠᠨ ᠬᠦᠨᠳᠦ ᠶᠡᠭᠡ ᠠᠳᠡᠯ ᠭᠠᠷᠬᠤ ᠪᠣᠳᠠᠲᠤ ᠠᠶᠤᠯ ᠲᠠᠢ ᠪᠣᠯᠬᠤᠷ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠵᠠᠭᠤ ᠭᠤᠴᠢᠨ ᠳᠥᠷᠪᠡᠳᠦᠭᠡᠷ ᠵᠦᠢᠯ ᠤᠨ ᠨᠢᠭᠡ ᠶᠢ ᠦᠨᠳᠦᠰᠦᠯᠡᠨ ᠲᠡᠭᠦᠨ ᠤ ᠭᠤᠣᠯ ᠬᠠᠷᠢᠭᠤᠴᠠᠯᠭᠠᠲᠠᠨ ᠠᠴᠠ ᠠᠶᠤᠯᠲᠠᠢ ᠠᠵᠢᠯ ᠬᠢᠭᠰᠡᠨ ᠶᠠᠯ᠎ᠠ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ ᠰᠢᠯᠵᠢᠭᠦᠯᠦᠨ ᠬᠦᠷᠭᠡᠬᠦ ᠲᠣᠭᠲᠠᠭᠠᠯ︾ ᠤᠨ ᠭᠤᠷᠪᠠᠳᠤᠭᠠᠷ ᠵᠦᠢᠯ ᠵᠢᠴᠢ ︽ᠠᠶᠤᠯ ᠥᠬᠡᠶ ᠦᠢᠯᠡᠳᠪᠦᠷᠢᠯᠡᠯ  ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠯᠤᠭ᠎ᠠ ᠵᠣᠯᠭᠠᠭᠤᠯᠬᠤ ᠠᠵᠢᠯ ᠤᠨ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠬᠡᠷᠡᠭ ᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号