ᠬᠥᠬᠡᠬᠤᠲᠠ᠄ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠤᠮᠳᠠ ᠡᠷᠡᠯᠬᠡᠭᠯᠡᠨ ᠤᠷᠤᠭᠰᠢᠯᠠᠨᠠᠮ
ᠨᠡᠶᠢᠲᠡᠯᠡᠭᠰᠡᠨ ᠴᠠᠭ᠄
2024/7/19
    6 ᠳ᠋ᠤᠭᠠᠷ ᠰᠠᠷ᠎ᠠ ᠶᠢᠨ ᠬᠥᠬᠡᠬᠤᠲᠠ ᠤᠰᠤ ᠨᠢ ᠴᠡᠩᠬᠡᠷ ᠣᠭᠲᠠᠷᠭᠤᠢ ᠨᠢ ᠴᠡᠯᠮᠡᠭ᠂ ᠴᠡᠴᠡᠭ ᠬᠤᠸᠠᠷ ᠮᠢᠷᠠᠯᠵᠠᠨ ᠳᠡᠯᠭᠡᠷᠡᠵᠦ᠂ ᠥᠩᠭᠡ ᠦᠵᠡᠮᠵᠢ ᠨᠢ ᠵᠢᠷᠤᠭ ᠮᠡᠲᠦ᠃ ᠠᠳᠡ ᠦᠨᠳᠦᠰᠦᠲᠡᠨ ᠨᠦᠭᠦᠳ ᠤᠨ 360 ᠭᠠᠷᠤᠶ ᠲᠦᠮᠡᠨ ᠬᠥᠪᠡᠭᠦᠳ ᠥᠬᠢᠳ ᠠᠬ᠎ᠠ ᠳᠡᠭᠦᠦ ᠮᠡᠲᠦ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ ᠂ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠴᠠᠭ ᠦᠶ᠎ᠡ ᠶᠢᠨ ᠢᠷᠠᠭᠤ ᠠᠶᠠᠰ ᠢ ᠬᠠᠮᠲᠤ ᠪᠠᠷ ᠬᠠᠩᠭᠢᠨᠠᠭᠤᠯᠵᠤ᠂ ᠵᠣᠯ ᠵᠢᠷᠭᠠᠯᠲᠤ ᠠᠮᠢᠳᠤᠷᠠᠯ ᠢᠶᠠᠨ ᠬᠠᠮᠲᠤ ᠪᠠᠷ ᠴᠣᠭᠴᠠᠯᠠᠵᠤ ᠪᠣᠢ᠃ ᠥᠨᠥᠳᠦᠷ ᠤᠨ ᠬᠥᠬᠡᠬᠤᠲᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠨᠠᠩ ᠪᠠᠲᠤ ᠪᠣᠯᠵᠤ᠂ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠨ᠎ᠠ᠃    2023 ᠣᠨ ᠤ 6 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠪᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠲᠥᠷᠥᠯ ᠤᠨ ᠠᠵᠢᠯ ᠤᠨ ᠭᠤᠣᠯ ᠰᠢᠵᠢᠮ ᠮᠥᠨ᠃ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ ᠪᠥᠲᠥᠭᠡᠨ ᠪᠠᠢᠭᠤᠯᠤᠯᠲᠠ᠂ ᠤᠯᠤᠰ ᠲᠥᠷᠥ ᠶᠢᠨ ᠪᠦᠲᠦᠭᠡᠨ ᠪᠠᠢᠭᠤᠯᠤᠯᠲᠠ᠂ ᠰᠤᠶᠤᠯ ᠤᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠪᠠ ᠨᠠᠮ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠴᠥᠮ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠵᠤ ᠥᠴᠥᠬᠡᠨ ᠴᠦ ᠬᠡᠯᠪᠠᠶᠢᠯᠭᠡᠵᠦ ᠪᠣᠯᠬᠤ ᠦᠭᠡᠢ᠃ ᠬᠠᠤᠯᠢ ᠴᠠᠭᠠᠵᠠ ᠬᠠᠤᠯᠢ ᠲᠣᠭᠲᠠᠭᠠᠯ ᠲᠣᠭᠲᠠᠭᠠᠭᠰᠠᠨ ᠴᠤ ᠲᠡᠷᠡ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠨᠡᠶᠢᠲᠡᠯᠡᠭᠰᠡᠨ ᠴᠤ ᠲᠡᠷᠡ᠂ ᠴᠥᠮ ᠳᠤᠮᠳᠠᠳᠤ ᠶᠢᠨ ᠦᠨᠳᠦᠰᠦᠲᠡᠨ ᠤ ᠨᠡᠶᠢᠲᠡᠯᠢᠭ ᠴᠢᠨᠠᠷ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠳᠬᠠᠬᠤ ᠶᠢ ᠪᠤᠳᠤᠯᠬᠢᠯᠠᠬᠤ ᠬᠡᠷᠡᠭᠲᠡᠶ︾ ᠭᠡᠵᠦ ᠵᠢᠭᠠᠵᠤ ᠭᠠᠷᠭᠠᠪᠠ᠃    ᠨᠢᠭᠡ ᠵᠢᠯ ᠤᠨ ᠲᠤᠷᠰᠢ᠂ ᠬᠥᠬᠡᠬᠤᠲᠠ ᠨᠢ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠭᠤᠤᠯ ᠰᠢᠵᠢᠮ ᠢ ᠳᠣᠪᠤᠶᠢᠯᠭᠠᠵᠤ᠂ ᠲᠥᠪ ᠲᠤ ᠠᠭᠤᠰᠤᠯᠴᠠᠵᠤ᠂ ᠲᠥᠷᠥᠯ ᠬᠤᠪᠢᠶᠠᠨ ᠵᠢᠯᠣᠭᠤᠳᠬᠤ︾ ᠠᠵᠢᠯ ᠤᠨ ᠰᠡᠳᠬᠢᠮᠵᠢ ᠶᠢ ᠪᠠᠷᠢᠮᠳᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠤᠯ ᠰᠢᠵᠢᠮ ᠤᠨ ᠲᠣᠭᠤᠷᠢᠨ ᠳᠤ ᠡᠯ᠎ᠡ ᠲᠥᠷᠥᠯ ᠤᠨ ᠠᠵᠢᠯ ᠤᠨ ᠦᠴᠦᠬᠡᠨ ᠴᠤ ᠬᠡᠯᠪᠠᠶᠢᠯᠭᠡᠬᠦ ᠦᠭᠡᠢ ᠪᠠᠷ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠶᠢ ᠠᠬᠢᠭᠤᠯᠵᠤ᠂ ︽ᠠᠷᠪᠠᠳᠤᠭᠠᠷ ᠪᠦᠯᠦᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ︾᠂ ︽2023 ᠣᠨ ᠤ ᠳᠤᠮᠳᠠᠳᠤ ᠤᠯᠤᠰ ᠤᠨ ᠬᠠᠮᠤᠭ ᠤᠨ ᠵᠣᠯ ᠵᠢᠷᠭᠠᠯᠲᠤ ᠲᠥᠷᠥᠭᠳᠡᠯ ᠲᠠᠢ ᠬᠤᠲᠠ︾  ᠪᠠᠷ ᠦᠨᠡᠯᠡᠭᠳᠡᠪᠡ᠃ ᠬᠥᠬᠡᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ ᠳᠠᠷᠤᠭ᠎ᠠ ᠮᠢ ᠬᠤᠩ ᠷᠦᠢ᠂ ︽ᠪᠥᠬᠦ ᠬᠦᠷᠢᠶᠡᠯᠡᠩ ᠤᠨ ᠺᠠᠳ᠋ᠷ ᠠᠵᠢᠯᠲᠠᠨ ᠶᠡᠷᠦᠩᠬᠡᠶ ᠱᠦᠵᠢ ᠰᠢ ᠶᠢᠨ ᠫᠢᠩ ᠤᠨ ᠴᠢᠩ ᠰᠡᠳᠬᠢᠯ ᠤᠨ ᠰᠤᠷᠭᠠᠯ ᠪᠠ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ︿ᠳᠤᠮᠳᠠᠳᠤ ᠶᠢᠨ ᠦᠨᠳᠦᠰᠦᠲᠡᠨ ᠨᠢᠭᠡ ᠬᠡᠷ ᠶᠢᠨ ᠬᠢᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ﹀ ᠡᠨᠡ ᠬᠦ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠢ ᠦᠨᠦᠴᠢᠨ ᠬᠡᠥᠬᠡᠳ ᠲᠤ ᠦᠢᠯᠡᠴᠢᠯᠡᠬᠦ ᠭᠤᠣᠯ ᠡᠭᠦᠷᠭᠡ ᠭᠤᠣᠯ ᠠᠵᠢᠯ ᠳᠤ ᠨᠢᠭᠲᠠᠷᠠᠭᠤᠯᠵᠤ᠂ ᠬᠡᠦᠬᠡᠳ ᠲᠤ ︿ᠬᠡᠷ ᠪᠦᠯᠢ﹀ ᠶᠢᠨ᠂ ︿ᠠᠪᠤ ᠡᠵᠢ﹀ ᠶᠢᠨ ᠬᠠᠶᠢᠷ᠎ᠠ ᠬᠠᠯᠠᠮᠵᠢ ᠶᠢ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠠᠢ᠃    ᠬᠥᠬᠡᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠨᠢ ᠨᠠᠮ ᠤᠨ ᠪᠦᠲᠦᠭᠡᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠦᠬᠡᠳ ᠤᠨ ᠠᠰᠠᠷᠠᠮᠵᠢ ᠶᠢᠨ ᠦᠢᠯᠡᠰ ᠲᠤ ᠦᠨᠳᠦᠰᠦᠲᠡᠨ ᠤ ᠠᠵᠢᠯ ᠢ ᠪᠥᠬᠦ ᠲᠠᠯ᠎ᠠ ᠪᠠᠷ ᠰᠢᠭᠢᠳᠬᠡᠨ ᠣᠷᠣᠭᠤᠯᠬᠤ ᠶᠢ ᠠᠬᠢᠭᠤᠯᠵᠤ᠂ ︽ᠠᠴᠢ ᠡᠨᠡᠷᠢᠯ ᠳᠤ ᠲᠠᠯᠠᠷᠬᠠᠬᠤ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠨᠠᠷᠠᠲᠤ ᠲᠡᠮᠳᠡᠭ ᠢ ᠤᠯᠠᠮ ᠰᠠᠶᠢᠬᠠᠨ ᠪᠣᠯᠪᠠᠰᠤᠷᠠᠭᠤᠯᠵᠤ᠂ ᠣᠷᠣᠨ ᠤ ᠲᠥᠪ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ︾ ᠭᠡᠵᠡᠶ᠃    ᠬᠥᠬᠡᠬᠤᠲᠠ ᠨᠢ ᠤᠯᠤᠰ ᠤᠨ ᠲᠡᠦᠬᠡ ᠰᠣᠶᠣᠯ ᠤᠨ ᠨᠡᠷᠡᠳᠦ ᠬᠤᠳᠠ ᠪᠣᠯᠤᠭᠰᠠᠨ ᠤ ᠬᠤᠪᠢ ᠳᠤ ᠥᠨᠢ ᠤᠳᠠᠭᠠᠨ ᠲᠡᠦᠬᠡ ᠲᠠᠢ᠂ ᠭᠦᠨ ᠵᠤᠵᠠᠭᠠᠨ ᠰᠣᠶᠣᠯ ᠤᠨ ᠰᠠᠭᠤᠷᠢ ᠲᠠᠢ ᠶᠤᠮ᠃ 2023 ᠣᠨ ᠳᠤ ᠬᠥᠬᠡᠬᠤᠲᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ︽ᠤᠮᠠᠷᠠᠲᠤ ᠬᠢᠯᠢ ᠶᠢᠨ ᠰᠣᠶᠣᠯ︾  ᠤᠨ ᠨᠡᠷᠡᠲᠦ ᠲᠡᠮᠳᠡᠭ ᠢ ᠲᠥᠷᠥᠭᠦᠯᠡᠨ ᠡᠭᠦᠳᠴᠦ᠂ ᠣᠷᠣᠨ ᠤ ᠲᠥᠪ ᠬᠤᠲᠠ ᠶᠢᠨ ᠲᠡᠦᠬᠡ ᠰᠣᠶᠣᠯ ᠤᠨ ᠡᠬᠢ ᠪᠠᠶᠠᠯᠢᠭ ᠵᠢᠴᠢ ᠲᠡᠭᠦᠨ ᠳᠤ ᠠᠭᠤᠯᠤᠭᠳᠠᠵᠤ ᠪᠠᠶᠢᠭ᠎ᠠ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ᠲᠡᠦᠬᠡ ᠶᠢ ᠭᠦᠨᠵᠡᠭᠡᠢ ᠠᠭᠤᠳᠠᠯᠤᠨ ᠳᠡᠯᠭᠡᠨ ᠦᠵᠡᠭᠦᠯᠵᠦ᠂ ᠬᠥᠬᠡᠬᠤᠲᠠ ᠶᠢᠨ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠰᠢᠷᠢᠰ ᠴᠤᠪᠤᠷᠠᠯ ᠪᠢᠴᠢᠭ ᠪᠠ ᠵᠢᠷᠤᠭᠲᠤ ᠳᠡᠪᠲᠡᠷ ᠢ ᠨᠠᠶᠢᠷᠠᠭᠤᠯᠤᠨ ᠵᠣᠬᠢᠶᠠᠵᠤ᠂ ᠳᠤᠮᠳᠠᠳᠤ ᠶᠢᠨ ᠰᠣᠶᠣᠯ ᠤᠨ ᠠᠭᠤᠯᠤᠭᠳᠠᠬᠤᠨ ᠲᠠᠢ᠂ ᠤᠮᠠᠷᠠᠲᠤ ᠬᠢᠯᠢ ᠶᠢᠨ ᠣᠨᠴᠠᠯᠢᠭ ᠢ ᠢᠯᠡᠷᠡᠭᠦᠯᠦᠭᠰᠡᠨ ᠰᠢᠯᠢᠳᠡᠭ ᠤᠳᠬ᠎ᠠ ᠤᠷᠠᠯᠢᠭ ᠤᠨ ᠨᠢᠭᠡ ᠪᠦᠯᠦᠭ ᠪᠦᠲᠦᠭᠡᠯ ᠢ ᠵᠣᠬᠢᠶᠠᠨ ᠪᠦᠲᠦᠭᠡᠪᠡ᠃    ᠬᠥᠬᠡᠬᠤᠲᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠡᠨᠡ ᠵᠢᠯ᠂ ᠬᠥᠬᠡᠬᠤᠲᠠ ᠪᠥᠬᠦ ᠲᠠᠯ᠎ᠠ ᠶᠢᠨ᠂ ᠪᠥᠬᠦ ᠴᠠᠷᠠᠭ᠎ᠠ ᠬᠦᠷᠢᠶ᠎ᠡ ᠶᠢᠨ᠂ ᠪᠦᠬᠦᠨ ᠢ ᠬᠠᠮᠤᠷᠤᠭᠰᠠᠨ ᠬᠡᠯᠪᠡᠷᠢ ᠪᠠᠷ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ︾᠂ ︽8 + N︾ ᠤᠬᠠᠭᠤᠯᠭ᠎ᠠ ᠪᠠ 12 ᠲᠥᠷᠥᠯ ᠤᠨ ᠭᠤᠤᠯ ᠰᠡᠳᠦᠪᠲᠦ ᠠᠵᠢᠯᠯᠠᠭ᠎ᠠ ᠶᠢ ᠰᠢᠨ᠎ᠡ ᠡᠭᠦᠳᠦᠯᠲᠡ ᠲᠠᠢ ᠪᠠᠷ ᠥᠷᠨᠢᠭᠦᠯᠵᠦ᠂ ᠲᠥᠪᠯᠡᠷᠡᠭᠦᠯᠦᠨ ᠤᠬᠠᠭᠤᠯᠤᠭᠰᠠᠨ ᠠᠵᠢᠯᠯᠠᠭ᠎ᠠ ᠶᠢᠨ ᠲᠤᠬᠠᠢ ᠶᠢᠨ ᠡᠳᠦᠷ ᠲᠤ 26.2 ᠲᠦᠮᠡ ᠭᠠᠷᠤᠶ ᠬᠥᠮᠦᠨ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠶᠢ ᠰᠣᠨᠢᠷᠬᠠᠪᠠ᠃ 5 ᠳ᠋ᠤᠭᠠᠷ ᠰᠠᠷ᠎ᠠ ᠳᠤ᠂ ᠬᠥᠬᠡᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ 56 ᠨᠣᠮᠧᠷᠲᠤ ︽ᠪᠦᠯᠬᠦᠮᠳᠡᠨ ᠤᠷᠤᠭᠰᠢᠯᠠᠬᠤ︾ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠤ ᠲᠤᠰᠬᠠᠢ ᠱᠤᠭᠤᠮ ᠢᠶᠠᠷ ᠠᠴᠢᠶᠠᠯᠠᠭᠴᠢ ᠪᠣᠯᠭᠠᠵᠤ᠂ ᠨᠡᠶᠢᠲᠡ ᠶᠢᠨ ᠮᠠᠰᠢᠨ ᠲᠡᠷᠭᠡᠨ ᠤ ᠰᠢᠯᠵᠢᠩᠭᠦᠢ ᠴᠢᠨᠠᠷ ᠴᠢᠩᠭ᠎ᠠ᠂ ᠬᠠᠷᠢᠯᠴᠠᠬᠤ ᠬᠡᠪᠴᠢᠶ᠎ᠡ ᠥᠷᠭᠡᠨ ᠪᠠᠶᠢᠬᠤ ᠳᠠᠪᠠᠭᠤᠯᠢᠭ ᠢ ᠠᠰᠢᠭᠯᠠᠵᠤ᠂ ᠠᠶᠠᠨᠴᠢᠳ ᠲᠤ ᠣᠨᠣᠯ ᠤᠨ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠵᠤ᠂ ᠨᠡᠶᠢᠲᠡ 407 ᠲᠦᠮᠡᠨ ᠬᠥᠮᠦᠨ ᠤᠳᠠᠭ᠎ᠠ ᠳᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠤᠭᠰᠠᠨ ᠪᠠᠶᠢᠨ᠎ᠠ᠃ ᠬᠤᠲᠠ ᠶᠢᠨ ᠠᠷᠠᠳ ᠺᠥᠩ ᠠᠪᠠᠭ᠋ᠠᠢ᠂ ︽ᠪᠢ ᠦᠷᠭᠦᠯᠵᠢ ᠡᠨᠡ ᠬᠦ ᠲᠡᠷᠭᠡᠨ ᠳᠤ ᠰᠠᠭᠤᠳᠠᠭ᠂ ᠠᠶᠠᠨᠴᠢᠳ ᠲᠤ ᠤᠨᠤᠯ ᠤᠨ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠵᠤ᠂ ᠤᠯᠠᠨ ᠳᠤ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠣᠶᠢᠯᠠᠭᠠᠭᠤᠯᠤᠭᠰᠠᠨ ᠨᠢ ᠮᠠᠰᠢ ᠰᠠᠶᠢᠨ︾ ᠭᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠤᠳᠤᠯᠭᠠᠨ ᠤ ᠰᠢᠰᠲ᠋ᠧᠮ ᠢ ᠭᠦᠨᠵᠡᠭᠡᠢ ᠪᠠᠶᠢᠭᠤᠯᠬᠤ ᠶᠢᠨ ᠲᠥᠯᠥᠭᠡ᠂ ᠬᠥᠬᠡᠬᠤᠲᠠ ᠳᠤ ᠪᠠᠶᠢᠭ᠎ᠠ ᠡᠬᠢ ᠪᠠᠶᠠᠯᠢᠭ ᠢᠶᠠᠨ ᠨᠡᠶᠢᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠤᠳᠤᠯᠭᠠᠨ ᠤ ᠰᠠᠭᠤᠷᠢᠨ ᠭᠠᠵᠠᠷ 2᠂ ᠠᠵᠢᠯᠯᠠᠬᠤ ᠦᠷᠳᠡᠭᠡ 6 ᠶᠢ ᠪᠠᠶᠢᠭᠤᠯᠪᠠ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ 28 ᠶᠢ ᠪᠠᠶᠢᠭᠤᠯᠵᠤ᠂ ᠡᠯ᠎ᠡ ᠲᠦᠷᠦᠯ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ 512 ᠲᠦᠮᠡ ᠭᠠᠷᠤᠢ ᠬᠥᠮᠦᠨ ᠤᠳᠠᠭ᠎ᠠ ᠶᠢ ᠬᠠᠮᠤᠷᠪᠠ᠃    ᠡᠭᠦᠨ ᠤ ᠬᠠᠮᠲᠤ ︽ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ︾ ᠤᠨ ᠠᠵᠢᠯᠯᠠᠭ᠎ᠠ ᠶᠢ ᠭᠦᠨᠵᠡᠭᠡᠶᠢᠷᠡᠭᠦᠯᠪᠡ᠃ ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠶᠠᠪᠤᠳᠠᠯ ᠪᠦᠬᠦᠨ ᠢ ᠨᠢ ᠬᠠᠯᠠᠮᠵᠢᠯᠠᠪᠠᠯ ᠵᠣᠬᠢᠨ᠎ᠠ᠃ ᠬᠥᠬᠡᠬᠤᠲᠠ ︽ᠴᠢᠳᠠᠪᠤᠷᠢᠲᠠᠨ ᠢᠶᠠᠷ ᠬᠦᠴᠦᠷᠬᠡᠭᠵᠢᠭᠦᠯᠬᠦ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ︽ᠭᠤᠣᠯᠳᠤ ᠪᠣᠷᠤ ᠴᠡᠴᠡᠭᠲᠦ ᠦᠨᠳᠦᠰᠦᠯᠡᠬᠦ ᠲᠥᠯᠥᠪᠯᠡᠭᠡ︾ ᠶᠢ ᠬᠡᠷᠡᠭᠵᠢᠭᠦᠯᠵᠦ᠂ ᠡᠨᠡ ᠵᠢᠯ ᠪᠠᠷᠤᠭ 5 ᠲᠦᠮᠡᠨ ᠣᠶᠤᠲᠠᠨ ᠢ ᠦᠯᠡᠳᠡᠭᠡᠵᠦ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠦᠨᠳᠦᠰᠦᠲᠡᠨ ᠨᠦᠭᠦᠳ ᠤᠨ ᠠᠵᠢᠯᠳᠠᠨ ᠠᠵᠢᠯᠴᠢᠨ ᠢ ᠡᠯᠰᠡᠬᠦ ᠶᠢ ᠵᠣᠷᠢᠭᠵᠢᠭᠤᠯᠵᠤ᠂ ᠲᠡᠳᠡᠨ ᠢ ᠣᠷᠣᠨ ᠤ ᠲᠥᠪ ᠲᠤ ᠰᠠᠭᠤᠵᠤ᠂ ᠰᠠᠨᠠᠭ᠎ᠠ ᠠᠮᠤᠷ ᠦᠢᠯᠡᠰ ᠪᠤᠰᠬᠠᠬᠤ ᠶᠢ ᠳᠡᠮᠵᠢᠪᠡ᠃ ᠡᠭᠦᠨ ᠤ ᠬᠠᠮᠲᠤ᠂ ᠬᠥᠬᠡᠬᠤᠲᠠ ᠨᠢ ᠰᠤᠷᠭᠠᠭᠤᠯᠢ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠵᠢᠭᠰᠠᠭᠠᠯ ᠤᠨ ᠭᠠᠵᠠᠷ ᠪᠣᠯᠭᠠᠨ ᠠᠳᠬᠤᠬᠤ ᠶᠢ ᠢᠮᠠᠭᠲᠠ ᠪᠠᠷᠢᠮᠲᠠᠯᠠᠵᠤ᠂ ᠭᠤᠣᠯ ᠰᠢᠵᠢᠮ ᠢ ᠡᠯ᠎ᠡ ᠱᠠᠲᠤᠨ ᠤ ᠰᠤᠷᠭᠠᠭᠤᠯᠢ ᠨᠤᠭᠤᠳ ᠤᠨ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠪᠦᠬᠦ ᠶᠠᠪᠤᠴᠠ ᠳᠤ ᠠᠭᠤᠰᠬᠠᠵᠠᠢ᠃ ᠢᠦᠢ ᠴᠢᠤᠸᠠᠨ ᠲᠣᠭᠤᠷᠢᠭ ᠤᠨ ᠨᠠᠨ ᠴᠠᠢ ᠾᠥᠸᠧ ᠵᠠᠬ᠎ᠠ ᠵᠡᠭᠡᠯᠢ ᠶᠢᠨ ᠪᠠᠭ᠎ᠠ ᠰᠤᠷᠭᠠᠭᠤᠯᠢ ᠳᠤ᠂ ᠡᠯ᠎ᠡ ᠦᠨᠳᠦᠰᠦᠲᠡᠨ ᠤ ᠪᠠᠭᠰᠢ ᠰᠤᠷᠤᠭᠴᠢᠳ ᠤᠨ ᠬᠠᠶᠢᠷ᠎ᠠ ᠰᠡᠳᠬᠢᠯᠭᠡ ᠭᠦᠨ ᠵᠤᠵᠠᠭᠠᠨ ᠲᠤᠯᠠ᠂ ᠬᠠᠮᠲᠤ ᠪᠠᠷ ᠰᠢᠨ᠎ᠡ ᠮᠡᠳᠡᠯᠭᠡ ᠶᠢ ᠬᠠᠶᠢᠨ ᠰᠦᠪᠡᠭᠴᠢᠯᠡᠵᠦ᠂ ᠬᠠᠮᠲᠤ ᠪᠠᠷ ᠰᠤᠷᠤᠯᠴᠠᠨ ᠳᠠᠪᠰᠢᠵᠤ ᠪᠤᠢ᠃ ᠰᠤᠷᠭᠠᠭᠤᠯᠢ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠬᠥᠮᠦᠵᠢᠯ ᠵᠢᠭᠠᠨ ᠰᠤᠷᠭᠠᠯᠲᠠ ᠲᠠᠢ ᠣᠷᠭᠠᠨᠢᠭ ᠢᠶᠠᠷ ᠠᠭᠤᠰᠤᠯᠴᠠᠭᠤᠯᠵᠤ᠂ ︽ᠭᠤᠷᠪᠠᠨ ᠰᠠᠯᠵᠤ ᠪᠣᠯᠤᠰᠢ ᠥᠬᠡᠶ︾᠂ ︽ᠳᠥᠷᠪᠡᠨ ᠬᠠᠮᠲᠤ ᠪᠠᠷ︾᠂ ︽ᠲᠠᠪᠤᠨ ᠮᠡᠳᠡᠷᠡᠬᠦᠢ︾ ᠶᠢᠨ ᠦᠷ᠎ᠡ ᠶᠢ ᠦᠨᠳᠦᠰᠦᠲᠡᠨ ᠨᠦᠭᠦᠳ ᠤᠨ ᠰᠤᠷᠤᠭᠴᠢᠳ ᠤᠨ ᠰᠡᠳᠬᠢᠯ ᠤᠨ ᠭᠦᠨ ᠳᠤ ᠦᠨᠳᠦᠰᠦᠯᠡᠭᠦᠯᠪᠡ᠃ ᠬᠥᠬᠡᠬᠤᠲᠠ ᠨᠢ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ︔ ᠤᠯᠤᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠪᠠ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠪᠡ︔ ᠦᠨᠳᠦᠰᠦᠲᠡᠨ ᠤ ᠬᠡᠷᠡᠭ ᠶᠠᠪᠤᠳᠠᠯ ᠢ ᠬᠤᠲᠠ ᠬᠥᠳᠡᠭᠡ ᠶᠢᠨ ᠲᠣᠣᠷᠵᠢᠭᠤᠯᠤᠭᠰᠠᠨ ᠦᠢᠯᠡᠴᠢᠯᠡᠭᠡᠨ ᠤ ᠬᠠᠮᠢᠶᠠᠷᠤᠯᠲᠠ ᠳᠤ ᠣᠷᠣᠭᠤᠯᠪᠠ︔ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠷᠭᠦᠯᠵᠢᠯᠡᠨ ᠨᠡᠮᠡᠭᠳᠡᠭᠦᠯᠪᠡ᠃    ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ᠃ ᠬᠥᠬᠡᠬᠤᠲᠠ ᠶᠢᠨ ᠡᠯ᠎ᠡ ᠭᠠᠵᠠᠷ ᠲᠤ ︽ᠵᠢᠷᠭᠤᠭᠠᠨ ᠶᠡᠭᠡ ᠠᠵᠤ ᠦᠢᠯᠡᠰ ᠤᠨ ᠴᠤᠭᠯᠠᠷᠠᠯ︾ ᠢ ᠲᠦᠷᠭᠡᠳᠬᠡᠨ ᠴᠤᠭᠯᠠᠷᠠᠭᠤᠯᠵᠤ᠂ ᠴᠢᠬᠤᠯᠠ ᠶᠡᠭᠡ ᠲᠦᠷᠦᠯ ᠵᠦᠢᠯ ᠤᠳ ᠢ ᠱᠠᠯᠠᠪᠳᠠᠨ ᠪᠠᠶᠢᠭᠤᠯᠵᠤ᠂ ᠠᠷᠠᠳ ᠤᠨ ᠠᠮᠢᠳᠤᠷᠠᠯ ᠳᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠡᠩ ᠶᠡᠭᠡ ᠪᠠᠷ ᠠᠰᠢᠭ ᠬᠦᠷᠲᠡᠭᠡᠬᠦ ᠪᠣᠯᠤᠨ᠎ᠠ᠃    ᠡᠶ᠎ᠡ ᠨᠠᠶᠢᠷ ᠠᠴᠠ ᠶᠠᠪᠤᠳᠠᠯ ᠪᠦᠲᠦᠨ᠎ᠡ᠂ ᠪᠦᠯᠬᠦᠮᠳᠡᠯ ᠠᠴᠠ ᠬᠦᠴᠦᠨ ᠪᠦᠷᠢᠯᠳᠦᠳᠡᠭ᠃ ᠡᠳᠦᠭᠡ᠂ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ᠂ ᠪᠦᠯᠬᠦᠮᠳᠡᠨ ᠲᠡᠮᠡᠴᠡᠭᠰᠡᠨ ᠰᠡᠳᠬᠢᠯ ᠬᠥᠳᠡᠯᠭᠡᠮ᠎ᠡ ᠪᠠᠶᠢᠳᠠᠯ ᠬᠥᠬᠡᠬᠤᠲᠠ ᠶᠢᠨ ᠭᠠᠵᠠᠷ ᠪᠣᠯᠭᠠᠨ ᠳᠤ ᠢᠯᠡᠷᠡᠵᠦ ᠪᠣᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠠᠪᠤᠳᠠᠯ ᠨᠢ ᠨᠢᠭᠡᠨᠲᠡ ᠪᠦᠬᠦ ᠬᠤᠳᠠ ᠶᠢᠨ ᠤᠯᠤᠰ ᠲᠦᠷᠦ᠂ ᠠᠵᠤ ᠠᠬᠤᠢ᠂ ᠰᠣᠶᠣᠯ᠂ ᠨᠡᠶᠢᠭᠡᠮ ᠪᠣᠯᠤᠨ ᠨᠠᠮ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠴᠠᠷᠠᠭ᠎ᠠ ᠬᠦᠷᠢᠶᠡᠨ ᠳᠤ ᠭᠦᠨᠵᠡᠭᠡᠢ ᠠᠭᠤᠰᠤᠭᠠᠳ᠂ ᠴᠡᠴᠡᠭᠯᠡᠨ ᠬᠥᠭᠵᠢᠭᠰᠡᠨ᠂ ᠡᠶ᠎ᠡ ᠵᠣᠬᠢᠴᠠᠩᠭᠤᠢ᠂ ᠦᠵᠡᠰᠬᠦᠯᠡᠩᠲᠦ ᠰᠠᠶᠢᠬᠠᠨ ᠰᠢᠨ᠎ᠡ ᠵᠢᠷᠤᠭ ᠳᠥᠷᠰᠦ ᠶᠢ ᠬᠠᠮᠲᠤ ᠪᠠᠷ ᠵᠢᠷᠤᠭᠯᠠᠨᠠᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号