ᠵᠤᠨ ᠤ ᠠᠮᠠᠷᠠᠯᠲᠠ ᠶᠢᠨ ᠬᠤᠭᠤᠴᠠᠭᠠᠨ ᠳᠤ ᠠᠶᠤᠯᠲᠠᠶ ᠤᠰᠤᠨ ᠣᠷᠣᠨ ᠠᠴᠠ ᠬᠤᠯᠠ ᠪᠠᠶᠢᠵᠤ᠂  ᠤᠰᠤᠨ ᠳᠤ ᠴᠠᠴᠠᠬᠤ ᠠᠳᠡᠯ ᠭᠠᠷᠬᠤ ᠠᠴᠠ ᠰᠡᠷᠡᠮᠵᠢᠯᠡᠬᠦ ᠬᠡᠷᠡᠭᠲᠡᠶ
ᠨᠡᠶᠢᠲᠡᠯᠡᠭᠰᠡᠨ ᠴᠠᠭ᠄
2024/7/16
    ᠵᠤᠨ ᠠᠴᠠ ᠨᠠᠭᠠᠰᠢ᠂ ︽ᠬᠡᠭᠡᠷ᠎ᠡ ᠶᠢᠨ ᠤᠮᠪᠠᠯᠲᠠ︾ ᠶᠢ ᠰᠣᠩᠭᠤᠵᠤ ᠰᠡᠷᠢᠭᠦᠴᠡᠬᠦ ᠬᠥᠮᠦᠨ ᠡᠳᠦᠷ ᠢᠷᠡᠬᠦᠶ᠎ᠡ ᠨᠡᠮᠡᠭᠳᠡᠭᠰᠡᠨ ᠪᠣᠯᠪᠠᠴᠤ  ᠦᠬᠦᠬᠦ ᠠᠶᠤᠯ ᠴᠤ ᠨᠡᠮᠡᠭᠳᠡᠭᠰᠡᠨ ᠪᠠᠢᠨ᠎ᠠ᠃    ᠬᠡᠭᠡᠷ᠎ᠡ ᠭᠠᠳᠠᠨ᠎ᠠ ᠴᠠᠴᠠᠵᠤ ᠦᠬᠦᠭᠰᠡᠨ ᠠᠳᠡᠯ ᠣᠯᠠᠨ ᠭᠠᠷᠳᠠᠭ᠃ ᠡᠨᠡ ᠵᠢᠯ ᠤᠨ ᠬᠡᠦᠬᠡᠳ ᠤᠨ ᠪᠠᠶᠠᠷ ᠤᠨ ᠡᠳᠦᠷ᠂ ᠭᠤᠸᠠᠩᠵᠧᠦ ᠶᠢᠨ ᠪᠠᠶ ᠶᠦᠨ ᠲᠣᠭᠤᠷᠢᠭ ᠤᠨ ᠬᠡᠳᠦᠨ ᠪᠠᠭᠠᠴᠤᠳ ︽ᠰᠦᠯᠵᠢᠶᠡᠨ ᠤ ᠤᠯᠠᠭᠠᠨ ᠨᠠᠭᠤᠷ︾ ᠤᠨ ᠬᠡᠭᠡᠷ᠎ᠡ ᠤᠮᠪᠠᠭ᠋ᠤ ᠠᠵᠢᠯᠯᠠᠭ᠎ᠠ ᠳᠤ ᠣᠷᠣᠯᠴᠠᠪᠠ᠃ ᠲᠤᠬᠠᠶ ᠶᠢᠨ ᠭᠠᠵᠠᠷ ᠤᠨ ᠰᠣᠶᠣᠯ ᠵᠢᠭᠤᠯᠴᠢᠯᠠᠯ ᠤᠨ ᠲᠣᠪᠴᠢᠶᠠᠨ ᠤ ᠮᠡᠳᠡᠭᠡ ᠶᠢ ᠦᠨᠳᠦᠰᠦᠯᠡᠪᠡᠯ᠂ ᠲᠣᠰ ᠭᠠᠵᠠᠷ ᠢ ᠨᠡᠭᠡᠭᠡᠨ ᠠᠰᠢᠭᠯᠠᠭᠰᠠᠨ ᠥᠬᠡᠶ ᠮᠥᠷᠲᠡᠭᠡᠨ ᠤᠰᠤ ᠨᠢ ᠭᠦᠨ ᠮᠥᠷᠲᠡᠭᠡᠨ ᠬᠦᠢᠳᠡᠨ ᠪᠠᠶᠢᠵᠤ᠂ ᠲᠡᠭᠦᠨ ᠤ ᠳᠣᠲᠣᠷᠠᠬᠢ ᠨᠢᠭᠡ ᠬᠡᠤᠬᠡᠳ ᠨᠢ ᠠᠵᠠ ᠪᠤᠰᠤ ᠪᠠᠷ ᠤᠰᠤᠨ ᠳᠤ ᠵᠢᠪᠴᠦ᠂ ᠴᠠᠭ ᠲᠤᠬᠠᠶ ᠳᠤᠨᠢ ᠠᠪᠤᠷᠠᠵᠤ ᠰᠠᠶ᠋ᠢ ᠠᠮᠢ ᠨᠠᠰᠤᠨ ᠤ ᠪᠠᠶᠢᠳᠠᠯ ᠢᠶᠠᠨ ᠰᠡᠷᠭᠦᠭᠡᠵᠦ ᠴᠢᠳᠠᠪᠠ︔ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠡᠳᠦᠷ᠂ ᠾᠧᠪᠧᠶ ᠶᠢᠨ ᠪᠦᠦ ᠳ᠋ᠢᠩ ᠤᠨ ᠨᠢᠭᠡᠨ ᠵᠠᠯᠠᠭᠤ ᠬᠡᠭᠡᠷ᠎ᠡ ᠭᠠᠳᠠᠨ᠎ᠠ ᠤᠰᠤᠨ ᠳᠤ ᠤᠮᠪᠠᠵᠤ ᠪᠠᠶᠢᠭᠠᠳ ᠠᠶᠤᠯ ᠳᠤ ᠤᠴᠠᠷᠠᠵᠤ᠂ ᠠᠪᠤᠷᠠᠨ ᠲᠤᠰᠠᠯᠠᠭᠴᠢᠳ ᠲᠡᠭᠦᠨ ᠢ ᠡᠷᠢᠵᠦ ᠤᠯᠬᠤ ᠦᠶ᠎ᠡ ᠳᠤ ᠨᠢᠭᠡᠨᠲᠡ ᠠᠮᠢ ᠨᠠᠰᠤᠨ ᠤ ᠮᠥᠷ ᠰᠤᠷᠠᠭ ᠦᠭᠡᠶ ᠪᠣᠯᠵᠠᠶ︔ 6 ᠰᠠᠷ᠎ᠠ ᠶᠢᠨ 25 ᠤ ᠡᠳᠦᠷ᠂ ᠬᠠᠶᠢᠨᠠᠨ ᠤ ᠨᠢᠭᠡᠨ 8 ᠨᠠᠰᠤᠲᠠᠶ ᠵᠢᠭᠠᠯ ᠬᠦᠦ ᠭᠠᠷᠠᠮ ᠳᠤ ᠴᠠᠴᠠᠵᠤ᠂ ᠠᠪᠤᠷᠠᠭᠳᠠᠨ ᠡᠷᠭᠢ ᠳᠤ ᠭᠠᠷᠤᠭᠰᠠᠨ ᠤ ᠳᠠᠷᠠᠭ᠎ᠠ ᠵᠢᠷᠦᠬᠡᠨ ᠴᠣᠬᠢᠯᠭ᠎ᠠ ᠨᠢ ᠵᠣᠭᠰᠣᠵᠤ᠂ ᠠᠮᠠᠨ ᠠᠴᠠ ᠪᠠᠨ ᠬᠥᠭᠡᠰᠦ ᠪᠥᠭᠡᠯᠵᠢᠵᠦ᠂ ᠤᠬᠠᠭᠠᠨ ᠠᠯᠳᠠᠵᠠᠶ᠂ ᠪᠠᠶᠢᠳᠠᠯ ᠲᠦᠢᠯ ᠤᠨ ᠠᠶᠤᠯᠲᠠᠶ ᠪᠠᠶᠢᠵᠤ᠂ ᠵᠣᠯ ᠢᠶᠠᠷ ᠵᠠᠮ ᠢᠶᠠᠷ ᠥᠩᠭᠡᠷᠡᠬᠦ ᠠᠷᠠᠳ ᠤᠨ ᠴᠠᠭᠳᠠᠭ᠎ᠠ 120 ᠳᠤ ᠤᠲᠠᠰᠤᠳᠠᠵᠤ ᠬᠡᠦᠬᠡᠳ ᠢᠶᠠᠨ ᠡᠮᠨᠡᠯᠭᠡ ᠳᠤ ᠬᠦᠷᠭᠡᠵᠡᠶ᠂ ᠢᠩᠭᠢᠭᠡᠳ ᠰᠠᠶ᠋ᠢ ᠠᠮᠢ ᠨᠠᠰᠤᠨ ᠤ ᠠᠶᠤᠯ ᠠᠴᠠ ᠮᠤᠯᠲᠤᠷᠠᠵᠠᠶ᠃    ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠵᠣᠨ ᠤ ᠠᠮᠠᠷᠠᠯᠲᠠ ᠶᠢᠨ ᠬᠤᠭᠤᠴᠠᠭ᠎ᠠ ᠪᠣᠯ ᠵᠠᠯᠠᠭᠤᠴᠤᠳ ᠪᠠᠭᠠᠴᠤᠳ ᠤᠨ ᠤᠰᠤᠨ ᠳᠤ ᠴᠠᠴᠠᠵᠤ ᠥᠭᠦᠬᠦ ᠠᠳᠡᠯ ᠣᠯᠠᠨ ᠭᠠᠷᠳᠠᠭ ᠬᠤᠭᠤᠴᠠᠭ᠎ᠠ ᠪᠣᠯᠤᠨ᠎ᠠ᠃ ᠤᠰᠤᠨ ᠳᠤ ᠵᠢᠪᠬᠦ ᠭᠠᠵᠠᠷ ᠤᠨ ᠣᠯᠠᠩᠬᠢ ᠨᠢ ᠬᠡᠭᠡᠷ᠎ᠡ ᠭᠠᠳᠠᠨ᠎ᠠ᠂ ᠲᠡᠭᠦᠷᠭᠡ ᠵᠡᠷᠭᠡ ᠠᠮᠤᠷ ᠲᠦᠪᠰᠢᠨ ᠤ ᠪᠠᠲᠤᠯᠠᠭ᠎ᠠ ᠦᠭᠡᠢ ᠭᠤᠣᠯ ᠤᠨ ᠵᠠᠮ᠂ ᠤᠰᠤᠨ ᠴᠥᠭᠦᠷᠥᠮ ᠵᠡᠷᠭᠡ ᠭᠠᠵᠠᠷ ᠲᠤ ᠲᠥᠪᠯᠡᠷᠡᠵᠦ᠂ ᠣᠯᠠᠩᠬᠢ ᠨᠢ ᠤᠰᠤᠨ ᠳᠤ ᠤᠮᠪᠠᠵᠤ ᠵᠤᠰᠠᠳᠠᠭ᠃ ᠲᠤᠬᠠᠶ ᠶᠢᠨ ᠲᠠᠯᠠᠪᠤᠷ ᠲᠤ ︽ᠤᠰᠤ ᠭᠦᠨ ᠠᠶᠤᠯ ᠲᠦᠭᠰᠢᠭᠦᠷᠢ ᠲᠠᠢ ᠪᠢᠲᠡᠭᠡᠶ ᠣᠶᠢᠷᠠᠲᠤᠭᠠᠷᠠᠶ︾᠂ ︽ᠤᠮᠪᠠᠵᠤ ᠪᠣᠯᠬᠤ ᠥᠬᠡᠶ︾ ᠵᠡᠷᠭᠡ ᠰᠡᠷᠡᠮᠵᠢ ᠶᠢᠨ ᠫᠠᠶᠢᠰᠠ ᠪᠤᠰᠬᠠᠵᠤ᠂ ᠴᠢᠨᠠᠭᠰᠢᠯᠠᠪᠠᠯ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠢᠳᠬᠠᠨ ᠬᠤᠷᠢᠭᠯᠠᠭᠰᠠᠨ ᠪᠣᠯᠪᠠᠴᠤ ᠴᠥᠭᠡᠨ ᠪᠤᠰᠤ ᠬᠥᠮᠦᠰ ᠮᠥᠨ ᠯᠡ ᠤᠰᠤᠨ ᠳᠤ ᠣᠷᠣᠵᠤ ᠤᠮᠪᠠᠵᠤ ᠪᠠᠶᠢᠨ᠎ᠠ᠃ ᠡᠭᠦᠨ ᠠᠴᠠ ᠭᠠᠳᠠᠨ᠎ᠠ᠂ ᠰᠤᠷᠤᠭᠴᠢᠳ ᠤᠨ ᠥᠪᠡᠷ ᠢ ᠪᠠᠨ ᠠᠪᠤᠷᠬᠠᠤ ᠪᠠ ᠬᠠᠷᠢᠯᠴᠠᠨ ᠠᠪᠤᠷᠬᠠᠤ ᠴᠢᠳᠠᠪᠤᠷᠢ ᠪᠠᠷ ᠳᠤᠲᠠᠮᠠᠭ᠂ ᠠᠶᠤᠯ ᠲᠦᠭᠰᠢᠭᠦᠷᠢ ᠨᠢ ᠨᠠᠩ ᠥᠨᠳᠥᠷ ᠪᠠᠶᠢᠳᠠᠭ᠃    ᠠᠶᠤᠯᠲᠠᠶ ᠤᠰᠤᠨ ᠣᠷᠣᠨ ᠠᠴᠠ ᠬᠤᠯᠠ ᠪᠠᠶᠢᠵᠤ ᠤᠰᠤᠨ ᠳᠤ ᠴᠠᠴᠠᠬᠤ ᠠᠳᠡᠯ ᠭᠠᠷᠬᠤ ᠠᠴᠠ ᠵᠠᠶᠢᠯᠠᠰᠬᠢᠬᠦ ᠳᠤ ᠤᠷᠢᠳᠴᠢᠯᠠᠨ ᠰᠡᠷᠭᠡᠶᠢᠯᠡᠬᠦ ᠬᠡᠷᠡᠭᠲᠡᠶ᠃ ᠭᠤᠸᠠᠩᠳᠦ᠋ᠩ ᠮᠤᠵᠢ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠰᠠᠨᠠᠭᠤᠯᠤᠭᠰᠠᠨ ᠨᠢ᠂ ᠪᠠᠶᠢᠭᠠᠯᠢ ᠶᠢᠨ ᠤᠰᠤᠨ ᠣᠷᠣᠨ ᠤ ᠤᠰᠤᠨ ᠳᠤᠤᠷᠠᠬᠢ ᠳᠠᠯᠳᠠ ᠤᠷᠤᠰᠬᠠᠯ᠂ ᠳᠠᠯᠳᠠ ᠪᠣᠱᠤᠭ᠎ᠠ᠂ ᠤᠰᠤ ᠡᠪᠡᠰᠦ᠂ ᠭᠤᠤ ᠭᠠᠩᠭ᠎ᠠ ᠵᠡᠷᠭᠡ ᠨᠢ ᠴᠥᠮ ᠬᠥᠮᠦᠨ ᠳᠤ ᠠᠮᠢ ᠨᠠᠰᠤᠨ ᠤ ᠠᠶᠤᠯ ᠤᠴᠠᠷᠠᠭᠤᠯᠵᠤ ᠮᠡᠳᠡᠨ᠎ᠡ᠂ ᠵᠠᠯᠠᠭᠤ ᠪᠠᠭᠠᠴᠤᠳ ᠨᠠᠩ ᠴᠤ ᠠᠩᠬᠠᠷᠤᠨ ᠰᠡᠷᠭᠡᠶᠢᠯᠡᠬᠦ ᠬᠡᠷᠡᠭᠲᠡᠶ᠃    ᠨᠢᠭᠡ ᠲᠠᠯ᠎ᠠ ᠪᠠᠷ ᠭᠠᠭᠴᠠᠭᠠᠷ ᠢᠶᠠᠨ ᠤᠰᠤᠨ ᠳᠤ ᠤᠮᠪᠠᠵᠤ ᠪᠣᠯᠬᠤ ᠥᠬᠡᠶ᠂ ᠮᠡᠳᠡᠬᠦ ᠥᠬᠡᠶ᠂ ᠠᠮᠤᠷ ᠲᠦᠪᠰᠢᠨ ᠤ ᠲᠥᠬᠦᠭᠡᠷᠦᠮᠵᠢ ᠥᠬᠡᠶ᠂ ᠠᠪᠤᠷᠠᠨ ᠲᠤᠰᠠᠯᠠᠬᠤ ᠬᠥᠮᠦᠨ ᠥᠬᠡᠶ ᠠᠶᠤᠯᠲᠠᠶ ᠤᠰᠤᠨ ᠣᠷᠣᠨ ᠳᠤ ᠤᠮᠪᠠᠵᠤ ᠪᠣᠯᠬᠤ ᠥᠬᠡᠶ᠃ ᠨᠥᠭᠦᠭᠡ ᠲᠠᠯ᠎ᠠ ᠪᠠᠷ᠂ ᠳᠤᠷ᠎ᠠ ᠪᠠᠷ ᠢᠶᠠᠨ ᠤᠰᠤᠨ ᠳᠤ ᠣᠷᠣᠵᠤ ᠠᠪᠤᠷᠠᠯᠳᠠ ᠬᠢᠵᠦ ᠪᠣᠯᠬᠤ ᠥᠬᠡᠶ᠃ ᠤᠰᠤᠨ ᠳᠤ ᠵᠢᠪᠦᠭᠴᠢᠳ ᠠᠮᠢ ᠵᠢᠭᠤᠬᠤ ᠳᠠᠭᠠᠨ ᠬᠥᠮᠦᠨ ᠢ ᠰᠣᠴᠢᠭᠠᠮ᠎ᠠ ᠬᠦᠴᠦᠨ ᠴᠢᠳᠠᠯ ᠲᠠᠢ ᠪᠠᠶᠢᠵᠤ᠂ ᠲᠤᠰᠬᠠᠶ ᠮᠡᠷᠭᠡᠵᠢᠯ ᠤᠨ ᠪᠣᠯᠪᠠᠰᠤᠷᠠᠯ ᠬᠦᠷᠲᠡᠭᠰᠡᠨ ᠦᠭᠡᠢ ᠪᠤᠶᠤ ᠡᠯᠪᠡᠭ ᠲᠤᠷᠰᠢᠯᠭ᠎ᠠ ᠲᠠᠢ ᠬᠥᠮᠦᠨ ᠴᠦ ᠬᠥᠩᠭᠡᠨ ᠬᠠᠭᠤᠮᠠᠭᠠᠶ ᠪᠠᠷ ᠤᠰᠤᠨ ᠳᠤ ᠣᠷᠣᠵᠤ ᠠᠪᠤᠷᠠᠨ ᠲᠤᠰᠠᠯᠠᠵᠤ᠂ ᠭᠡᠳᠡᠷᠭᠦ ᠪᠠᠨ ᠤᠰᠤᠨ ᠳᠤ ᠴᠢᠷᠦᠭᠳᠡᠨ ᠣᠷᠣᠵᠤ ᠮᠡᠳᠡᠨ᠎ᠡ᠃    ᠬᠥᠮᠦᠨ ᠤᠰᠤᠨ ᠳᠤ ᠵᠢᠪᠦᠭᠰᠡᠨ ᠢ ᠮᠡᠳᠡᠪᠡᠯ᠂ ᠵᠥᠪ ᠠᠷᠭ᠎ᠠ ᠨᠢ ᠶᠡᠭᠡ ᠳᠠᠭᠤᠨ ᠢᠶᠠᠷ ᠨᠠᠰᠤᠨ ᠳᠤ ᠬᠦᠷᠦᠭᠰᠡᠳ ᠢ ᠳᠠᠭᠤᠳᠠᠵᠤ ᠬᠠᠪᠰᠤᠷᠤᠭᠤᠯᠬᠤ ᠬᠡᠷᠡᠭᠲᠡᠶ︔ 110 ᠳᠤ ᠤᠲᠠᠰᠤᠳᠠᠵᠤ᠂ 120 ᠳᠤ ᠤᠲᠠᠰᠤᠳᠠᠵᠤ ᠲᠤᠰᠬᠠᠶ ᠮᠡᠷᠭᠡᠵᠢᠯ ᠤᠨ ᠲᠤᠰᠠᠯᠠᠮᠵᠢ ᠡᠷᠢᠨ᠎ᠡ︔ ᠥᠪᠡᠷ ᠤᠨ ᠠᠮᠤᠷ ᠲᠦᠪᠰᠢᠨ ᠢᠶᠠᠨ ᠪᠠᠲᠤᠯᠠᠭᠰᠠᠨ ᠤᠷᠢᠲᠠᠯ ᠳᠣᠣᠷ᠎ᠠ᠂ ᠳᠡᠷᠭᠡᠳᠡᠬᠢ ᠬᠤᠯᠤᠰᠤᠨ ᠡᠰᠢ ᠪᠤᠶᠤ ᠬᠤᠪᠴᠠᠰᠤ ᠪᠠᠨ ᠤᠰᠤᠨ ᠳᠤ ᠵᠢᠪᠦᠭᠴᠢ ᠳᠤ ᠰᠤᠩᠭᠠᠨ ᠥᠭᠴᠦ ᠪᠣᠯᠤᠨ᠎ᠠ︔ ᠬᠥᠭᠡᠰᠦᠨ ᠬᠡᠰᠡᠭ᠂ ᠠᠪᠤᠷᠠᠬᠤ ᠴᠠᠭᠠᠷᠢᠭ᠂ ᠨᠢᠭᠲᠠ ᠪᠢᠲᠡᠭᠦᠮᠵᠢᠯᠡᠭᠰᠡᠨ ᠰᠦᠯᠢᠶᠣᠣ ᠯᠣᠩᠬᠤ ᠵᠡᠷᠭᠡ ᠬᠥᠪᠦᠮᠡᠯ ᠪᠣᠳᠠᠰ ᠢ ᠤᠰᠤᠨ ᠳᠤ ᠵᠢᠪᠦᠭᠴᠢ ᠵᠡᠷᠭᠡ ᠳᠤ ᠰᠢᠳᠡᠵᠦ ᠥᠭᠭᠦᠨ᠎ᠡ᠃    
 
ᠢᠷᠡᠯᠲᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号