ᠰᠢᠨᠬᠤᠸᠠ ᠬᠤᠷᠢᠶᠠᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 17 ᠤ ᠡᠳᠦᠷ ᠤᠨ ᠴᠠᠭᠢᠯᠭᠠᠨ ᠮᠡᠳᠡᠭᠡ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠤᠢ ᠶᠠᠩ | ᠲᠦᠮᠡᠨ ᠤᠯᠠᠨ ᠤ ᠠᠩᠬᠠᠷᠤᠯ ᠢ ᠲᠠᠲᠠᠭᠰᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠬᠦᠳᠡ ᠬᠤᠷᠠᠯᠳᠤᠭᠠᠨ ᠨᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ | ᠪᠠᠶᠢᠷᠢᠯᠠᠭᠤᠯᠤᠯᠲᠠ ᠬᠢᠬᠦ ᠪᠠᠷ ᠪᠠᠶᠢᠨ᠎ᠠ᠃ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠶᠢ ᠬᠡᠷᠬᠢᠨ ᠰᠠᠶᠢᠲᠤᠷ ᠠᠳᠬᠤᠪᠠᠯ ᠵᠣᠬᠢᠬᠤ ᠪᠤᠢ︖ ᠶᠡᠷᠦᠩᠬᠡᠶ ᠱᠦᠵᠢ ᠰᠢ ᠶᠢᠨ ᠫᠢᠩ | ᠴᠢᠬᠤᠯᠠᠴᠢᠯᠠᠬᠤ ᠳᠤ ᠪᠠᠨ᠄ ᠨᠠᠮ ᠤᠨ ᠬᠤᠷᠢᠶᠠᠨ ᠤ ᠱᠦᠵᠢ ᠨᠢ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ | ᠬᠤᠪᠢ ᠳᠤ᠂ ᠤᠳᠤᠷᠢᠳᠬᠤ ᠪᠠᠷ ᠪᠠᠷᠠᠬᠤ ᠦᠭᠡᠢ ᠣᠷᠣᠯᠴᠠᠵᠤ᠂ ᠪᠡᠶ᠎ᠡ ᠪᠠᠷ ᠢᠶᠠᠨ ᠥᠭᠡᠷᠡᠴᠢᠯᠡᠯᠲᠡ ᠶᠢ ᠠᠳᠬᠤᠬᠤ | ᠬᠡᠷᠡᠭᠲᠡᠶ ᠭᠡᠵᠡᠢ᠃ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ᠂ ᠥᠭᠡᠷᠡᠴᠢᠯᠡᠯᠲᠡ ᠶᠢᠨ | ᠬᠠᠷᠢᠭᠤᠴᠠᠯᠭ᠎ᠠ ᠶᠢᠨ ᠠᠳᠠᠯᠢ ᠪᠤᠰᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠢ | ᠪᠣᠯᠭᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ | ᠡᠭᠦᠷᠭᠡᠯᠡᠬᠦ ᠮᠥᠷᠲᠡᠭᠡᠨ ᠪᠠᠰᠠ ᠬᠠᠷᠢᠯᠴᠠᠨ ᠬᠠᠮᠵᠢᠯᠴᠠᠬᠤ ᠶᠢ ᠪᠡᠶᠡᠯᠡᠭᠦᠯᠬᠦ ᠬᠡᠷᠡᠭᠲᠡᠢ᠃ ᠡᠭᠦᠠ ᠳᠤ᠂ ᠨᠠᠮ ᠤᠨ | ᠬᠤᠷᠢᠶᠠᠨ ᠤ ᠱᠦᠵᠢ ᠪᠤᠯ ᠵᠠᠩᠭᠢᠯᠠᠭ᠎ᠠ ᠪᠤᠯᠬᠤ ᠪᠥᠭᠡᠳ ᠨᠢᠭᠡ ᠭᠠᠵᠠᠷ ᠣᠷᠣᠠ᠂ ᠨᠢᠭᠡ ᠨᠢᠭᠡᠴᠢ ᠶᠢᠨ ᠳᠦᠪ | ᠬᠤᠷᠢᠶᠠᠨ ᠤ ᠣᠢᠭᠡᠷᠠᠴᠢᠯᠠᠯᠲᠠ ᠶᠢᠨ ᠰᠢᠢᠣᠠᠪᠤᠷᠢᠲᠤ ᠪᠤᠲᠣᠯᠭ᠎ᠠ ᠶᠢᠨ ᠪᠠᠶᠢᠷᠢᠯᠠᠭᠤᠯᠣᠯᠲᠠ ᠶᠢ ᠲᠤᠭᠤᠰᠢᠯᠠᠭᠤᠯᠤᠨ | ᠨᠠᠶᠢᠲᠠᠪᠤᠷᠢᠵᠢᠭᠤᠯᠬᠤ ᠶᠢᠨ ᠨᠢᠭᠡᠲᠣᠭᠡᠷ ᠬᠠᠷᠢᠭᠤᠴᠠᠯᠭᠠᠲᠠᠨ ᠮᠦᠠ᠃ ᠨᠠᠮ ᠤᠨ ᠬᠤᠷᠢᠶᠠᠨ ᠤ ᠱᠦᠵᠢ ᠶᠢᠨ | ᠵᠣᠭᠰᠣᠯᠲᠠ ᠪᠠᠲᠤ ᠴᠢᠩᠭ᠎ᠠ᠂ ᠰᠡᠳᠬᠢᠮᠵᠢ ᠲᠣᠳᠣᠷᠬᠠᠶ ᠪᠠᠶᠢᠵᠤ᠂ ᠤᠳᠤᠷᠢᠳᠬᠤ ᠪᠠᠷ ᠪᠠᠷᠠᠬᠤ ᠦᠭᠡᠢ ᠣᠷᠣᠯᠴᠠᠪᠠᠯ᠂ | ᠥᠭᠡᠷᠡᠴᠢᠯᠡᠯᠲᠡ ᠶᠢ ᠰᠠᠶ᠋ᠢ ᠯᠠᠪᠳᠠᠭᠤᠨ ᠢᠶᠠᠷ ᠠᠬᠢᠭᠤᠯᠵᠤ᠂ ᠴᠢᠬᠤᠯᠠ ᠶᠡᠭᠡ ᠰᠢᠪᠲᠤᠯᠤᠯᠲᠠ ᠲᠠᠢ ᠪᠣᠯᠭᠠᠵᠤ ᠴᠢᠳᠠᠨ᠎ᠠ | ᠃ | ᠤᠳᠤᠷᠢᠳᠬᠤ ᠪᠠᠷ ᠪᠠᠷᠠᠬᠤ ᠦᠭᠡᠢ ᠣᠷᠣᠯᠴᠠᠬᠤ ᠳᠤ᠂ ᠥᠭᠡᠷᠡᠴᠢᠯᠡᠯᠲᠡ ᠶᠢᠨ ᠶᠡᠭᠡ ᠲᠤᠭ ᠢ ᠴᠢᠩᠭ᠎ᠠ | ᠬᠦᠴᠦᠲᠡᠢ ᠡᠷᠭᠦᠵᠦ᠂ ᠨᠠᠮ ᠤᠨ ᠥᠪᠡᠷ ᠤᠨ ᠪᠡᠶ᠎ᠡ ᠳᠤ ᠪᠠᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ | ᠬᠦᠳᠦᠯᠦᠨ ᠳᠠᠭᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠲᠠᠢ ᠪᠠᠶᠢᠬᠤ ᠶᠢ ᠪᠠᠲᠤᠯᠠᠵᠤ᠂ ᠥᠭᠡᠷᠡᠴᠢᠯᠡᠯᠲᠡ ᠶᠢᠨ | ᠵᠣᠷᠢᠭ ᠰᠠᠨᠠᠭ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠬᠤ ᠬᠡᠷᠡᠭᠲᠡᠢ᠃ ᠨᠠᠮ ᠠᠴᠠ ᠪᠦᠬᠦ ᠲᠠᠯ᠎ᠠ ᠶᠢ | ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠤᠨ ᠤᠳᠤᠷᠢᠳᠬᠤ ᠶᠢᠨ ᠭᠤᠣᠯᠯᠠᠭᠴᠢ ᠦᠢᠯᠡᠳᠦᠯ ᠢ | ᠪᠠᠳᠠᠷᠠᠭᠤᠯᠵᠤ᠂ ᠨᠠᠮ ᠤᠨ ᠤᠳᠤᠷᠢᠳᠤᠯᠭ᠎ᠠ ᠶᠢ ᠥᠭᠡᠷᠡᠴᠢᠯᠡᠯᠲᠡ ᠶᠢᠨ ᠡᠯ᠎ᠡ ᠲᠠᠯ᠎ᠠ ᠶᠢᠨ ᠪᠦᠬᠦ ᠶᠠᠪᠤᠴᠠ ᠳᠤ | ᠲᠤᠭᠤᠰᠢᠯᠠᠭᠤᠯᠵᠤ᠂ ᠥᠭᠡᠷᠡᠴᠢᠯᠡᠯᠲᠡ ᠶᠢ ᠢᠮᠠᠭᠲᠠ ᠤᠯᠤᠰ ᠲᠦᠷᠦ ᠶᠢᠨ ᠵᠥᠪ ᠴᠢᠭᠯᠡᠯ ᠢᠶᠠᠷ ᠤᠷᠤᠭᠰᠢᠯᠠᠭᠤᠯᠬᠤ ᠶᠢ | ᠪᠠᠲᠤᠯᠠᠬᠤ ᠬᠡᠷᠡᠭᠲᠡᠢ᠃ | ᠤᠳᠤᠷᠢᠳᠬᠤ ᠪᠠᠷ ᠪᠠᠷᠠᠬᠤ ᠦᠭᠡᠢ ᠣᠷᠣᠯᠴᠠᠬᠤ ᠳᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ | ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠬᠦᠴᠦᠷᠬᠡᠭ ᠶᠡᠭᠡ ᠬᠦᠴᠦᠨ ᠪᠣᠯᠭᠠᠨ | ᠬᠤᠪᠢᠷᠠᠭᠤᠯᠬᠤ ᠬᠡᠷᠡᠭᠲᠡᠶ᠃ ᠣᠯᠠᠨ ᠢ ᠳᠠᠭᠠᠭᠤᠯᠤᠨ ᠠᠵᠢᠯ ᠤᠨ ᠲᠥᠯᠥᠪᠯᠡᠭᠡ ᠪᠠᠨ ᠰᠠᠶᠢᠲᠤᠷ ᠲᠣᠭᠲᠠᠭᠠᠨ᠂ ᠠᠷᠭ᠎ᠠ | ᠬᠢᠳᠡᠯ ᠢᠶᠠᠨ ᠲᠣᠳᠣᠷᠬᠠᠶ ᠪᠣᠯᠭᠠᠨ᠂ ᠪᠣᠳᠠᠲᠠᠢ ᠠᠵᠢᠯᠯᠠᠬᠤ ᠠᠷᠭ᠎ᠠ ᠪᠠᠨ ᠵᠥᠪ ᠢᠶᠠᠷ ᠲᠣᠭᠲᠠᠭᠠᠬᠤ ᠪᠠᠷ ᠦᠯᠦ ᠪᠠᠷᠠᠨ | ᠴᠢᠬᠤᠯᠠ ᠡᠭᠦᠷᠭᠡ ᠶᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠪᠡᠶ᠎ᠡ ᠪᠠᠷ ᠢᠶᠠᠨ | ᠬᠠᠷᠢᠭᠤᠴᠠᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠡᠶ᠎ᠡ ᠪᠠᠷ ᠢᠶᠠᠨ ᠰᠢᠮᠳᠠᠭᠤᠯᠤᠨ ᠪᠠᠶᠢᠴᠠᠭᠠᠬᠤ ᠬᠡᠷᠡᠭᠲᠡᠶ᠃ | ᠤᠳᠤᠷᠢᠳᠬᠤ ᠪᠠᠷ ᠪᠠᠷᠠᠬᠤ ᠦᠭᠡᠢ ᠣᠷᠣᠯᠴᠠᠬᠤ ᠳᠤ᠂ ᠳᠡᠭᠡᠳᠦ ᠨᠢᠭᠡ ᠱᠠᠲᠤ ᠨᠢ ᠳᠣᠣᠷᠠᠳᠤ ᠨᠢᠭᠡ ᠱᠠᠲᠤ ᠪᠠᠨ | ᠳᠠᠭᠠᠭᠤᠯᠤᠨ ᠠᠵᠢᠯᠯᠠᠵᠤ᠂ ᠳᠡᠭᠡᠳᠦ ᠨᠢᠭᠡ ᠱᠠᠲᠤ ᠨᠢ ᠳᠣᠣᠷᠠᠳᠤ ᠨᠢᠭᠡ ᠱᠠᠲᠤ ᠳᠤ ᠪᠠᠨ ᠳᠠᠭᠤᠷᠢᠶᠠᠯ ᠪᠣᠯᠵᠤ᠂ | ᠬᠠᠷᠢᠭᠤᠴᠠᠯᠭ᠎ᠠ ᠡᠭᠦᠷᠭᠡᠯᠡᠯ ᠲᠠᠢ ᠪᠠᠶᠢᠬᠤ ᠶᠢ ᠬᠥᠲᠥᠯᠥᠨ ᠳᠠᠭᠠᠭᠤᠯᠵᠤ᠂ ᠵᠢᠳᠬᠦᠯ ᠴᠢᠷᠮᠠᠶᠢᠯᠭ᠎ᠠ ᠭᠠᠷᠭᠠᠬᠤ ᠪᠠᠷ | ᠠᠵᠢᠯ ᠢᠶᠠᠨ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠪᠡᠯ | ᠠᠭᠤᠯᠠ ᠮᠠᠴᠤᠬᠤ ᠮᠡᠲᠦ ᠣᠷᠭᠢᠯ ᠳᠤ ᠨᠢ ᠬᠦᠷᠴᠦ᠂ ᠭᠤᠣᠯ ᠬᠡᠲᠦᠯᠬᠦ ᠮᠡᠲᠦ ᠲᠡᠷᠲᠡᠭᠡ ᠡᠷᠭᠢ ᠳᠤ ᠨᠢ ᠬᠦᠷᠴᠦ | ᠳᠡᠶᠢᠯᠦᠨ᠎ᠡ᠃ |