ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠠᠵᠢᠯᠯᠠᠬᠤ ᠳᠤᠭᠤᠶᠢᠯᠠᠩ ᠲᠣᠮᠢᠯᠠᠵᠤ ᠠᠶᠢᠮᠠᠭ ᠬᠤᠲᠠ ᠳᠤ ᠬᠦᠷᠴᠦ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/7/15
    7 ᠰᠠᠷ᠎ᠠ ᠶᠢᠨ 10 ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ 2 ᠠᠵᠢᠯᠯᠠᠬᠤ ᠳᠤᠭᠤᠶᠢᠯᠠᠩ ᠲᠣᠮᠢᠯᠠᠵᠤ ᠵᠡᠭᠦᠨ ᠪᠠᠷᠠᠭᠤᠨ ᠣᠷᠣᠨ ᠤ ᠠᠶᠢᠮᠠᠭ ᠬᠤᠲᠠ ᠳᠤ ᠬᠦᠷᠴᠦ ᠦᠶᠡᠷ ᠢ ᠰᠡᠷᠭᠡᠶᠢᠯᠡᠬᠦ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠤᠯᠤᠰ ᠲᠦᠷᠦ ᠶᠢᠨ ᠬᠡᠯᠲᠡᠰ ᠤᠨ ᠡᠷᠬᠢᠯᠡᠭᠴᠢ ᠶᠢᠨ ᠳ᠋ᠧ ᠪᠦᠯᠬᠦᠮ ᠳᠠᠭᠠᠭᠤᠯᠤᠨ ᠬᠥᠬᠡᠬᠤᠲᠠ᠂ ᠪᠤᠭᠤᠲᠤ ᠬᠤᠳᠠ ᠳᠤ ᠬᠦᠷᠴᠦ ᠠᠭᠤᠯᠠᠨ ᠦᠶᠡᠷ ᠤᠨ ᠭᠤᠤ ᠪᠣᠯᠤᠨ ᠠᠶᠤᠯᠲᠠᠢ ᠤᠰᠤ ᠥᠩᠭᠡᠷᠡᠬᠦ ᠵᠠᠮ ᠤᠨ ᠨᠢᠭᠤᠷ ᠲᠠᠯ᠎ᠠ ᠶᠢᠨ ᠬᠠᠷᠢᠭᠤᠴᠠᠯᠭᠠᠲᠠᠨ ᠢ ᠠᠵᠢᠯ ᠤᠨ ᠪᠠᠶᠢᠷᠢ ᠳᠤᠨᠢ ᠬᠦᠷᠭᠡᠵᠦ᠂ ᠪᠣᠭᠤᠮᠲᠠ ᠪᠠᠶᠢᠭᠤᠯᠤᠭᠰᠠᠨ ᠵᠡᠷᠭᠡ ᠪᠠᠶᠢᠳᠠᠯ ᠢ ᠲᠤᠰᠬᠠᠢ ᠱᠠᠯᠠᠪᠳᠠᠭᠤᠯᠤᠨ ᠵᠢᠯᠣᠭᠤᠳᠪᠠ᠃
W020240715558789936651.png    
    ᠠᠵᠢᠯᠯᠠᠬᠤ ᠳᠤᠭᠤᠶᠢᠯᠠᠩ ᠤᠨ ᠬᠢᠨ ᠡᠯ᠎ᠡ ᠭᠠᠵᠠᠷ ᠤᠨ ᠵᠢᠵᠢᠭᠦᠷᠯᠡᠨ ᠰᠠᠬᠢᠬᠤ ᠪᠠ ᠠᠭᠤᠯᠠᠨ ᠦᠶᠡᠷ ᠤᠨ ᠭᠤᠤ᠂ ᠠᠶᠤᠯ ᠲᠦᠭᠰᠢᠭᠦᠷᠢ ᠲᠠᠢ ᠤᠰᠤᠨ ᠵᠠᠮ ᠢᠶᠠᠷ ᠥᠩᠭᠡᠷᠡᠬᠦ ᠶᠢ ᠰᠡᠷᠭᠡᠶᠢᠯᠡᠨ ᠠᠷᠭᠠᠴᠠᠭᠠᠬᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠬᠠᠷᠠᠴᠢᠨ ᠭᠤᠤ ᠭᠤᠣᠯ᠂ ᠮᠢᠯᠢ ᠭᠤᠤ ᠪᠠᠷ ᠥᠩᠭᠡᠷᠡᠬᠦ ᠵᠠᠮ᠂ ᠳ᠋ᠧ ᠱᠧᠩ ᠭᠤᠤ ᠰᠢᠶᠠᠩ ᠤᠨ ᠭᠡᠳᠡᠷᠬᠦ ᠭᠤᠤ ᠵᠢᠴᠢ ᠤᠰᠤ ᠪᠠᠷ ᠥᠩᠭᠡᠷᠡᠬᠦ ᠵᠠᠮ᠂ ᠮᠠᠶᠢᠳᠠᠷᠢ ᠭᠤᠤ ᠪᠠᠷ ᠥᠩᠭᠡᠷᠡᠬᠦ ᠵᠠᠮ᠂ ᠽᠤᠤ ᠭᠸᠦ᠂ ᠪᠠᠶᠠᠨ ᠭᠤᠤ᠂ ᠸᠤ᠋ ᠯᠦᠩ ᠴᠢᠤᠸᠠᠨ ᠽᠢ ᠠᠭᠤᠯᠠ ᠶᠢᠨ ᠦᠶᠡᠷ ᠤᠨ ᠭᠤᠤ᠂ ᠮᠧᠢ ᠯᠢᠨ ᠪᠠᠯᠭᠠᠰᠤ ᠶᠢᠨ ᠠᠭᠤᠯᠠᠨ ᠦᠶᠡᠷ ᠤᠨ ᠭᠤᠤ᠂ ᠴᠠᠩ ᠴᠢᠩ ᠼᠦᠨ ᠲᠣᠰᠬᠤᠨ ᠤ ᠠᠭᠤᠯᠠᠨ ᠦᠶᠡᠷ ᠤᠨ ᠭᠤᠤ᠂ ᠠ ᠲᠠ ᠱᠠᠨ ᠤᠰᠤᠨ ᠴᠥᠭᠦᠷᠥᠮ᠂ ᠰᠢᠶᠠ ᠱᠢ ᠬᠤᠤ ᠪᠠᠯᠭᠠᠰᠤ ᠶᠢᠨ ᠤᠰᠤᠨ ᠵᠠᠮ ᠢᠶᠠᠷ ᠥᠩᠭᠡᠷᠡᠬᠦ ᠵᠡᠷᠭᠡ ᠦᠶᠡᠷ ᠢ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠪᠦᠰᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠬᠠᠷᠢᠶ᠎ᠠ ᠭᠠᠵᠠᠷ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠦᠶᠡᠷ ᠢ ᠰᠡᠷᠭᠡᠶᠢᠯᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠠᠢ᠃    ᠠᠵᠢᠯᠯᠠᠬᠤ ᠳᠤᠭᠤᠶᠢᠯᠠᠩ ᠠᠴᠠ᠂ ᠮᠠᠨ ᠤ ᠣᠷᠣᠨ ᠨᠢᠭᠡᠨᠲᠡ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠶᠤᠯ ᠲᠦᠭᠰᠢᠭᠦᠷᠢ ᠶᠢᠨ ᠤᠬᠠᠮᠰᠠᠷ ᠪᠣᠯᠤᠨ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠵᠤ᠂ ᠡᠯ᠎ᠡ ᠵᠦᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠪᠠᠷ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠨᠢᠭᠡ ᠳᠤ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠯᠠᠩᠭᠤᠶ᠎ᠠ ᠠᠭᠤᠯᠠᠨ ᠦᠶᠡᠷ ᠤᠨ ᠭᠤᠤ᠂ ᠠᠶᠤᠯ ᠲᠦᠭᠰᠢᠭᠦᠷᠢ ᠲᠠᠢ ᠤᠰᠤᠨ ᠵᠠᠮ ᠢᠶᠠᠷ ᠥᠩᠭᠡᠷᠡᠬᠦ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠡᠷᠬᠡᠪᠰᠢ ᠠᠵᠢᠯ ᠤᠨ ᠪᠠᠶᠢᠷᠢ ᠳᠤ ᠭᠠᠷᠴᠤ ᠪᠣᠳᠠᠲᠠᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠬᠦᠨᠳᠦ ᠶᠡᠭᠡ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠢ ᠢᠯᠡᠷᠡᠭᠦᠯᠵᠦ᠂ ᠴᠠᠭ ᠲᠤᠬᠠᠢ ᠳᠤᠨᠢ ᠵᠠᠮ ᠢ ᠪᠢᠲᠡᠭᠦᠮᠵᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠲᠡᠷᠭᠡ ᠬᠥᠰᠬᠡ ᠬᠥᠮᠦᠰ ᠤᠨ ᠠᠭᠤᠯᠠᠨ ᠦᠶᠡᠷ ᠤᠨ ᠭᠤᠤ᠂ ᠤᠰᠤᠨ ᠵᠠᠮ ᠢᠶᠠᠷ ᠥᠩᠭᠡᠷᠡᠬᠦ ᠶᠢ ᠴᠠᠭᠠᠵᠠᠯᠠᠵᠤ᠂ ᠬᠥᠮᠦᠨ ᠬᠠᠷ᠎ᠠ ᠠᠳᠡᠵᠦ ᠰᠢᠷᠬᠠᠲᠤᠬᠤ ᠠᠴᠠ ᠡᠷᠡᠰ ᠵᠠᠶᠢᠯᠠᠰᠬᠢᠬᠦ ᠬᠡᠷᠡᠭᠲᠡᠢ︔ ᠬᠤᠶᠠᠷ ᠲᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠭᠤᠯᠠᠨ ᠦᠶᠡᠷ ᠤᠨ ᠭᠠᠮᠰᠢᠭ ᠤᠨ ᠠᠶᠤᠯ ᠲᠦᠭᠰᠢᠭᠦᠷᠢ ᠶᠢᠨ ᠣᠷᠣᠨ᠂ ᠭᠠᠵᠠᠷ ᠤᠨ ᠭᠠᠮᠰᠢᠭ ᠤᠨ ᠬᠡᠮ ᠰᠣᠭᠤᠭ ᠤᠨ ᠴᠡᠭ᠂ ᠬᠤᠲᠠ ᠶᠢᠨ ᠬᠤᠲᠣᠭᠤᠷ ᠭᠠᠵᠠᠷ ᠠᠮᠠᠷᠬᠠᠨ ᠤᠰᠤᠲᠤᠬᠤ ᠣᠷᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠲᠦᠷᠭᠡᠨ ᠤ ᠵᠠᠰᠠᠮᠠᠯ ᠵᠠᠮ ᠤᠨ ᠲᠡᠮᠦᠷ ᠵᠠᠮ ᠳᠠᠭᠠᠤ᠂ ᠬᠥᠭᠦᠷᠭᠡ ᠭᠤᠯᠳᠤᠩ ᠨᠦᠬᠡᠨ ᠵᠠᠮ ᠵᠡᠷᠭᠡ ᠬᠡᠮ ᠰᠣᠭᠤᠭ ᠣᠷᠣᠰᠢᠵᠤ ᠪᠠᠶᠢᠭ᠎ᠠ ᠭᠤᠤᠯᠳᠠᠯᠭ᠎ᠠ ᠲᠠᠢ ᠭᠠᠵᠠᠷ ᠣᠷᠣᠨ ᠪᠣᠯᠤᠨ ᠵᠠᠩᠭᠢᠯᠠᠭ᠎ᠠ ᠶᠢᠨ ᠬᠦᠷᠢᠶᠡᠨ ᠳᠤ᠂ ᠠᠶᠤᠯ ᠲᠦᠭᠰᠢᠭᠦᠷᠢ ᠶᠢ ᠠᠷᠢᠯᠭᠠᠵᠤ ᠬᠡᠮ ᠰᠣᠭᠤᠭ ᠢ ᠠᠷᠢᠯᠭᠠᠬᠤ ᠶᠢ ᠴᠢᠨᠠᠭᠰᠢᠳᠠ ᠴᠢᠩᠭᠠᠳᠬᠠᠬᠤ ᠬᠡᠷᠡᠭᠲᠡᠶ︔ ᠭᠤᠷᠪᠠ ᠳᠤ᠂ ᠢᠨᠵᠧᠨᠧᠷᠢᠩ ᠤᠨ ᠰᠡᠷᠭᠡᠶᠢᠯᠡᠨ ᠬᠠᠮᠠᠭᠠᠯᠠᠬᠤ ᠪᠠ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠠᠶᠤᠯ ᠲᠦᠭᠰᠢᠭᠦᠷᠢ ᠲᠠᠢ ᠤᠰᠤᠨ ᠵᠠᠮ ᠢᠶᠠᠷ ᠥᠩᠭᠡᠷᠡᠬᠦ ᠳᠤ ᠰᠡᠷᠭᠡᠶᠢᠯᠡᠨ ᠬᠠᠮᠠᠭᠠᠯᠠᠬᠤ ᠪᠠᠭᠠᠨ᠎ᠠ ᠪᠤᠰᠬᠠᠵᠤ᠂ ᠠᠭᠤᠯᠠᠨ ᠦᠶᠡᠷ ᠭᠡᠨᠡᠳᠲᠡ ᠡᠭᠦᠰᠬᠦ ᠬᠤᠭᠤᠴᠠᠭᠠᠨ ᠳᠤ ᠲᠡᠷᠭᠡ ᠬᠥᠰᠬᠡ ᠤᠰᠤᠨ ᠵᠠᠮ ᠢᠶᠠᠷ ᠥᠩᠭᠡᠷᠡᠬᠦ ᠳᠤ ᠬᠥᠮᠦᠨ ᠬᠠᠷ᠎ᠠ ᠠᠳᠡᠵᠦ ᠰᠢᠷᠬᠠᠲᠤᠬᠤ ᠶᠢ ᠡᠷᠡᠰ ᠬᠤᠷᠢᠭᠯᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠣᠨᠢᠨ ᠮᠡᠳᠡᠭᠡᠨ ᠤ ᠵᠠᠭᠤᠴᠢᠯᠠᠭᠤᠷ ᠲᠤ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠨᠡᠶᠢᠲᠡᠯᠡᠵᠦ ᠨᠡᠪᠲᠡᠷᠡᠭᠦᠯᠬᠦ ᠶᠢᠨ ᠬᠠᠮᠲᠤ ᠭᠠᠷ ᠤᠲᠠᠰᠤᠨ ᠤ ᠣᠬᠤᠷ ᠮᠡᠳᠡᠭᠡ ᠪᠠᠷ ᠠᠮᠤᠷ ᠲᠦᠪᠰᠢᠨ ᠤ ᠰᠠᠨᠠᠭᠤᠯᠤᠮᠵᠢ ᠥᠭᠴᠦ᠂ ᠣᠯᠠᠨ ᠨᠡᠶᠢᠲᠡ ᠳᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠴᠢᠩᠭᠠᠳᠬᠠᠬᠤ ᠶᠢ ᠰᠠᠨᠠᠭᠤᠯᠬᠤ ᠬᠡᠷᠡᠭᠲᠡᠶ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号