7 ᠰᠠᠷ᠎ᠠ ᠶᠢᠨ 15 ᠤ ᠡᠳᠦᠷ᠂ ᠥᠪᠡᠷᠲᠡᠭᠡᠨ | ᠵᠠᠰᠠᠬᠤ ᠣᠷᠣᠨ ᠤ ᠰᠢᠭᠤᠳ ᠬᠠᠷᠢᠶ᠎ᠠ | ᠪᠠᠶᠢᠭᠤᠯᠭ᠎ᠠ ᠶᠢᠨ ᠶᠡᠷᠦᠩᠬᠡᠢ ᠱᠦᠵᠢ | ᠰᠢ ᠶᠢᠨ ᠫᠢᠩ ᠤᠨ 《7·9》 ᠤ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠵᠢᠴᠢ ᠤᠯᠤᠰ ᠲᠥᠷᠥ ᠶᠢᠨ ᠪᠠᠶᠢᠭᠤᠯᠭ᠎ᠠ ᠶᠢᠨ | ᠪᠠᠶᠢᠭᠤᠯᠤᠯᠲᠠ ᠶᠢ ᠠᠬᠢᠭᠤᠯᠬᠤ | ᠶᠠᠷᠢᠯᠴᠠᠬᠤ ᠬᠤᠷᠠᠯ ᠬᠦᠬᠡᠬᠤᠲᠠ ᠳᠤ | ᠬᠤᠷᠠᠯᠳᠤᠪᠠ᠃ | ᠬᠤᠷᠠᠯ ᠳᠡᠭᠡᠷ᠎ᠡ 5 ᠵᠢᠯ ᠤᠨ ᠲᠤᠷᠰᠢᠬᠢ | ᠣᠷᠣᠨ ᠤ ᠰᠢᠭᠤᠳ ᠬᠠᠷᠢᠶ᠎ᠠ | ᠪᠠᠶᠢᠭᠤᠯᠭ᠎ᠠ ᠶᠢᠨ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ | ᠶᠡᠷᠦᠩᠬᠡᠢ ᠱᠦᠵᠢ ᠰᠢ ᠶᠢᠨ ᠫᠢᠩ ᠤᠨ《7·9》 | ᠤ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠠᠷᠭ᠎ᠠ ᠬᠢᠳᠡᠯ ᠦᠷ᠎ᠡ | ᠪᠦᠲᠦᠮᠵᠢ ᠶᠢ ᠳ᠋ᠦᠩᠨᠡᠪᠡ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ | ᠠᠯᠪᠠᠨ ᠲᠢᠩᠬᠢᠮ᠂ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠵᠡᠷᠭᠡ 6 ᠨᠢᠭᠡᠴᠢ | ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃ | ᠬᠤᠷᠠᠯ ᠠᠴᠠ ᠥᠪᠡᠷᠲᠡᠭᠡᠨ ᠵᠠᠰᠠᠬᠤ | ᠣᠷᠣᠨ ᠤ ᠰᠢᠭᠤᠳ ᠬᠠᠷᠢᠶ᠎ᠠ ᠪᠠᠶᠢᠭᠤᠯᠭ᠎ᠠ | ᠶᠡᠷᠦᠩᠬᠡᠢ ᠱᠦᠵᠢ ᠰᠢ ᠶᠢᠨ ᠫᠢᠩ ᠤᠨ 《7·9》 | ᠤ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠳᠠᠬᠢᠨ ᠰᠤᠷᠤᠯᠴᠠᠬᠤ᠂ ᠳᠠᠬᠢᠨ | ᠪᠠᠷᠢᠮᠵᠢᠶᠠᠯᠠᠨ ᠬᠠᠷᠭᠤᠭᠤᠯᠬᠤ᠂ ᠳᠠᠬᠢᠨ | ᠨᠠᠶᠢᠳᠠᠪᠤᠷᠢᠵᠢᠭᠤᠯᠬᠤ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠤᠯᠤᠰ ᠲᠥᠷᠥ ᠶᠢᠨ | ᠪᠠᠶᠢᠭᠤᠯᠤᠯᠲᠠ ᠶᠢ ᠢᠮᠠᠭᠲᠠ ᠲᠡᠷᠢᠭᠦᠨ | ᠪᠠᠶᠢᠷᠢᠨ ᠳᠤ ᠲᠠᠯᠪᠢᠵᠤ᠂ ᠤᠯᠤᠰ ᠲᠥᠷᠥ ᠶᠢ | ᠡᠷᠬᠢᠮᠯᠡᠬᠦ ᠶᠢ ᠨᠢᠭᠡᠳᠦᠭᠡᠷ | ᠱᠠᠭᠠᠷᠳᠠᠯᠭ᠎ᠠ ᠪᠣᠯᠭᠠᠵᠤ᠂ 《ᠬᠤᠶᠠᠷ ᠢ | ᠲᠣᠭᠲᠠᠭᠠᠭᠰᠠᠨ》 ᠢ ᠡᠷᠡᠰ | ᠬᠦᠷᠢᠶᠡᠯᠡᠵᠦ᠂《ᠬᠤᠶᠠᠷ ᠢ ᠬᠠᠮᠠᠭᠠᠯᠠᠬᠤ》 | ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ | ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ | ᠠᠵᠢᠯᠯᠠᠭᠠᠨ ᠤ ᠤᠬᠠᠮᠰᠠᠷ ᠢᠶᠠᠨ | ᠲᠠᠰᠤᠷᠠᠯᠲᠠ ᠦᠭᠡᠢ ᠪᠠᠲᠤᠳᠬᠠᠬᠤ | ᠬᠡᠷᠡᠭᠲᠡᠢ︔ ᠨᠠᠮ ᠤᠨ ᠰᠢᠨ᠎ᠡ ᠶᠢ ᠡᠭᠦᠳᠬᠦ | ᠣᠨᠣᠯ ᠢᠶᠠᠷ ᠵᠡᠪᠰᠡᠭᠯᠡᠬᠦ᠂ ᠦᠨᠳᠦᠰᠦᠨ | ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢ | ᠰᠠᠶᠢᠲᠤᠷ ᠠᠳᠬᠤᠬᠤ᠂ ᠰᠤᠷᠲᠠᠯ ᠢ ᠴᠡᠭᠴᠡᠯᠡᠨ | ᠰᠠᠬᠢᠯᠭ᠎ᠠ ᠪᠠᠲᠤ ᠶᠢ ᠴᠢᠩᠳᠠᠯᠠᠬᠤ ᠶᠢ | ᠠᠬᠢᠭᠤᠯᠬᠤ ᠲᠠᠯ᠎ᠠ ᠪᠠᠷ ᠦᠷᠭᠦᠯᠵᠢᠯᠡᠨ | ᠬᠦᠴᠦᠯᠡᠵᠦ᠂ 《ᠪᠦᠬᠦ ᠲᠠᠯ᠎ᠠ ᠪᠠᠷ | ᠳᠡᠭᠡᠭᠰᠢᠯᠡᠭᠦᠯᠬᠦ》 ᠠᠵᠢᠯ ᠢ ᠰᠠᠶᠢᠲᠤᠷ | ᠬᠢᠵᠦ᠂ ᠪᠠᠶᠢᠭᠤᠯᠭ᠎ᠠ ᠶᠢᠨ ᠨᠠᠮ ᠤᠨ | ᠪᠠᠶᠢᠭᠤᠯᠤᠯᠲᠠ ᠶᠢᠨ ᠠᠵᠢᠯ ᠤᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ | ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ | ᠨᠡᠭᠡᠭᠡᠵᠦ ᠳᠤᠮᠳᠠ ᠲᠦᠪᠰᠢᠨ ᠳᠤ ᠣᠷᠣᠬᠤ | ᠬᠠᠷᠠᠯᠲᠠ ᠶᠢ ᠪᠡᠶᠡᠯᠡᠭᠦᠯᠬᠦ ᠳᠤ ᠣᠷᠣᠨ ᠤ | ᠰᠢᠭᠤᠳ ᠬᠠᠷᠢᠶ᠎ᠠ ᠪᠠᠶᠢᠭᠤᠯᠭ᠎ᠠ ᠶᠢᠨ | ᠬᠦᠴᠦᠨ ᠢ ᠨᠡᠩ ᠣᠯᠠᠨ ᠨᠡᠮᠡᠷᠢᠯᠡᠬᠦ | ᠬᠡᠷᠡᠭᠲᠡᠢ ᠭᠡᠵᠦ ᠵᠢᠭᠠᠵᠤ ᠭᠠᠷᠭᠠᠪᠠ᠃ |