ᠬᠠᠶᠢᠯᠠᠷ ᠲᠣᠭᠤᠷᠢᠭ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠰᠬᠠᠶ ᠲᠣᠭᠯᠠᠯᠲᠠ ᠡᠷᠬᠢᠯᠡᠪᠡ
ᠨᠡᠶᠢᠲᠡᠯᠡᠭᠰᠡᠨ ᠴᠠᠭ᠄
2024/7/19
    6 ᠳ᠋ᠤᠭᠠᠷ ᠰᠠᠷ᠎ᠠ ᠶᠢᠨ 19 ᠤ ᠡᠳᠦᠷ᠂ ᠬᠠᠶᠢᠯᠠᠷ ᠲᠣᠭᠤᠷᠢᠭ ᠤᠨ ︽ᠦᠨᠳᠦᠰᠦᠲᠡᠨ ᠨᠦᠭᠦᠳ ᠤᠨ ᠬᠥᠪᠡᠭᠦᠳ ᠥᠬᠢᠳ ᠡᠶ᠎ᠡ ᠵᠣᠬᠢᠴᠠᠩᠭᠤᠶ ᠪᠠᠷ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠨ ᠪᠦᠯᠬᠦᠮᠳᠡᠯ ᠢ ᠠᠬᠢᠭᠤᠯᠬᠤ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠷᠠᠨ ᠰᠠᠶᠢᠬᠠᠨ ᠤ ᠲᠤᠰᠬᠠᠶ ᠲᠣᠭᠯᠠᠯᠲᠠ ᠴᠢᠩᠭᠢᠰ ᠬᠠᠭᠠᠨ ᠠᠭᠤᠳᠠᠮ ᠲᠠᠯᠠᠪᠠᠶ ᠳᠤ ᠶᠠᠪᠤᠭᠳᠠᠪᠠ᠃ 
6385501565047344371846240.jpg
    ᠲᠣᠭᠯᠠᠯᠲᠠ ᠨᠢ ︽ᠵᠣᠯᠪᠣᠭᠠᠲᠦ ᠪᠦᠵᠢᠭ︾ ᠬᠡᠬᠦ ᠪᠦᠵᠢᠭ ᠤᠨ ᠲᠤᠮᠳᠠ ᠠᠭᠠᠵᠢᠮ ᠢᠶᠠᠷ ᠬᠥᠰᠢᠭᠡ ᠪᠠᠨ ᠰᠡᠬᠦᠵᠦ ᠂ ᠬᠦᠭᠵᠢᠶᠡᠨᠳᠦ ᠬᠥᠭᠵᠢᠮ᠂ ᠵᠤᠯᠪᠤᠭᠠᠯᠢᠭ ᠪᠥᠵᠢᠭ ᠢᠶᠠᠷ ᠢᠶᠠᠨ ᠥᠷᠭᠡᠨ ᠤᠯᠠᠨ ᠬᠤᠳᠠ ᠶᠢᠨ ᠠᠷᠠᠳ ᠪᠣᠯᠤᠨ ᠵᠤᠭᠠᠴᠠᠭᠰᠠᠳ ᠤᠨ ᠠᠩᠬᠠᠷᠤᠯ ᠢ ᠳᠠᠳᠠᠵᠤ᠂ ︽ᠠᠴᠢ ᠡᠨᠡᠷᠢᠯ ᠳᠤ ᠲᠠᠯᠠᠷᠬᠠᠬᠤ ᠳᠠᠭᠤᠤ ᠶᠢ ᠦᠶ᠎ᠠ  ᠶᠢᠨ ᠦᠶ᠎ᠡ ᠳᠤ ᠪᠠᠨ ᠤᠯᠠᠮᠵᠢᠯᠠᠨ ᠳᠠᠭᠤᠯᠠᠶ᠎ᠠ︾᠂ ︽ᠨᠤᠳᠤᠭ ᠤᠨ ᠳᠠᠭᠤᠤ ᠪᠠᠨ ᠨᠠᠮ ᠳᠤ ᠪᠠᠨ ᠡᠷᠬᠦᠶ᠎ᠠ︾ ᠵᠡᠷᠭᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠠᠭᠤᠤ ᠶᠢ ᠳᠠᠭᠤᠯᠠᠵᠤ᠂ ᠭᠦᠨ ᠴᠢᠬᠢᠮᠠᠶ ᠰᠡᠳᠬᠢᠯᠭᠡ ᠠᠴᠠ ᠪᠠᠨ ᠤᠷᠮ᠎ᠠ ᠰᠡᠳᠬᠢᠯᠬᠡ ᠪᠠᠳᠠᠷᠠᠩᠭᠤᠶ ᠪᠤᠯᠵᠤ᠂ ᠤᠮᠠᠷᠠᠲᠤ ᠬᠢᠵᠠᠭᠠᠷ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠨ ᠤᠷᠤᠭᠰᠢᠯᠠᠬᠤ ᠪᠠᠲᠤ ᠢᠲᠡᠭᠡᠯ ᠢ ᠭᠦᠶ᠋ᠴᠡᠳ ᠢᠯᠡᠷᠡᠬᠦᠯᠪᠠ᠃ ᠪᠥᠵᠢᠭ ︽ᠡᠯᠪᠡᠭ ᠬᠤᠷᠢᠶᠠᠯᠲᠠ ᠶᠢᠨ ᠪᠠᠶᠠᠷ︾᠂ ︽ᠲᠠᠯ᠎ᠠ ᠨᠤᠲᠤᠭ ᠤᠨ ᠤᠶᠠᠩᠭ᠎ᠠ︾᠂ ᠪᠡᠬᠡᠵᠢᠩ ᠵᠦᠴᠦᠬᠡ ︽ᠳᠤᠮᠳᠠᠳᠤ ᠤᠯᠤᠰ ᠤᠨ ᠪᠡᠭᠡᠵᠢᠩ ᠵᠦᠴᠦᠭᠡ ᠶᠢᠨ ᠡᠭᠦᠷᠢᠳᠡ ᠶᠢᠨ ᠬᠢᠯᠪᠠᠭ᠎ᠠ︾᠂ ᠲᠠᠰᠢᠶᠠᠪᠴᠢ ᠳᠡᠪᠡᠯ ᠤᠨ ᠦᠵᠡᠬᠦᠯᠬᠡ ︽ᠡᠬᠡ ᠤᠯᠤᠰ ᠤᠨ ᠮᠠᠭᠲᠠᠭᠠᠯ︾ ᠵᠡᠷᠭᠡ ᠭᠤᠶᠢᠳᠠ ᠰᠠᠶᠢᠬᠠᠨ ᠲᠤᠭᠯᠠᠯᠳᠠ ᠢ ᠰᠤᠨᠢᠷᠬᠠᠭᠤᠯᠵᠤ᠂ ᠪᠦᠬᠦ ᠲᠣᠭᠯᠠᠯᠲᠠ ᠶᠢᠨ ᠭᠤᠤᠯ ᠰᠡᠳᠦᠪ ᠨᠢ ᠢᠯᠡ ᠳᠤᠳᠤᠷᠬᠠᠢ ᠥᠪᠡᠷᠮᠢᠴᠠ ᠤᠨᠴᠠᠯᠢᠭ ᠲᠠᠢ ᠪᠠᠶᠢᠵᠤ᠂ ᠦᠵᠡᠭᠴᠢᠳ ᠬᠥᠷ ᠬᠦᠭᠵᠢᠶᠡᠨᠳᠦ ᠲᠤᠭᠯᠠᠯᠳᠠ ᠳᠤ ᠰᠤᠭᠳᠤᠭᠤᠷᠠᠵᠤ᠂ ᠠᠯᠠᠭ᠎ᠠ ᠲᠠᠰᠢᠯᠳᠠ ᠶᠢᠨ ᠲᠠᠭᠤᠨ ᠤᠳᠠᠲᠠᠯ᠎ᠠ ᠴᠤᠤᠷᠢᠶᠠᠳᠤᠪᠠ᠃
6385501571255156702914128.jpg
    ᠲᠣᠰ ᠤᠳᠠᠭᠠᠨ ᠤ ᠲᠤᠰᠬᠠᠶ ᠲᠣᠭᠯᠠᠯᠲᠠ ᠨᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠳᠤᠮᠳᠠᠳᠤ  ᠶᠢᠨ ᠰᠣᠶᠣᠯ ᠤᠨ ᠢᠳᠡᠬᠡᠯ ᠲᠠᠢ ᠬᠦᠴᠦᠷᠬᠡᠭ ᠪᠠᠶᠢᠳᠠᠯ ᠢ ᠬᠦᠢᠴᠡᠳ ᠢᠯᠡᠷᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠬᠠᠷᠠᠭᠠᠨ ᠰᠡᠷᠡᠯ ᠤᠨ ᠦᠪᠡᠳᠡᠭᠰᠢ ᠨᠠᠶᠢᠷ ᠢ ᠠᠪᠴᠢᠷᠠᠵᠠᠶ᠃ 
6385501572211406702493644.jpg
    ᠲᠠᠷᠠᠭᠠᠴᠢ ᠶᠢᠨ ᠠᠯᠬᠤᠮ ᠳᠤ ᠬᠠᠶᠢᠯᠠᠷ ᠲᠣᠭᠤᠷᠢᠭ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡ ᠬᠦ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠳᠬ᠎ᠠ ᠤᠷᠠᠯᠢᠭ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠶᠢᠨ ᠬᠢᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠬᠠᠶᠢᠯᠠᠷ ᠤᠨ ᠰᠢᠨ᠎ᠡ ᠬᠠᠭᠤᠳᠠᠰᠤ ᠶᠢ ᠨᠡᠩ ᠰᠠᠶᠢᠲᠤᠷ ᠪᠢᠴᠢᠭᠯᠡᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号