ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠬᠤᠶᠠᠳᠤᠭᠠᠷ ᠤᠯᠠᠷᠢᠯ ᠤᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠪᠠᠶᠢᠳᠠᠯ
ᠨᠡᠶᠢᠲᠡᠯᠡᠭᠰᠡᠨ ᠴᠠᠭ᠄
2024/7/12
    ᠣᠶᠢᠷ᠎ᠠ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ 2024 ᠣᠨ ᠤ ᠬᠤᠶᠠᠳᠤᠭᠠᠷ ᠤᠯᠠᠷᠢᠯ ᠤᠨ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠂ ᠪᠣᠳᠠᠲᠠᠶ ᠪᠠᠶᠢᠳᠠᠯ ᠨᠢ ᠳᠤᠤᠷᠠᠬᠢ ᠮᠡᠲᠦ᠄     ᠨᠢᠭᠡ᠂ ᠬᠤᠶᠠᠳᠤᠭᠠᠷ ᠤᠯᠠᠷᠢᠯ ᠤᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠪᠠᠶᠢᠳᠠᠯ᠃    ︵ᠨᠢᠭᠡ︶ 2024 ᠣᠨ ᠤ ᠬᠤᠶᠠᠳᠤᠭᠠᠷ ᠤᠯᠠᠷᠢᠯ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠰᠤᠭᠤᠴᠢᠨ ᠪᠠᠶᠢᠴᠠᠭᠠᠭᠰᠠᠨ ᠪᠠᠶᠢᠳᠠᠯ᠃ ᠪᠥᠬᠦ ᠣᠷᠣᠨ ᠤ ᠶᠠᠭ ᠠᠵᠢᠯᠯᠠᠭᠤᠯᠵᠤ ᠪᠠᠶᠢᠭ᠎ᠠ 554 ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠳᠠᠬᠢ 368 ᠳᠤ ᠰᠤᠭᠤᠴᠢᠨ ᠪᠠᠶᠢᠴᠠᠭᠠᠯᠲᠠ ᠬᠢᠵᠦ᠂ ᠰᠤᠭᠤᠴᠢᠨ ᠪᠠᠶᠢᠴᠠᠭᠠᠯᠲᠠ ᠶᠢᠨ ᠬᠠᠷᠢᠴᠠᠯ ᠨᠢ 66 . 43 % ︵ᠳᠠᠭᠠᠯᠳᠤᠭᠤᠯᠤᠯ 1 ᠳᠤ ᠦᠵᠡ︶ ᠪᠣᠯᠤᠨ᠎ᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠦᠯᠵᠢᠶ᠎ᠡ 43᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ 115 ᠪᠠᠶᠢᠵᠤ᠂ ᠰᠤᠭᠤᠴᠢᠨ ᠪᠠᠶᠢᠴᠠᠭᠠᠭᠰᠠᠨ ᠬᠠᠷᠢᠴᠠᠯ ᠨᠢ 100 % ᠪᠣᠯᠤᠨ᠎ᠠ︔ ᠡᠯ᠎ᠡ ᠠᠶᠢᠮᠠᠭ ᠬᠤᠲᠠ ᠶᠢᠨ ᠰᠠᠯᠠᠭ᠎ᠠ ᠮᠥᠴᠢᠷ ᠤᠨ ᠰᠦᠯᠵᠢᠶ᠎ᠡ 210 ᠪᠠᠶᠢᠵᠤ᠂ ᠰᠤᠭᠤᠴᠢᠨ ᠪᠠᠶᠢᠴᠠᠭᠠᠭᠰᠠᠨ ᠬᠠᠷᠢᠴᠠᠯ ᠨᠢ 53 . 03 % ᠪᠣᠯᠪᠠ᠃ ᠬᠦᠨᠳᠦ ᠨᠣᠴᠢᠲᠠᠶ ᠠᠰᠠᠭᠤᠳᠠᠯ ᠣᠷᠣᠰᠢᠵᠤ ᠪᠠᠶᠢᠭ᠎ᠠ ᠵᠠᠰᠠᠭ ᠤᠨ ᠣᠷᠳᠣᠨ ᠤ ᠰᠦᠯᠵᠢᠶ᠎ᠡ 6 ︵ᠳᠠᠭᠠᠯᠳᠤᠭᠤᠯᠤᠯ 2 ᠲᠤ ᠦᠵᠡ︶ ᠪᠠᠶᠢᠵᠤ᠂ ᠰᠣᠩᠭᠤᠨ ᠪᠠᠶᠢᠴᠠᠭᠠᠯᠲᠠ ᠶᠢᠨ ᠬᠢᠷᠢ ᠲᠡᠩᠴᠡᠭᠰᠡᠨ ᠨᠣᠷᠮ᠎ᠠ ᠨᠢ 98 . 37 % ᠪᠣᠯᠤᠨ᠎ᠠ᠃ 83 . 62 % ᠤᠨ ᠵᠠᠰᠠᠭ ᠤᠨ ᠣᠷᠳᠣᠨ ᠤ ᠰᠦᠯᠵᠢᠶ᠎ᠡ ᠨᠢ 5 ᠠᠵᠢᠯᠯᠠᠬᠤ ᠡᠳᠦᠷ ᠤᠨ ᠳᠣᠲᠣᠷ᠎ᠠ ᠪᠠᠶᠢᠩᠭᠤ ᠲᠣᠬᠢᠶᠠᠯᠳᠤᠳᠠᠭ ᠵᠥᠪᠯᠡᠯᠭᠡ ᠳᠤ ᠪᠦᠲᠦᠮᠵᠢᠲᠡᠶ ᠬᠠᠷᠢᠭᠤᠯᠲᠠ ᠥᠭᠴᠦ ᠴᠢᠳᠠᠨ᠎ᠠ᠃    ︵ᠬᠤᠶᠠᠷ︶ 2024 ᠣᠨ ᠤ ᠬᠤᠶᠠᠳᠤᠭᠠᠷ ᠤᠯᠠᠷᠢᠯ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠰᠤᠭᠤᠴᠢᠨ ᠪᠠᠶᠢᠴᠠᠭᠠᠭᠰᠠᠨ ᠪᠠᠶᠢᠳᠠᠯ᠃ ᠪᠥᠬᠦ ᠣᠷᠣᠨ ᠤ 5281 ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠳᠣᠲᠣᠷᠠᠬᠢ 2377 ᠳᠤ ᠪᠠᠶᠢᠴᠠᠭᠠᠯᠲᠠ ᠬᠢᠵᠦ᠂ ᠰᠤᠭᠤᠴᠢᠨ ᠪᠠᠶᠢᠴᠠᠭᠠᠭᠰᠠᠨ ᠬᠠᠷᠢᠴᠠᠯ ᠨᠢ 45 . 01 % ᠪᠣᠯᠤᠨ᠎ᠠ᠃ ᠡᠭᠦᠨ ᠳᠤ 9 ᠰᠢᠨ᠎ᠡ ᠵᠠᠭᠤᠴᠢᠯᠠᠭᠤᠷ ᠨᠢ ᠬᠢᠷᠢ ᠲᠡᠩᠴᠡᠭᠦ ᠥᠬᠡᠶ᠂ ᠶᠡᠷᠦᠩᠬᠡᠶ ᠬᠢᠷᠢ ᠲᠡᠩᠴᠡᠭᠰᠡᠨ ᠨᠣᠷᠮ᠎ᠠ ᠨᠢ 99 . 62 % ᠪᠣᠯᠤᠨ᠎ᠠ ︵ᠳᠠᠭᠠᠯᠳᠤᠭᠤᠯᠤᠯ 3 ᠶᠢ ᠨᠠᠷᠢᠨ ᠦᠵᠡᠭᠡᠷᠡᠶ ︶᠃    ︵ᠭᠤᠷᠪᠠ︶ 2024 ᠣᠨ ᠤ ᠬᠤᠶᠠᠳᠤᠭᠠᠷ ᠤᠯᠠᠷᠢᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ᠮᠡᠳᠡᠭᠡ ᠵᠠᠩᠭᠢ ᠶᠢ ᠬᠡᠷᠡᠭᠯᠡᠭᠰᠡᠨ ᠪᠠᠶᠢᠳᠠᠯ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠨᠡᠶᠢᠲᠡ 493 ᠵᠤᠷᠪᠤᠰ ᠮᠡᠳᠡᠭᠡ ᠵᠠᠩᠭᠢ ᠶᠢ ᠬᠡᠷᠡᠭᠯᠡᠵᠦ᠂ ᠡᠭᠦᠨ ᠳᠤ ᠡᠯ᠎ᠡ ᠠᠶᠢᠮᠠᠭ ᠬᠤᠲᠠ ᠶᠢᠨ 274 ᠵᠤᠷᠪᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠤᠨ 219 ᠵᠤᠷᠪᠤᠰ ᠪᠣᠶ᠃ ᠡᠭᠦᠨ ᠳᠤ ᠴᠠᠭ ᠤᠨ ᠪᠠᠶᠢᠳᠠᠯ ᠤᠨ ᠰᠣᠨᠢᠨ ᠮᠡᠳᠡᠭᠡᠨ ᠤ ᠲᠥᠷᠥᠯ ᠤᠨ ᠮᠡᠳᠡᠭᠡ ᠵᠠᠩᠭᠢ 258 ᠵᠤᠷᠪᠤᠰ᠂ ᠵᠠᠰᠠᠭ ᠤᠨ ᠶᠠᠪᠤᠳᠠᠯ ᠢ ᠢᠯᠡ ᠪᠣᠯᠭᠠᠬᠤ ᠲᠥᠷᠥᠯ ᠤᠨ ᠮᠡᠳᠡᠭᠡ ᠵᠠᠩᠭᠢ 70 ᠵᠤᠷᠪᠤᠰ᠂ ᠬᠠᠷᠢᠯᠴᠠᠨ ᠰᠣᠯᠢᠯᠴᠠᠬᠤ ᠲᠥᠷᠥᠯ ᠤᠨ ᠮᠡᠳᠡᠭᠡ ᠵᠠᠩᠭᠢ 10 ᠵᠤᠷᠪᠤᠰ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠲᠥᠷᠥᠯ ᠤᠨ ᠮᠡᠳᠡᠭᠡ ᠵᠠᠩᠭᠢ 24 ᠵᠤᠷᠪᠤᠰ᠂ ᠬᠠᠮᠲᠤ ᠪᠠᠷ ᠪᠠᠶᠢᠭᠤᠯᠬᠤ ᠪᠤᠯᠤᠩ 131 ᠵᠤᠷᠪᠤᠰ ᠪᠣᠶ᠃    ᠬᠤᠶᠠᠷ᠂ ᠣᠷᠣᠰᠢᠵᠤ ᠪᠠᠶᠢᠭ᠎ᠠ ᠭᠤᠣᠯ ᠠᠰᠠᠭᠤᠳᠠᠯ    ︵ᠨᠢᠭᠡ︶ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠶᠢᠨ ᠲᠠᠯ᠎ᠠ ᠪᠠᠷ᠃ ᠨᠢᠭᠡ ᠳᠤ᠂ ᠬᠡᠰᠡᠭ ᠰᠦᠯᠵᠢᠶᠡᠨ ᠥᠷᠲᠡᠭᠡᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠭᠰᠠᠨ ᠦᠭᠡᠢ᠃ ᠰᠦᠯᠵᠢᠶᠡᠨ ᠥᠷᠲᠡᠭᠡ ᠶᠢ ᠣᠷᠳᠣ ᠬᠤᠭᠤᠴᠠᠭ᠎ᠠ ᠪᠠᠷ ᠬᠢᠨᠠᠨ ᠬᠠᠮᠢᠶᠠᠷᠬᠤ ᠬᠥᠮᠦᠨ ᠥᠬᠡᠶ᠂ ᠲᠦᠷᠦᠭᠦᠦ ᠨᠢᠭᠤᠷ ᠤᠨ ᠮᠡᠳᠡᠭᠡ ᠵᠠᠩᠭᠢ ᠶᠢ ᠰᠢᠨᠡᠳᠬᠡᠬᠦ ᠥᠬᠡᠶ᠂ ᠬᠤᠭᠤᠰᠣᠨ ᠪᠤᠯᠤᠩ᠂ ᠳᠠᠯᠳᠠ ᠬᠡᠯᠬᠢᠶ᠎ᠡ᠂ ᠭᠠᠳᠠᠭᠠᠳᠤ ᠬᠡᠯᠬᠢᠶ᠎ᠡ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠬᠤᠶᠠᠷ ᠲᠤ᠂ ᠬᠡᠰᠡᠭ ᠰᠦᠯᠵᠢᠶᠡᠨ ᠥᠷᠲᠡᠭᠡ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠪᠣᠳᠠᠲᠠᠶᠢᠵᠢᠭᠤᠯᠤᠭᠰᠠᠨ ᠥᠬᠡᠶ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠳᠤ ᠲᠠᠶᠢᠯᠤᠮᠵᠢ ᠬᠢᠭᠰᠡᠨ ᠥᠬᠡᠶ ᠪᠠᠶᠢᠳᠠᠯ ᠣᠷᠣᠰᠢᠵᠤ᠂ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠢ ᠲᠣᠭᠲᠠᠭᠰᠠᠨ ᠴᠠᠭ ᠬᠤᠭᠤᠴᠠᠭ᠎ᠠ ᠶᠢᠨ ᠳᠣᠲᠣᠷ᠎ᠠ ᠨᠡᠶᠢᠲᠡᠯᠡᠭᠰᠡᠨ ᠥᠬᠡᠶ᠂ ᠤᠩᠰᠢᠨ ᠲᠠᠶᠢᠯᠪᠤᠷᠢᠯᠠᠬᠤ ᠬᠡᠯᠪᠡᠷᠢ ᠨᠢ ᠲᠠᠩ ᠴᠤᠯᠭᠤᠶ᠂ ᠤᠩᠰᠢᠨ ᠲᠠᠶᠢᠯᠪᠤᠷᠢᠯᠠᠬᠤ ᠶᠢᠨ ᠬᠤᠯᠪᠣᠭᠳᠠᠬᠤ ᠪᠠᠶᠢᠷᠢᠯᠠᠭᠤᠯᠤᠯᠲᠠ ᠨᠢ ᠵᠢᠷᠤᠮᠵᠢᠯ ᠥᠬᠡᠶ ᠪᠠᠶᠢᠨ᠎ᠠ᠃ ᠭᠤᠷᠪᠠ ᠳᠤ᠂ ᠬᠡᠰᠡᠭ ᠰᠦᠯᠵᠢᠶᠡᠨ ᠤ ᠥᠷᠲᠡᠭᠡ ᠨᠦᠭᠦᠳ ᠰᠠᠨᠠᠯ ᠢᠶᠠᠨ ᠰᠣᠯᠢᠯᠴᠠᠬᠤ ᠲᠠᠯ᠎ᠠ ᠪᠠᠷ ᠬᠦᠷᠦᠯᠴᠡᠬᠦ ᠥᠬᠡᠶ ᠪᠠᠶᠢᠨ᠎ᠠ᠃ ᠰᠦᠯᠵᠢᠶᠡᠨ ᠳᠡᠭᠡᠷ᠎ᠡ ᠬᠠᠷᠢᠯᠴᠠᠨ ᠰᠣᠯᠢᠯᠴᠠᠬᠤ ᠲᠠᠪᠴᠠᠩ ᠢ ᠱᠠᠭᠠᠷᠳᠠᠯᠭ᠎ᠠ ᠶᠣᠰᠣᠭᠠᠷ ᠵᠢᠷᠤᠮᠵᠢᠭᠤᠯᠤᠨ ᠪᠠᠶᠢᠭᠤᠯᠤᠭᠰᠠᠨ ᠥᠬᠡᠶ᠂ ᠰᠦᠯᠵᠢᠶᠡᠴᠢᠳ ᠤᠨ ᠰᠠᠨᠠᠯ ᠰᠠᠨᠠᠭᠤᠯᠭ᠎ᠠ ᠶᠢ ᠬᠢᠨᠠᠨ ᠦᠵᠡᠬᠦ᠂ ᠰᠢᠢᠳᠪᠦᠷᠢᠯᠡᠬᠦ ᠪᠠ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠭᠰᠡᠨ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠨ᠎ᠠ᠃    ︵ᠬᠤᠶᠠᠷ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠯ᠎ᠠ ᠪᠠᠷ᠃ ᠨᠢᠭᠡ ᠳᠤ᠂ ︽ᠪᠥᠲᠥᠭᠡᠨ ᠪᠠᠶᠢᠭᠤᠯᠤᠯᠲᠠ ᠶᠢ ᠴᠢᠬᠤᠯᠠᠴᠢᠯᠠᠵᠤ᠂ ᠬᠢᠨᠠᠯᠲᠠ ᠬᠠᠮᠢᠶᠠᠷᠤᠯᠲᠠ ᠶᠢ ᠬᠥᠩᠭᠡᠪᠴᠢᠯᠡᠬᠦ︾ ᠦᠵᠡᠭᠳᠡᠯ  ᠮᠥᠨ ᠬᠦ ᠣᠷᠣᠰᠢᠵᠤ᠂ ᠬᠡᠰᠡᠭ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠢ ᠣᠷᠳᠣ ᠬᠤᠭᠤᠴᠠᠭ᠎ᠠ ᠪᠠᠷ ᠰᠢᠨᠡᠳᠬᠡᠬᠦ ᠥᠬᠡᠶ᠂ ᠣᠨᠴᠠ ᠵᠠᠷᠢᠮ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠢ ᠱᠠᠭᠠᠷᠳᠠᠯᠭ᠎ᠠ ᠶᠣᠰᠣᠭᠠᠷ ᠬᠠᠷᠢᠯᠴᠠᠨ ᠰᠣᠯᠢᠯᠴᠠᠬᠤ ᠠᠷᠭ᠎ᠠ ᠵᠠᠮ ᠭᠠᠷᠭᠠᠭᠰᠠᠨ ᠥᠬᠡᠶ᠂ ᠰᠦᠯᠵᠢᠶᠡᠨ ᠢᠷᠭᠡᠳ ᠤᠨ ᠯᠠᠪᠯᠠᠭ᠎ᠠ ᠠᠪᠤᠭᠰᠠᠨ ᠮᠡᠳᠡᠭᠡ ᠵᠠᠩᠭᠢ ᠳᠤ ᠴᠠᠭ ᠲᠤᠬᠠᠶ ᠳᠤᠨᠢ ᠬᠠᠷᠢᠭᠤᠯᠲᠠ ᠥᠭᠭᠦᠭᠰᠡᠨ ᠥᠬᠡᠶ᠃ ᠬᠤᠶᠠᠷ ᠲᠤ᠂ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠢ ᠣᠷᠬᠢᠭᠳᠠᠭᠤᠯᠤᠨ ᠮᠡᠳᠡᠭᠦᠯᠬᠦ ᠶᠠᠪᠤᠳᠠᠯ ᠮᠥᠨ ᠯᠡ ᠣᠷᠣᠰᠢᠭᠰᠠᠭᠠᠷ ᠪᠠᠶᠢᠵᠤ᠂ ︽ᠸᠢᠴᠠᠲ ᠤᠨ ᠵᠢᠵᠢᠭ ᠫᠷᠤᠭ᠍ᠷᠠᠮ︾ ᠢ ᠨᠡᠯᠢᠶᠡᠳ ᠣᠯᠠᠨ ᠮᠡᠳᠡᠭᠦᠯᠦᠨ ᠳᠠᠩᠰᠠᠯᠠᠭᠤᠯᠤᠭᠰᠠᠨ ᠥᠬᠡᠶ᠂ ᠱᠠᠭᠠᠷᠳᠠᠯᠭ᠎ᠠ ᠶᠣᠰᠣᠭᠠᠷ ᠳᠠᠩᠰᠠᠯᠠᠭᠤᠯᠬᠤ ᠥᠬᠡᠶ ᠪᠠᠷ ᠳᠤᠷ᠎ᠠ ᠪᠠᠷ ᠢᠶᠠᠨ ᠨᠡᠭᠡᠭᠡᠬᠦ ᠦᠵᠡᠭᠳᠡᠯ ᠨᠡᠯᠢᠶᠡᠳ ᠬᠦᠨᠳᠦ ᠨᠣᠴᠢᠲᠠᠶ ᠪᠠᠶᠢᠨ᠎ᠠ᠃     ᠳᠠᠭᠠᠯᠳᠤᠭᠤᠯᠤᠯ᠄ 1 . ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠᠷ ᠰᠤᠭᠤᠴᠢᠨ ᠪᠠᠶᠢᠴᠠᠭᠠᠭᠰᠠᠨ ᠪᠠᠶᠢᠳᠠᠯ    2 . ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠬᠢᠷᠢ ᠲᠡᠩᠴᠡᠭᠰᠡᠨ ᠥᠬᠡᠶ ᠪᠠᠶᠢᠳᠠᠯ ᠢ ᠰᠤᠭᠤᠴᠢᠨ ᠪᠠᠶᠢᠴᠠᠭᠠᠪᠠ᠃    3 . ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠰᠤᠭᠤᠴᠢᠨ ᠪᠠᠶᠢᠴᠠᠭᠠᠭᠰᠠᠨ ᠪᠠᠶᠢᠳᠠᠯ᠃    https://www.nmg.gov.cn/zwyw/tzgg/202406/t20240628_2531559.html
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号