ᠮᠠᠨ ᠤ ᠣᠷᠣᠨ ᠤᠨᠤᠯ ᠢ ᠪᠣᠳᠠᠲᠠᠢ ᠲᠠᠢ ᠤᠶᠠᠯᠳᠤᠭᠤᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ ᠥᠷᠨᠢᠭᠦᠯᠵᠦ ᠪᠤᠢ
ᠨᠡᠶᠢᠲᠡᠯᠡᠭᠰᠡᠨ ᠴᠠᠭ᠄
2024/7/19
    ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠪᠣᠳᠠᠲᠠᠢ ᠲᠠᠢ ᠨᠢᠭᠲᠠ ᠤᠶᠠᠯᠳᠤᠭᠤᠯᠵᠤ᠂ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠰᠠᠬᠢᠯᠭ᠎ᠠ ᠪᠠᠲᠤ ᠶᠢ ᠵᠢᠷᠤᠮᠯᠠᠨ ᠰᠠᠬᠢᠬᠤ ᠶᠢ ᠠᠵᠢᠯ ᠪᠠ ᠠᠮᠢᠳᠤᠷᠠᠯ ᠳᠤᠮᠳᠠ ᠪᠠᠨ ᠲᠤᠭᠤᠰᠢᠯᠠᠭᠤᠯᠵᠤ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠠᠷᠠᠯ ᠢ ᠡᠰᠡᠷᠭᠦᠴᠡᠬᠦ ᠲᠣᠭᠲᠠᠯ ᠬᠦᠴᠦᠨ ᠤᠯᠠᠮ ᠴᠢᠨᠠᠭᠰᠢᠳᠠ ᠴᠢᠩᠭᠠᠷᠠᠪᠠ     ᠬᠥᠯᠥᠨ ᠪᠤᠶᠢᠷ ᠬᠤᠲᠠ ᠶᠢᠨ ᠡᠯ᠎ᠡ ᠨᠢᠭᠡᠴᠢ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠭᠦᠨᠵᠡᠭᠡᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠦᠭᠦ ᠲᠠᠯ᠎ᠠ ᠪᠠᠷ ᠠᠬᠢᠭᠤᠯᠪᠠ᠃ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠨᠢᠭᠡ ᠲᠠᠯ᠎ᠠ ᠪᠠᠷ ᠪᠦᠭᠦ ᠬᠤᠲᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠵᠣᠬᠢᠶᠠᠨ ᠪᠠᠶᠢᠭᠤᠯᠤᠨ ᠠᠬᠢᠭᠤᠯᠵᠤ᠂ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠭᠢᠭᠤᠯᠪᠠ︔ ᠨᠦᠭᠦᠭᠡ ᠲᠠᠯ᠎ᠠ ᠪᠠᠷ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠲᠣᠰ ᠪᠡᠶ᠎ᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ᠂ ᠰᠡᠷᠡᠮᠵᠢᠯᠡᠭᠦᠯᠭᠦ ᠬᠥᠮᠦᠵᠢᠯ᠂ ᠬᠥᠮᠦᠵᠢᠯ ᠪᠣᠯᠪᠠᠰᠤᠷᠠᠯ᠂ ᠤᠬᠠᠭᠤᠯᠤᠨ ᠲᠠᠶᠢᠯᠪᠤᠷᠢᠯᠠᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠵᠣᠬᠢᠶᠠᠨ ᠪᠠᠶᠢᠭᠤᠯᠬᠤ ᠠᠵᠢᠯ ᠤᠨ ᠺᠠᠳ᠋ᠷᠴᠤᠳ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠬᠥᠲᠥᠯᠥᠨ ᠵᠢᠯᠣᠭᠤᠳᠴᠠᠢ᠃ ᠬᠥᠯᠥᠨ ᠪᠤᠶᠢᠷ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠲᠦᠷᠦᠭᠦᠴᠢ ᠭᠠᠯᠠᠭᠤ ᠳᠠᠭᠠᠭᠤᠯᠤᠨ ᠰᠤᠷᠤᠯᠴᠠᠬᠤ᠂ ᠪᠣᠯᠪᠠᠰᠤᠷᠠᠯ ᠢᠶᠠᠷ ᠰᠤᠷᠤᠯᠴᠠᠯᠭ᠎ᠠ ᠶᠢ ᠠᠬᠢᠭᠤᠯᠬᠤ᠂ ᠨᠠᠮ ᠤᠨ ᠭᠡᠰᠢᠭᠦᠨ ᠨᠡᠶᠢᠳᠡᠮ ᠳᠡᠭᠡᠨ ᠰᠤᠷᠤᠯᠴᠠᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠲᠤᠳᠤᠮ ᠤᠨ ᠶᠠᠪᠤᠳᠠᠯ ᠳᠠᠭᠠᠨ ᠠᠭᠤᠰᠤᠯᠴᠠᠭᠤᠯᠵᠤ᠂ ᠪᠠᠶᠢᠩᠭᠤ ᠠᠳᠬᠤᠪᠠ᠃ ᠣᠳᠣᠬᠠᠨ ᠳᠤ ᠬᠤᠲᠠ ᠶᠢᠨ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠨᠢᠭᠡᠴᠢ ᠨᠢᠭᠡᠨᠲᠡ 64 ᠬᠤᠭᠤᠴᠠᠭ᠎ᠠ ᠶᠢᠨ ᠨᠣᠮ ᠤᠩᠰᠢᠬᠤ ᠠᠩᠭᠢ ᠡᠷᠭᠢᠯᠡᠵᠦ᠂ 64 ᠤᠳᠠᠭ᠎ᠠ ᠰᠤᠳᠤᠯᠤᠨ ᠶᠠᠷᠢᠯᠴᠠᠬᠤ ᠶᠢ ᠵᠣᠬᠢᠶᠠᠨ ᠪᠠᠶᠢᠭᠤᠯᠵᠤ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ 70 ᠭᠠᠷᠤᠢ ᠤᠳᠠᠭ᠎ᠠ ᠥᠷᠨᠢᠭᠦᠯᠪᠡ᠃    ᠤᠯᠠᠭᠠᠨᠴᠠᠪ ᠬᠤᠲᠠ ᠶᠢᠨ ᠬᠢᠨ ᠲᠤᠰᠬᠠᠢ ᠰᠡᠳᠦᠪ ᠢᠶᠠᠷ ᠰᠤᠳᠤᠯᠤᠨ ᠰᠤᠷᠤᠯᠴᠠᠬᠤ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ᠂ ᠪᠣᠯᠪᠠᠰᠤᠷᠠᠯ ᠢᠶᠠᠷ ᠰᠤᠷᠤᠯᠴᠠᠯᠭ᠎ᠠ ᠳᠤ ᠲᠤᠰᠠᠯᠠᠬᠤ ᠳᠡᠭᠡᠷ᠎ᠡ ᠬᠦᠴᠦ ᠲᠠᠯᠪᠢᠬᠤ ᠶᠢ ᠪᠠᠷᠢᠮᠲᠠᠯᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 11 ᠬᠤᠰᠢᠭᠤ ᠰᠢᠶᠠᠨ ᠬᠤᠲᠠ ᠲᠣᠭᠤᠷᠢᠭ ᠪᠣᠯᠣᠨ 91 ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ ᠶᠢ ᠵᠢᠱᠢᠶ᠎ᠡ ᠦᠵᠡᠭᠦᠯᠦᠨ ᠳᠠᠶᠢᠴᠢᠯᠠᠵᠤ ᠨᠣᠮ ᠤᠩᠰᠢᠬᠤ ᠠᠩᠭᠢ ᠡᠷᠭᠢᠯᠡᠭᠦ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢ ᠡᠷᠭᠢᠯᠡᠭᠦ ᠵᠡᠷᠭᠡ ᠭᠡᠯᠪᠡᠷᠢ ᠪᠠᠷ ᠳᠠᠮᠵᠢᠭᠤᠯᠤᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ︵ᠳᠣᠷᠣᠭᠰᠢ ︽ᠳᠦᠷᠢᠮ︾ ᠭᠡᠵᠦ ᠳᠥᠭᠦᠮᠴᠢᠯᠡᠨ᠎ᠡ︶ ᠢ ᠪᠦᠯᠦᠭ ᠵᠤᠷᠪᠤᠰ ᠳᠠᠷᠠᠭᠠᠯᠠᠨ ᠰᠤᠷᠤᠯᠴᠠᠵᠤ᠂ ᠪᠦᠭᠦ ᠬᠤᠲᠠ ᠶᠢᠨ 5911 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠠᠷ᠎ᠠ ᠪᠦᠷᠢ ᠨᠠᠭᠠᠲᠤ ᠵᠠᠬ᠎ᠠ ᠳᠠᠭᠠᠨ 1 ᠤᠳᠠᠭ᠎ᠠ ᠲᠥᠪᠯᠡᠷᠡᠩᠭᠦᠢ ᠰᠤᠷᠤᠯᠴᠠᠯᠭ᠎ᠠ ᠥᠷᠨᠢᠭᠦᠯᠵᠦ ᠪᠠᠶᠢᠨ᠎ᠠ᠃ ᠰᠡᠷᠡᠮᠵᠢᠯᠡᠭᠦᠯᠭᠦ ᠬᠥᠮᠦᠵᠢᠯ ᠤᠨ ᠹᠢᠯᠢᠮ ᠦᠢᠯᠡᠳᠬᠦ᠂ ᠴᠢᠬᠡᠴᠢ ᠵᠠᠰᠠᠭ ᠤᠨ ᠰᠤᠷᠭᠠᠨ ᠬᠥᠮᠦᠵᠢᠯ ᠤᠨ ᠰᠠᠭᠤᠷᠢᠨ ᠢᠶᠠᠷ ᠲᠣᠭᠤᠷᠢᠨ ᠦᠵᠡᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠴᠡᠭᠡᠷᠯᠡᠬᠦ ᠶᠢ ᠣᠶᠢᠯᠠᠭᠠᠬᠤ᠂ ᠬᠤᠷᠢᠭ᠎ᠠ ᠱᠤᠭᠤᠮ ᠢ ᠰᠠᠬᠢᠬᠤ ᠶᠢ ᠬᠥᠲᠥᠯᠥᠨ ᠵᠢᠯᠣᠭᠤᠳᠴᠠᠢ᠃ ᠨᠠᠮ ᠤᠨ ᠭᠡᠰᠢᠭᠦᠨ᠂ ᠺᠠᠳ᠋ᠷ᠂ ᠠᠯᠪᠠᠲᠠᠨ ᠤ ᠦᠨᠳᠦᠰᠦᠨ ᠪᠣᠯᠪᠠᠰᠤᠷᠠᠯ ᠬᠥᠮᠦᠵᠢᠯ ᠤᠨ ᠲᠣᠭᠲᠠᠴᠠ ᠶᠢ ᠴᠢᠩᠭᠠᠳᠬᠠᠵᠤ᠂ ᠬᠤᠲᠠ ᠰᠢᠶᠠᠨ ᠬᠤᠶᠠᠷ ᠱᠠᠲᠤ ᠨᠢᠭᠡᠨᠲᠡ 36 ᠬᠤᠭᠤᠴᠠᠭ᠎ᠠ ᠪᠣᠯᠪᠠᠰᠤᠷᠠᠯ ᠡᠷᠭᠢᠯᠡᠵᠦ᠂ 6782 ᠬᠥᠮᠥᠨ ᠢ ᠪᠣᠯᠪᠠᠰᠤᠷᠠᠭᠤᠯᠪᠠ᠃ ᠡᠭᠦᠨ ᠤ ᠬᠠᠮᠲᠤ᠂ ᠬᠤᠲᠠ ᠶᠢᠨ ᠲᠣᠰ ᠱᠠᠲᠤᠨ ᠳᠤ ᠰᠠᠬᠢᠯᠭ᠎ᠠ ᠪᠠᠲᠤ ᠪᠠᠶᠢᠴᠠᠭᠠᠬᠤ ᠲᠤᠬᠠᠶᠢᠯᠠᠭᠰᠠᠨ ᠠᠵᠢᠯ ᠤᠨ 15 ᠭᠤᠣᠯᠯᠠᠭᠴᠢ ᠬᠦᠴᠦᠨ ᠢ ᠰᠣᠩᠭᠤᠨ ᠤᠬᠠᠭᠤᠯᠤᠨ ᠲᠠᠶᠢᠯᠪᠤᠷᠢᠯᠠᠬᠤ ᠪᠦᠯᠭᠦᠮ ᠪᠠᠶᠢᠭᠤᠯᠵᠤ᠂ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠶᠢ 44 ᠲᠠᠯᠠᠪᠤᠷ ᠤᠳᠠᠭ᠎ᠠ ᠥᠷᠨᠢᠭᠦᠯᠵᠦ᠂ ︽ᠳᠦᠷᠢᠮ︾ ᠢ ᠬᠥᠮᠥᠰ ᠤᠨ ᠰᠡᠳᠬᠢᠯ ᠵᠢᠷᠦᠬᠡᠨ ᠳᠤ ᠬᠠᠳᠠᠩᠰᠢᠭᠤᠯᠬᠤ ᠶᠢ ᠠᠬᠢᠭᠤᠯᠪᠠ᠃    ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠢ ᠤᠤᠯ ᠬᠡᠪ ᠢᠶᠠᠷ ᠨᠢ ᠰᠤᠷᠤᠯᠴᠠᠨ ᠣᠶᠢᠯᠠᠭᠠᠬᠤ ᠶᠢ ᠪᠠᠷᠢᠮᠲᠠᠯᠠᠪᠠ᠃ ᠨᠠᠮ ᠤᠨ ᠰᠠᠬᠢᠯᠭ᠎ᠠ ᠳᠦᠷᠢᠮ᠂ ᠴᠠᠭᠳᠠᠭᠠᠨ ᠤ ᠰᠠᠬᠢᠯᠭ᠎ᠠ ᠳᠦᠷᠢᠮ ᠢ ᠡᠯ᠎ᠡ ᠲᠥᠷᠥᠯ ᠤᠨ ᠰᠤᠷᠤᠯᠴᠠᠯᠭ᠎ᠠ ᠪᠣᠯᠪᠠᠰᠤᠷᠠᠯ ᠤᠨ ᠵᠠᠪᠠᠯ ᠰᠤᠷᠬᠤ ᠬᠢᠴᠢᠶᠡᠯ ᠪᠤᠯᠭᠠᠵᠤ᠂ ᠲᠤᠰᠬᠠᠢ ᠮᠡᠷᠭᠡᠵᠢᠯᠲᠡᠨ ᠬᠠᠪᠰᠤᠷᠤᠨ ᠵᠢᠯᠤᠭᠤᠳᠬᠤ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ ᠲᠠᠶᠢᠯᠪᠤᠷᠢᠯᠠᠬᠤ᠂ ᠲᠥᠪᠯᠡᠷᠡᠭᠦᠯᠦᠨ ᠥᠪᠡᠷ ᠢᠶᠠᠨ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠭᠡᠯᠪᠡᠷᠢ ᠪᠠᠷ ᠳᠠᠮᠵᠢᠭᠤᠯᠤᠨ᠂ ᠪᠦᠯᠦᠭ ᠵᠤᠷᠪᠤᠰ ᠳᠠᠷᠠᠭᠠᠯᠠᠨ ᠰᠤᠷᠤᠯᠴᠠᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ᠂ ᠰᠤᠷᠭᠠᠯ ᠢᠶᠠᠷ ᠰᠤᠷᠤᠯᠴᠠᠯᠭ᠎ᠠ ᠶᠢ ᠲᠡᠳᠬᠦᠬᠦ ᠶᠢ ᠰᠠᠶᠢᠲᠤᠷ ᠠᠳᠬᠤᠵᠤ᠂ ᠥᠷᠭᠡᠨ ᠣᠯᠠᠨ ᠠᠷᠠᠳ ᠤᠨ ᠴᠠᠭᠳᠠᠭ᠎ᠠ ᠶᠢᠨ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ᠂ ᠴᠠᠭᠳᠠᠭᠠᠨ ᠤ ᠳᠦᠷᠢᠮ ᠲᠣᠭᠲᠠᠭᠠᠯ ᠢ ᠴᠢᠩᠳᠠᠯᠠᠬᠤ᠂ ᠢᠷᠠᠭᠤ ᠠᠯᠳᠠᠷ ᠢᠴᠢᠭᠦᠷᠢ ᠭᠤᠲᠤᠮᠰᠢᠭ ᠢ ᠮᠡᠳᠡᠬᠦ᠂ ᠬᠤᠷᠢᠭ᠎ᠠ ᠱᠤᠭᠤᠮ ᠢ ᠰᠠᠬᠢᠬᠤ ᠶᠢ ᠬᠥᠮᠥᠵᠢᠭᠦᠯᠦᠨ ᠬᠥᠲᠥᠯᠥᠨ ᠵᠢᠯᠣᠭᠤᠳᠪᠠ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠣᠳᠣᠬᠠᠨ ᠤ ᠳᠣᠲᠣᠭᠠᠳᠤ ᠶᠢ ᠬᠠᠮᠠᠭᠠᠯᠠᠬᠤ ᠡᠯ᠎ᠡ ᠵᠦᠢᠯ ᠤᠨ ᠠᠵᠢᠯ ᠳᠤ ᠠᠭᠤᠰᠬᠠᠨ ᠣᠷᠣᠭᠤᠯᠵᠤ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠶᠢ ᠨᠡᠩ ᠴᠢᠩᠭ᠎ᠠ ᠠᠳᠬᠤᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠡᠯ᠎ᠡ ᠲᠦᠷᠦᠯ ᠤᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠤᠷᠲᠠᠯ ᠤᠨ ᠪᠠᠶᠢᠭᠤᠯᠤᠯᠲᠠ ᠶᠢ ᠨᠠᠩ ᠴᠢᠩᠭ᠎ᠠ ᠠᠳᠬᠤᠵᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠦᠭᠦᠨ ᠢ ᠢᠯᠠᠭᠴᠢ ᠴᠡᠷᠢᠭ ᠠᠩᠭᠢ ᠶᠢ ᠨᠠᠩ ᠬᠦᠴᠦᠲᠡᠢ ᠳᠠᠪᠲᠠᠨ ᠪᠣᠯᠪᠠᠰᠤᠷᠠᠭᠤᠯᠪᠠ᠃ ᠡᠭᠦᠨ ᠤ ᠬᠠᠮᠲᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢ ᠰᠠᠶᠢᠲᠤᠷ ᠠᠳᠬᠤᠵᠤ᠂ ᠰᠡᠷᠡᠮᠵᠢᠯᠡᠭᠦᠯᠭᠦ ᠬᠥᠮᠦᠵᠢᠯ ᠢ ᠳᠦᠷᠢᠮᠵᠢᠭᠦᠯᠬᠦ᠂ ᠪᠠᠶᠢᠩᠭᠤᠵᠢᠭᠤᠯᠬᠤ ᠶᠢ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠵᠤ᠂ ᠦᠯᠦ ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠭᠦᠯᠪᠡ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠵᠠᠩᠭᠢᠯᠠᠭ᠎ᠠ ᠶᠢᠨ ᠭᠤᠭᠴᠤᠭ᠎ᠠ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠭᠦᠨᠵᠡᠭᠡᠢ ᠥᠷᠨᠢᠭᠦᠯᠬᠦ ᠶᠢ ᠠᠬᠢᠭᠤᠯᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠪᠠ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢᠶᠠᠷ ᠳᠠᠮᠵᠢᠭᠤᠯᠤᠨ᠂ ︽ᠳᠦᠷᠢᠮ︾ ᠢ ᠲᠡᠷᠡ ᠬᠡᠪ ᠢᠶᠠᠷ ᠨᠢ ᠰᠤᠷᠤᠯᠴᠠᠵᠤ᠂ ᠨᠠᠮ ᠤᠨ ᠭᠡᠰᠢᠭᠦᠨ ᠺᠠᠳ᠋ᠷᠴᠤᠳ ᠲᠤᠰ ᠪᠡᠶ᠎ᠡ ᠶᠢᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠶᠠᠷᠢᠶ᠎ᠠ ᠲᠠᠯᠪᠢᠵᠤ᠂ ᠨᠠᠮ ᠤᠨ ᠰᠠᠬᠢᠯᠭ᠎ᠠ ᠪᠠᠲᠤ ᠶᠢᠨ ᠵᠣᠷᠢᠭ ᠰᠠᠨᠠᠭᠠᠨ ᠤ ᠮᠥᠨ ᠴᠢᠨᠠᠷ ᠪᠠ ᠳᠣᠲᠣᠭᠠᠳᠤ ᠱᠠᠭᠠᠷᠳᠠᠯᠭ᠎ᠠ ᠶᠢ ᠦᠨᠡᠨ ᠬᠦ ᠣᠶᠢᠯᠠᠭᠠᠪᠠ᠃ ᠲᠣᠰ ᠲᠢᠩᠬᠢᠮ ᠤᠨ ᠬᠢᠨ ᠮᠥᠨ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠭᠢᠯᠡᠵᠦ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ ᠢ ᠤᠷᠢᠵᠤ ︽ᠳᠦᠷᠢᠮ︾ ᠤᠨ ᠲᠣᠭᠤᠷᠢᠨ ᠳᠤ ᠪᠦᠭᠦ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠭᠢᠯᠭᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠷᠢᠭᠤᠨ ᠴᠢᠬᠡᠴᠢ ᠰᠣᠶᠣᠯ ᠤᠨ ᠲᠤᠬᠠᠢ ᠲᠠᠶᠢᠯᠤᠮᠵᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠭᠦᠨᠵᠡᠭᠡᠢ ᠰᠤᠷᠤᠯᠴᠠᠵᠤ ᠨᠡᠪᠲᠡᠷᠡᠲᠡᠯ᠎ᠡ ᠣᠶᠢᠯᠠᠭᠠᠬᠤ ᠲᠠᠯ᠎ᠠ ᠪᠠᠷ ᠬᠦᠴᠦ ᠣᠷᠣᠭᠤᠯᠤᠨ ᠠᠮᠵᠢᠯᠲᠠ ᠪᠦᠲᠦᠮᠵᠢ ᠣᠯᠬᠤ ᠶᠢ ᠠᠬᠢᠭᠤᠯᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠶᠢᠯᠠᠬᠤ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠪᠡ᠃ ᠡᠯ᠎ᠡ ᠨᠠᠮ ᠤᠨ ᠡᠭᠦᠷ ᠲᠣᠰ ᠲᠣᠰ ᠤᠨ ᠣᠨᠴᠠᠯᠢᠭ ᠲᠠᠢ ᠰᠤᠷᠤᠯᠴᠠᠬᠤ ᠲᠥᠯᠥᠪᠯᠡᠭᠡ ᠲᠣᠭᠲᠠᠭᠠᠵᠤ᠂ ᠨᠠᠮ ᠤᠨ ᠡᠭᠦᠷ ᠤᠨ ᠱᠦᠵᠢ ᠳᠠᠭᠠᠭᠤᠯᠤᠨ ᠰᠤᠷᠤᠯᠴᠠᠬᠤ᠂ ᠲᠤᠰᠬᠠᠢ ᠰᠡᠳᠦᠪᠲᠦ ᠹᠢᠯᠢᠮ ᠰᠣᠨᠢᠷᠬᠠᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ ᠲᠥᠪᠯᠡᠷᠡᠭᠦᠯᠦᠨ ᠰᠤᠷᠤᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠨᠠᠮ ᠤᠨ ᠭᠡᠰᠢᠭᠦᠨ ᠺᠠᠳ᠋ᠷᠴᠤᠳ ᠤᠨ ᠰᠡᠳᠬᠢᠯ ᠳᠤ ᠬᠠᠳᠠᠩᠰᠢᠭᠤᠯᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠵᠢᠱᠢᠶ᠎ᠡ ᠦᠵᠡᠭᠦᠯᠦᠨ ᠳᠠᠶᠢᠴᠢᠯᠠᠨ ᠰᠤᠷᠤᠯᠴᠠᠬᠤ᠂ ᠬᠠᠷᠢᠴᠠᠭᠤᠯᠤᠨ ᠬᠠᠷᠭᠤᠭᠤᠯᠵᠤ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ᠂ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠰᠤᠷᠤᠯᠴᠠᠬᠤ᠂ ᠠᠭᠤᠷ ᠠᠮᠢᠰᠬᠤᠯ ᠢ ᠪᠤᠶ ᠪᠣᠯᠭᠠᠨ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠬᠥᠮᠥᠰ ᠤᠨ ᠰᠡᠳᠬᠢᠯ ᠵᠢᠷᠦᠬᠡᠨ ᠳᠤ ᠬᠠᠳᠠᠩᠰᠢᠭᠤᠯᠬᠤ ᠶᠢ ᠠᠬᠢᠭᠤᠯᠪᠠ᠃ ᠨᠣᠮ ᠤᠩᠰᠢᠬᠤ ᠠᠩᠭᠢ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ᠂ ᠨᠠᠮ ᠤᠨ ᠬᠢᠴᠢᠶᠡᠯ᠂ ᠰᠡᠷᠡᠮᠵᠢᠯᠡᠭᠦᠯᠭᠦ ᠬᠥᠮᠦᠵᠢᠯ ᠵᠡᠷᠭᠡ ᠶᠢ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ︽ᠳᠦᠷᠢᠮ︾ ᠤᠨ ᠭᠤᠣᠯ ᠵᠣᠷᠢᠯᠲᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠬᠦ ᠶᠢ ᠬᠥᠲᠥᠯᠥᠨ ᠵᠢᠯᠣᠭᠤᠳᠪᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠤᠷᠤᠯᠴᠠᠯᠭ᠎ᠠ ᠶᠢᠨ ᠵᠢᠭᠠᠬᠤ ᠮᠠᠲ᠋ᠧᠷᠢᠶᠠᠯ ᠢ ᠭᠦᠢᠴᠡᠳ ᠬᠡᠷᠡᠭᠯᠡᠵᠦ᠂ ᠠᠳᠠᠯᠢ ᠪᠤᠰᠤ ᠵᠦᠢᠯ ᠵᠤᠷᠪᠤᠰ ᠤᠨ ᠠᠭᠤᠯᠭ᠎ᠠ ᠶᠢ ᠬᠠᠷᠢᠴᠠᠭᠤᠯᠤᠨ ᠰᠤᠷᠤᠯᠴᠠᠬᠤ ᠠᠷᠭ᠎ᠠ ᠭᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠨᠠᠮ ᠤᠨ ᠭᠡᠰᠢᠭᠦᠳ ᠤᠨ ︽ᠳᠦᠷᠢᠮ︾ ᠤᠨ ᠠᠭᠤᠯᠭ᠎ᠠ ᠶᠢᠨ ᠲᠤᠬᠠᠢ ᠣᠶᠢᠯᠠᠭᠠᠯᠲᠠ ᠪᠠ ᠲᠠᠨᠢᠯᠲᠠ ᠶᠢ ᠭᠦᠨᠵᠡᠭᠡᠶᠢᠷᠡᠭᠦᠯᠪᠡ᠃ ᠡᠭᠦᠨ ᠠᠴᠠ ᠭᠠᠳᠠᠨ᠎ᠠ᠂ ᠲᠣᠰ ᠲᠢᠩᠬᠢᠮ ᠪᠠᠰᠠ ︽ᠵᠢᠷᠭᠤᠭᠠᠨ ᠶᠡᠭᠡ ᠰᠠᠬᠢᠯᠭ᠎ᠠ ᠪᠠᠲᠤ︾ ᠶᠢᠨ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ 106 ᠵᠦᠢᠯ ᠪᠠᠶᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠵᠦᠢᠯ ᠳᠠᠷᠠᠭᠠᠯᠠᠨ ᠬᠠᠷᠭᠤᠭᠤᠯᠤᠨ ᠪᠠᠶᠢᠴᠠᠭᠠᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠳᠦᠷᠢᠮᠵᠢᠭᠦᠯᠦᠭᠰᠡᠨ ᠪᠠᠶᠢᠨ᠎ᠠ᠃ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠭᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢᠬᠡᠴᠢ ᠵᠠᠰᠠᠭ ᠤᠨ ᠨᠠᠮ ᠤᠨ ᠬᠢᠴᠢᠶᠡᠯ ᠣᠷᠣᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢ ᠭᠦᠨᠵᠡᠭᠡᠢ ᠠᠬᠢᠭᠤᠯᠪᠠ᠃    ᠥᠪᠥᠷ ᠮᠣᠩᠭᠤᠯ ᠤᠨ ᠶᠡᠭᠡ ᠰᠤᠷᠭᠠᠭᠤᠯᠢ ᠥᠨᠳᠥᠷ ᠵᠣᠭᠰᠣᠴᠠ ᠠᠴᠠ ᠲᠥᠯᠥᠪᠵᠢᠭᠦᠯᠦᠨ ᠪᠠᠶᠢᠷᠢᠯᠠᠭᠤᠯᠵᠤ᠂ ᠪᠦᠭᠦ ᠰᠤᠷᠭᠠᠭᠤᠯᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ ᠥᠷᠨᠢᠭᠦᠯᠬᠦ ᠶᠢ ᠪᠦᠭᠦ ᠲᠠᠯ᠎ᠠ ᠪᠠᠷ ᠵᠣᠬᠢᠶᠠᠨ ᠪᠠᠶᠢᠭᠤᠯᠪᠠ᠃ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠬᠤᠷᠠᠯᠳᠤᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ᠂ ᠪᠠᠭᠰᠢ ᠰᠣᠷᠣᠬᠴᠢ ᠨᠠᠮ ᠤᠨ ᠭᠡᠰᠢᠭᠦᠨ ᠵᠡᠷᠭᠡ ᠬᠥᠮᠥᠰ ᠲᠤ ᠬᠠᠨᠳᠤᠭᠤᠯᠤᠨ᠂ ᠬᠡᠷᠡᠭᠵᠢᠭᠦᠯᠬᠦ ᠲᠥᠰᠥᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠲᠤᠰᠬᠠᠢ ᠰᠡᠳᠦᠪ ᠢᠶᠠᠷ ᠰᠤᠳᠤᠯᠤᠨ ᠰᠤᠷᠤᠯᠴᠠᠬᠤ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ᠂ ᠪᠣᠯᠪᠠᠰᠤᠷᠠᠯ ᠢᠶᠠᠷ ᠰᠤᠷᠤᠯᠴᠠᠯᠭ᠎ᠠ ᠶᠢ ᠲᠡᠳᠬᠦᠬᠦ᠂ ᠡᠳᠦᠷ ᠲᠤᠲᠤᠮ ᠤᠨ ᠰᠤᠷᠤᠯᠴᠠᠯᠭ᠎ᠠ ᠶᠢ ᠠᠭᠤᠰᠤᠯᠴᠠᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠪᠠ᠃ ᠲᠤᠰ ᠰᠤᠷᠭᠠᠭᠤᠯᠢ ᠤᠯᠤᠰ ᠲᠥᠷᠥ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠴᠢᠬᠤᠯᠠᠴᠢᠯᠠᠵᠤ᠂ ᠠᠵᠢᠯ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠨᠡᠶᠢᠳᠡᠮ ᠳᠤᠨᠢ ᠬᠠᠷᠠᠭᠠᠯᠵᠠᠵᠤ᠂ ᠬᠤᠶᠠᠷ ᠲᠠᠯ᠎ᠠ ᠪᠠᠷ ᠠᠳᠬᠤᠵᠤ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠰᠢᠨᠵᠢᠯᠡᠭᠡᠨ ᠤ ᠪᠠᠶᠢᠭᠤᠯᠤᠯᠲᠠ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠭᠤᠣᠯᠳᠠᠯᠭ᠎ᠠ ᠲᠠᠢ ᠡᠭᠦᠷᠭᠡ ᠲᠠᠢ ᠨᠢᠭᠲᠠ ᠤᠶᠠᠯᠳᠤᠭᠤᠯᠵᠤ᠂ ᠨᠠᠮ ᠢ ᠰᠠᠨᠠᠭ᠎ᠠ ᠠᠮᠤᠷ ᠪᠠᠶᠢᠯᠭᠠᠬᠤ᠂ ᠠᠷᠠᠳ ᠲᠦᠮᠡᠨ ᠢ ᠰᠡᠳᠬᠢᠯ ᠬᠠᠨᠤᠮᠵᠢᠲᠠᠶ᠂ ᠣᠨᠴᠠᠯᠢᠭ ᠢᠯᠡ ᠲᠣᠳᠣ ᠪᠠᠶᠢᠬᠤ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠪᠠ᠃    ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠲᠤᠰᠬᠠᠢ ᠰᠡᠳᠦᠪᠲᠦ ᠨᠣᠮ ᠤᠩᠰᠢᠬᠤ ᠠᠩᠭᠢ᠂ ᠲᠤᠰᠬᠠᠢ ᠮᠡᠷᠭᠡᠵᠢᠯᠲᠡᠨ ᠤ ᠲᠠᠶᠢᠯᠤᠮᠵᠢ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ᠂ ᠨᠠᠮ ᠤᠨ ᠬᠢᠴᠢᠶᠡᠯ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠰᠡᠷᠡᠮᠵᠢᠯᠡᠭᠦᠯᠭᠦ ᠬᠥᠮᠦᠵᠢᠯ ᠬᠢᠬᠦ ᠵᠡᠷᠭᠡ ᠭᠡᠯᠪᠡᠷᠢ ᠪᠠᠷ ᠳᠠᠮᠵᠢᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ ᠲᠣᠰ ᠲᠣᠪᠴᠢᠶ᠎ᠠ ᠨᠠᠮ ᠤᠨ ᠭᠡᠰᠢᠭᠦᠨ ᠺᠠᠳ᠋ᠷᠴᠤᠳ ᠤᠨ ᠮᠡᠳᠡᠪᠡᠯ ᠵᠣᠬᠢᠬᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠤᠯᠤᠰ ᠤᠨ ᠬᠠᠤᠯᠢ ᠴᠠᠭᠠᠵᠠ ᠶᠢᠨ ᠲᠤᠰᠬᠠᠢ ᠰᠡᠳᠦᠪᠲᠦ ᠤᠯᠤᠰ ᠲᠥᠷᠥ ᠶᠢᠨ ᠡᠭᠡᠯᠵᠢᠯᠡᠨ ᠪᠤᠯᠪᠠᠰᠤᠷᠠᠭᠤᠯᠬᠤ ᠠᠩᠭᠢ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠦᠯᠵᠢᠶᠡᠨ ᠳᠡᠭᠡᠷᠡᠬᠢ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠯᠪᠠᠰᠤᠷᠠᠯ ᠳᠤ ᠣᠷᠤᠯᠴᠠᠬᠤ ᠠᠷᠠᠳ ᠤᠨ ᠲᠤᠰᠠᠯᠠᠬᠤ ᠴᠠᠭᠳᠠᠭ᠎ᠠ ᠶᠢᠨ ᠨᠠᠮᠠᠶᠢ ᠶᠢ ᠰᠤᠷᠤᠯᠴᠠᠭᠤᠯᠬᠤ ᠶᠢ ᠪᠢ ᠰᠤᠷᠤᠯᠴᠠᠬᠤ ᠪᠣᠯᠭᠠᠨ ᠬᠤᠪᠢᠷᠠᠭᠤᠯᠬᠤ ᠶᠢ ᠠᠭᠢᠭᠤᠯᠪᠠ︔ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠴᠠᠭᠳᠠᠭ᠎ᠠ ᠶᠢᠨ ᠭᠡᠷ ᠪᠦᠯᠢ ᠲᠠᠢ ᠬᠠᠷᠢᠯᠴᠠᠬᠤ ᠠᠵᠢᠯ ᠤᠨ ᠠᠷᠭ᠎ᠠ ᠶᠢ ᠲᠣᠭᠲᠠᠭᠠᠵᠤ᠂ ︽ᠠᠷᠢᠭᠤᠨ ᠴᠢᠬᠡᠴᠢ ᠭᠡᠷ ᠤᠨ ᠰᠤᠷᠲᠠᠯ ᠢ ᠪᠤᠶ ᠪᠤᠯᠭᠠᠵᠤ᠂ ᠠᠷᠢᠭᠤᠨ ᠴᠢᠬᠡᠴᠢ ᠭᠡᠷ ᠪᠦᠯᠢ ᠶᠢ ᠴᠣᠭᠴᠠᠯᠠᠬᠤ︾ ᠬᠠᠯᠠᠭᠤᠨ ᠳᠣᠲᠣᠨᠣᠰᠤᠭ ᠰᠠᠨᠠᠭᠤᠯᠤᠮᠵᠢ ᠶᠢ ᠨᠡᠶᠢᠲᠡᠯᠡᠵᠦ᠂ ᠭᠡᠷ ᠪᠦᠯᠢ ᠶᠢᠨ ᠬᠢᠨ ᠤ ᠠᠷᠢᠭᠤᠨ ᠴᠢᠬᠡᠴᠢ ᠶᠢ ᠳᠡᠮᠵᠢᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠢᠮᠠᠨ ᠴᠠᠭ ᠠᠴᠠ ᠭᠠᠳᠠᠨᠠᠬᠢ ᠬᠢᠨᠠᠯᠲᠠ ᠶᠢ ᠰᠠᠶᠢᠲᠤᠷ ᠬᠢᠪᠡ᠃ ᠪᠦᠭᠦ ᠲᠣᠪᠴᠢᠶ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠮᠦᠽᠧᠢ ᠵᠡᠷᠭᠡ ᠬᠤᠪᠢᠰᠬᠠᠯ ᠤᠨ ᠡᠬᠢ ᠪᠠᠶᠠᠯᠢᠭ ᠢ ᠠᠰᠢᠭᠯᠠᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ‌‍ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号