2024 ᠣᠨ ᠤ ᠥᠪᠡᠷᠲᠡᠭᠡᠨ ᠵᠠᠰᠠᠬᠤ ᠣᠷᠣᠨ ᠤ ᠲᠡᠮᠦᠷᠯᠢᠭ ᠪᠣᠯᠪᠠᠰᠤᠷᠠᠭᠤᠯᠬᠤ ᠵᠡᠷᠭᠡ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠶᠤᠯ ᠥᠬᠡᠶ ᠦᠢᠯᠡᠳᠪᠦᠷᠢᠯᠡᠯ ᠤᠨ ᠬᠤᠶᠠᠳᠤᠭᠠᠷ ᠳᠡᠰ ᠤᠨ ᠪᠠᠷᠢᠮᠵᠢᠶᠠᠵᠢᠭᠤᠯᠤᠭᠰᠠᠨ ᠲᠠᠰ ᠲᠣᠭᠲᠠᠭᠠᠭᠰᠠᠨ ᠠᠵᠤ ᠠᠬᠤᠶᠢᠯᠠᠯ ︵ᠬᠤᠶᠠᠳᠤᠭᠠᠷ ᠪᠦᠯᠦᠭ︶ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠵᠠᠷᠯᠠᠯ
ᠨᠡᠶᠢᠲᠡᠯᠡᠭᠰᠡᠨ ᠴᠠᠭ᠄
2024/7/12
     ︽ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠳᠡᠰ ᠲᠣᠭᠲᠠᠭᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠮᠡᠳᠡᠭᠳᠡᠯ︾ ︵ᠪᠠᠴᠢᠮ ᠪᠠᠶᠢᠳᠠᠯ ᠢ ᠠᠷᠭᠠᠴᠠᠬᠤ 202183 ᠳ᠋ᠤᠭᠠᠷ ᠲᠣᠭᠠᠲᠤ︶᠂ ︽ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ᠬᠤᠶᠠᠳᠤᠭᠠᠷ ᠳᠡᠰ ᠤᠨ ᠪᠠᠷᠢᠮᠵᠢᠶᠠᠵᠢᠭᠤᠯᠬᠤ ᠳᠡᠰ ᠲᠣᠭᠲᠠᠭᠠᠬᠤ ᠪᠠᠷ ᠮᠡᠳᠡᠭᠦᠯᠬᠦ ᠠᠵᠢᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠠᠴᠢᠮ ᠪᠠᠶᠢᠳᠠᠯ ᠢ ᠠᠷᠭᠠᠴᠠᠬᠤ ᠵᠠᠬᠢᠳᠠᠯ 2023385 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠠᠵᠤ ᠠᠬᠤᠶᠢᠯᠠᠯ ᠤᠨ ᠥᠪᠡᠰᠦᠪᠡᠨ ᠦᠨᠡᠯᠡᠬᠦ᠂ ᠭᠤᠶᠤᠴᠢᠯᠠᠬᠤ᠂ ᠲᠤᠬᠠᠶ ᠶᠢᠨ ᠭᠠᠵᠠᠷ ᠲᠤᠨᠢ ᠬᠢᠨᠠᠨ ᠲᠣᠭᠲᠠᠭᠠᠬᠤ ᠵᠡᠷᠭᠡ ᠭᠤᠭᠴᠤᠭ᠎ᠠ ᠪᠠᠷ ᠳᠠᠮᠵᠢᠨ᠂ ᠬᠤᠶᠠᠳᠤᠭᠠᠷ ᠪᠦᠯᠦᠭ ᠤᠨ 18 ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠢ ᠠᠶᠤᠯ ᠦᠭᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠬᠤᠶᠠᠳᠤᠭᠠᠷ ᠳᠡᠰ ᠤᠨ᠂ ᠪᠠᠷᠢᠮᠵᠢᠶ᠎ᠠ ᠳᠤ ᠬᠦᠷᠦᠭᠦᠯᠬᠦ ᠳᠡᠰ ᠲᠣᠭᠲᠠᠭᠠᠬᠤ ᠪᠠᠷ ᠬᠢᠨᠠᠨ ᠲᠣᠭᠲᠠᠭᠠᠬᠤ ᠪᠠᠷ ᠳᠠᠮᠵᠢᠭᠤᠯᠤᠨ᠂ ᠡᠳᠦᠭᠡ ᠨᠡᠶᠢᠲᠡ ᠳᠤ ᠵᠠᠷᠯᠠᠨ᠎ᠠ᠃    ᠶᠠᠮᠠᠷᠪᠠ ᠨᠢᠭᠡᠴᠡ ᠪᠣᠯᠤᠨ ᠬᠤᠪᠢ ᠬᠥᠮᠦᠨ ᠬᠡᠷᠪᠡ ᠣᠨᠳᠣᠣ ᠰᠠᠨᠠᠯ ᠲᠠᠢ ᠪᠣᠯ ᠨᠡᠶᠢᠲᠡᠯᠡᠭᠰᠡᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠳᠤ ᠪᠢᠴᠢᠭᠯᠡᠭᠰᠡᠨ ᠬᠡᠯᠪᠡᠷᠢ ᠪᠠᠷ ᠳᠤᠷᠠᠳᠬᠤ ᠬᠡᠷᠡᠭᠲᠡᠶ᠃ ᠨᠢᠭᠡᠴᠡ ᠶᠢᠨ ᠨᠡᠷ᠎ᠡ ᠪᠠᠷ ᠪᠠᠶᠢᠳᠠᠯ ᠢ ᠲᠤᠰᠬᠠᠭᠰᠠᠨ ᠪᠣᠯ ᠠᠯᠪᠠᠨ ᠲᠠᠮᠠᠭ᠎ᠠ ᠳᠠᠷᠤᠭᠠᠷᠠᠶ︔ ᠬᠤᠪᠢ ᠬᠥᠮᠦᠨ ᠤ ᠨᠡᠷ᠎ᠡ ᠪᠠᠷ ᠪᠠᠶᠢᠳᠠᠯ ᠢ ᠲᠤᠰᠬᠠᠭᠰᠠᠨ ᠪᠣᠯ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ ᠪᠠ ᠬᠠᠷᠢᠯᠴᠠᠬᠤ ᠤᠲᠠᠰᠤ ᠪᠠᠨ ᠪᠢᠴᠢᠭᠡᠷᠡᠶ᠃    ᠬᠠᠷᠢᠯᠴᠠᠬᠤ ᠤᠲᠠᠰᠤ᠄ 0471 - 4825137᠂ ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠤᠩ ᠹᠸᠢ ᠡᠮᠦᠨ᠎ᠡ ᠵᠠᠮ ᠤᠨ 40 ᠳ᠋ᠦᠭᠡᠷ ᠨᠣᠮᠧᠷᠲᠤ ᠥᠪᠥᠷ ᠮᠣᠩᠭᠤᠯ ᠤᠨ ᠳ᠋ᠢ ᠺᠤᠸᠠᠩ ᠪᠠᠷᠠᠭᠤᠨ ᠳᠡᠳ᠋ ᠠᠰᠠᠷ ᠤᠨ 1 ᠳ᠋ᠤᠭᠡᠷ ᠠᠰᠠᠷ ᠤᠨ 112 ᠲᠠᠰᠤᠭ᠃    ᠳᠠᠭᠠᠯᠳᠤᠭᠤᠯᠤᠯ᠄ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷᠯᠢᠭ ᠬᠠᠶᠢᠯᠤᠭᠤᠯᠬᠤ ᠵᠡᠷᠭᠡ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠶᠤᠯ ᠥᠬᠡᠶ ᠦᠢᠯᠡᠳᠪᠦᠷᠢᠯᠡᠯ ᠤᠨ ᠬᠤᠶᠠᠳᠤᠭᠠᠷ ᠳᠡᠰ ᠤᠨ ᠪᠠᠷᠢᠮᠵᠢᠶᠠᠵᠢᠭᠤᠯᠤᠭᠰᠠᠨ ᠲᠠᠰ ᠲᠣᠭᠲᠠᠭᠠᠨ ᠬᠢᠨᠠᠨ ᠲᠣᠭᠲᠠᠭᠠᠬᠤ ᠪᠠᠷ ᠳᠠᠮᠵᠢᠭᠰᠠᠨ ᠠᠵᠤ ᠠᠬᠤᠶᠢᠯᠠᠯ ᠤᠨ ᠨᠡᠷᠡᠰ ︵ᠬᠤᠶᠠᠳᠤᠭᠠᠷ ᠪᠦᠯᠦᠭ︶᠃    https://yjglt.nmg.gov.cn/yjt_index/tzgg/202407/t20240704_2537965.html
 
ᠢᠷᠡᠯᠲᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号