ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ 6 ᠳ᠋ᠤᠭᠠᠷ | ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠠᠭᠤᠴᠢᠨ ᠮᠠᠰᠢᠨ ᠲᠡᠷᠭᠡ ᠶᠢ ᠰᠢᠨ᠎ᠡ ᠪᠠᠷ | ᠰᠣᠯᠢᠬᠤ ᠲᠦᠷᠦᠭᠦᠦ ᠪᠦᠯᠦᠭ ᠨᠥᠬᠦᠪᠥᠷᠢ ᠶᠢ 2.14 ᠳ᠋ᠦᠩᠰᠢᠭᠤᠷ ᠲᠥᠭᠦᠷᠢᠭ ᠪᠠᠭᠤᠯᠭᠠᠵᠤ᠂ ᠪᠦᠬᠦ ᠣᠷᠣᠨ ᠤ | ᠬᠡᠪᠴᠢᠶᠡᠨ ᠳᠤ ᠬᠠᠭᠤᠴᠢᠨ ᠮᠠᠰᠢᠨ ᠲᠡᠷᠭᠡ ᠶᠢ ᠰᠢᠨ᠎ᠡ ᠪᠠᠷ ᠰᠣᠯᠢᠬᠤ ᠠᠵᠢᠯ ᠥᠷᠨᠢᠭᠦᠯᠬᠦ ᠶᠢ ᠳᠡᠮᠵᠢᠪᠡ᠃ | ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠠᠭᠤᠴᠢᠨ ᠬᠡᠷᠡᠭᠯᠡᠭᠡᠨ ᠤ ᠵᠦᠢᠯᠡᠰ ᠢ ᠰᠢᠨ᠎ᠡ ᠪᠠᠷ | ᠰᠣᠯᠢᠬᠤ ᠶᠢ ᠠᠬᠢᠭᠤᠯᠵᠤ᠂ ᠥᠪᠥᠷ ᠮᠣᠩᠭᠤᠯ ᠤᠨ ᠮᠠᠰᠢᠨ ᠲᠡᠷᠭᠡᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ | ᠬᠡᠷᠡᠭᠯᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠵᠤ᠂ ᠥᠨᠳᠥᠷ ᠦᠷ᠎ᠡ ᠪᠦᠲᠦᠮᠵᠢ ᠲᠠᠢ᠂ | ᠡᠨᠧᠷᠭᠢ ᠶᠢᠨ ᠬᠤᠷᠣᠭᠳᠠᠯ ᠪᠠᠭ᠎ᠠ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠤᠯᠠᠮ ᠨᠢᠭᠡ ᠠᠯᠬᠤᠮ ᠪᠣᠶ | ᠪᠣᠯᠭᠠᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠠᠵᠢᠯ ᠤᠨ | ᠪᠠᠶᠢᠷᠢᠯᠠᠭᠤᠯᠤᠯᠲᠠ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠬᠠᠭᠤᠴᠢᠨ | ᠬᠡᠷᠡᠭᠯᠡᠭᠡᠨ ᠤ ᠵᠦᠢᠯᠡᠰ ᠢ ᠰᠢᠨ᠎ᠡ ᠪᠠᠷ ᠰᠣᠯᠢᠬᠤ ᠶᠢ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠳ᠋ ᠤᠨ ᠬᠦᠴᠦᠨ ᠢ ᠢᠳᠡᠪᠬᠢᠲᠡᠶ ᠨᠢᠭᠡᠳᠦᠯᠲᠡᠶ | ᠲᠦᠯᠦᠪᠯᠡᠨ᠂ ᠡᠳ᠋ ᠤᠨ ᠵᠠᠰᠠᠭ ᠤᠨ ᠨᠥᠬᠦᠪᠥᠷᠢ ᠶᠢ ᠡᠷᠴᠢᠮᠵᠢᠭᠦᠯᠵᠦ᠂ ᠲᠥᠪ ᠤᠨ ᠡᠳ᠋ ᠤᠨ ᠵᠠᠰᠠᠭ ᠤᠨ | ᠨᠥᠬᠦᠪᠥᠷᠢ ᠶᠢᠨ ᠰᠠᠭᠤᠷᠢᠨ ᠳᠡᠭᠡᠷ᠎ᠡ ᠨᠥᠬᠦᠪᠥᠷᠢ ᠶᠢᠨ ᠪᠠᠷᠢᠮᠵᠢᠶ᠎ᠠ ᠶᠢ 2000 ᠲᠥᠭᠦᠷᠢᠭ / ᠲᠡᠷᠭᠡ ᠪᠣᠯᠭᠠᠨ | ᠳᠡᠭᠡᠭᠰᠢᠯᠡᠭᠦᠯᠪᠡ᠃ ᠲᠤᠬᠠᠶᠢᠯᠠᠪᠠᠯ᠄ ᠬᠤᠯᠪᠣᠭᠳᠠᠯ ᠪᠦᠬᠦᠢ ᠨᠥᠬᠦᠴᠡᠯ ᠳᠤ ᠨᠡᠶᠢᠴᠡᠬᠦ ᠬᠤᠪᠢ ᠬᠥᠮᠦᠨ ᠬᠡᠷᠡᠭᠯᠡᠭᠴᠢ | ᠲᠡᠭᠡᠭᠡᠪᠦᠷᠢ ᠶᠢᠨ ᠪᠤᠰᠤ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠬᠤ᠂ 2.0L ︵ | ᠪᠠᠭᠲᠠᠭᠠᠨ᠎ᠠ︶ ᠭᠠᠳᠠᠭᠰᠢᠯᠠᠭᠤᠯᠬᠤ ᠪᠠᠷᠢᠮᠵᠢᠶ᠎ᠠ ᠠᠴᠠ ᠳᠣᠷᠣᠭᠰᠢᠬᠢ ᠲᠡᠭᠡᠭᠡᠪᠦᠷᠢ ᠶᠢᠨ ᠪᠤᠰᠤ ᠲᠣᠰᠣ | ᠰᠢᠲᠠᠭᠠᠯᠭ᠎ᠠ ᠶᠢᠨ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠬᠤ ᠳᠤ ᠲᠤᠰ ᠲᠤᠰ 12000 ᠲᠥᠭᠦᠷᠢᠭ / | ᠲᠡᠷᠭᠡ᠂ 9000 ᠲᠥᠭᠦᠷᠢᠭ / ᠲᠡᠷᠭᠡ ᠶᠢᠨ ᠨᠥᠬᠦᠪᠥᠷᠢ ᠶᠢᠨ ᠪᠠᠷᠢᠮᠵᠢᠶ᠎ᠠ ᠶᠣᠰᠣᠭᠠᠷ ᠨᠥᠬᠦᠪᠥᠷᠢ ᠣᠯᠭᠤᠨ᠎ᠠ᠃ | ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠭᠤᠴᠢᠨ | ᠮᠠᠰᠢᠨ ᠲᠡᠷᠭᠡ ᠶᠢ ᠰᠢᠨ᠎ᠡ ᠪᠠᠷ ᠰᠣᠯᠢᠬᠤ ᠠᠵᠢᠯ ᠤᠨ ᠠᠬᠢᠴᠠ ᠶᠣᠰᠣᠭᠠᠷ᠂ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠲᠠᠢ ᠬᠠᠮᠲᠤᠷᠠᠨ ᠵᠠᠯᠭᠠᠮᠵᠢ ᠨᠥᠬᠦᠪᠥᠷᠢ ᠶᠢᠨ ᠪᠠᠯᠠ ᠮᠥᠩᠭᠦ ᠶᠢ ᠰᠠᠯᠭᠠᠨ ᠥᠭᠴᠦ᠂ ᠪᠥᠬᠦ ᠣᠷᠣᠨ ᠤ | ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠭᠡᠬᠦ ᠪᠠ ᠬᠠᠭᠤᠴᠢᠨ ᠬᠡᠷᠡᠭᠯᠡᠭᠡᠨ ᠤ ᠵᠦᠢᠯᠡᠰ ᠢ ᠰᠢᠨ᠎ᠡ ᠪᠠᠷ | ᠰᠣᠯᠢᠬᠤ ᠳᠤ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠬᠡᠷᠡᠭᠯᠡᠭᠡᠨ ᠤ ᠲᠠᠰ | ᠳᠡᠪᠰᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠪᠣᠬᠢᠷᠲᠤᠯ ᠥᠬᠡᠶ ᠳᠣᠣᠷ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ |