ᠸᠠᠩ ᠵᠢᠶᠦ᠋ᠨ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ ᠪᠣᠯᠭᠠᠵᠤ ᠮᠠᠨ ᠤ ᠣᠷᠣᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠤᠶ᠎ᠠ
ᠨᠡᠶᠢᠲᠡᠯᠡᠭᠰᠡᠨ ᠴᠠᠭ᠄
2024/7/19
    ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠮᠠᠨ ᠤ ᠣᠷᠣᠨ ᠳᠤ ᠶᠠᠮᠠᠷ ᠶᠠᠮᠠᠷ ᠰᠢᠨ᠎ᠡ ᠰᠡᠳᠬᠢᠮᠵᠢ᠂ ᠰᠢᠨ᠎ᠡ ᠠᠷᠭ᠎ᠠ ᠬᠡᠮᠵᠢᠶ᠎ᠡ ᠪᠠᠶᠢᠬᠤ ᠪᠣᠶ︖ ᠣᠶᠢᠷ᠎ᠠ ᠳᠤ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠢ ᠲᠤᠰᠬᠠᠶᠢᠯᠠᠨ ᠰᠤᠷᠪᠤᠯᠵᠢᠯᠠᠪᠠ᠃    ᠰᠤᠷᠪᠤᠯᠵᠢᠯᠠᠭᠴᠢ᠄ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠪᠦᠬᠦ ᠣᠷᠣᠨ ᠤ ᠨᠡᠶᠢᠭᠡᠮ ᠤᠨ ᠡᠯ᠎ᠡ ᠡᠲᠡᠭᠡᠳ ᠤᠨ ᠳᠤᠮᠳᠠ ᠬᠠᠯᠠᠭᠤᠨ ᠲᠤᠰᠬᠠᠯ ᠲᠠᠢ ᠪᠣᠯᠪᠠ᠂ ᠲᠠ ᠤᠶᠢᠯᠠᠭᠠᠯᠳᠠ ᠲᠦᠷᠦᠭᠳᠡᠯ ᠢᠶᠠᠨ ᠶᠠᠷᠢᠭᠠᠷᠠᠢ᠃    ᠸᠠᠩ ᠵᠢᠶᠦ᠋ᠨ᠄ 8 ᠳ᠋ᠤᠭᠠᠷ ᠰᠠᠷ᠎ᠠ ᠶᠢᠨ 27 ᠠᠴᠠ 28 ᠤ ᠡᠳᠦᠷ ᠪᠣᠯᠲᠠᠯ᠎ᠠ᠂ ᠪᠢ ᠬᠤᠪᠢᠶᠠᠷᠢ ᠬᠤᠷᠠᠯ ᠤᠨ ᠲᠠᠯᠠᠪᠠᠶ ᠳᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠤ ᠣᠷᠣᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠰᠣᠨᠣᠰᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠦᠨᠳᠦᠷᠴᠡ ᠳᠤ ᠵᠤᠬᠰᠤᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ᠂ ᠴᠢᠬᠤᠯᠠ ᠡᠭᠦᠷᠭᠡ᠂ ᠠᠵᠢᠯ ᠤᠨ ᠭᠤᠣᠯ ᠰᠢᠵᠢᠮ᠂ ᠲᠦᠷᠢᠮ ᠤᠨ ᠪᠠᠲᠤᠯᠠᠭ᠎ᠠ᠂ ᠪᠡᠶᠡᠯᠡᠭᠦᠯᠬᠦ ᠠᠷᠭ᠎ᠠ ᠬᠡᠯᠪᠡᠷᠢ ᠵᠢᠴᠢ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠪᠠ ᠦᠨᠳᠦᠰᠦᠲᠡᠨ ᠤ ᠠᠵᠢᠯ ᠤᠨ ᠠᠷᠭ᠎ᠠ ᠶᠢᠨ ᠣᠨᠣᠯ ᠢ ᠭᠦᠨᠵᠡᠭᠡᠶ ᠲᠣᠳᠣᠷᠬᠠᠶᠢᠯᠠᠨ ᠦᠭᠦᠯᠡᠵᠦ᠂ ᠦᠨᠳᠦᠰᠦᠲᠡᠨ ᠤ ᠠᠵᠢᠯ ᠤᠨ ᠲᠤᠬᠠᠢ ᠮᠠᠨ ᠤ ᠨᠠᠮ ᠤᠨ ᠲᠠᠨᠢᠯᠲᠠ ᠪᠠ ᠦᠢᠯᠡᠳᠦᠯᠭᠡ ᠶᠢ ᠰᠢᠨ᠎ᠡ ᠨᠢᠭᠡᠨ ᠦᠡᠳᠦᠷᠴᠡ ᠳᠤ ᠬᠦᠷᠲᠡᠯ᠎ᠡ ᠲᠡᠭᠡᠭᠰᠢᠯᠡᠭᠦᠯᠵᠦ᠂ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠤᠨ ᠰᠢᠨ᠎ᠡ ᠠᠬᠤᠶ ᠪᠠᠶᠢᠳᠠᠯ ᠢ ᠨᠡᠭᠡᠭᠡᠵᠦ᠂ ᠦᠨᠳᠦᠰᠦᠲᠡᠨ ᠤ ᠤᠨᠤᠯ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠬᠠᠢ ᠵᠠᠭᠤᠨ ᠵᠢᠯ ᠤᠨ ᠲᠣᠮᠣ ᠨᠠᠮ ᠤᠨ ᠪᠣᠯᠪᠠᠰᠤᠷᠠᠩᠭᠤᠶ ᠪᠣᠯᠣᠭᠰᠠᠨ ᠪᠠ ᠪᠠᠲᠤ ᠢᠲᠡᠭᠡᠯ ᠢ ᠢᠯᠡᠷᠡᠭᠦᠯᠵᠦ᠂ ᠪᠢᠳᠡᠨ ᠳᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠦᠨᠳᠦᠰᠦᠨ ᠵᠢᠷᠤᠮᠯᠠᠯ ᠢ ᠬᠠᠩᠭᠠᠪᠠ᠃    ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ᠬᠥᠲᠥᠯᠪᠦᠷᠢ︾ ᠮᠥᠨ᠂ ᠪᠤᠢ ᠪᠦᠬᠦᠢ ᠠᠵᠢᠯ ᠢ ᠡᠭᠦᠨ ᠳᠤ ᠲᠦᠪᠯᠡᠷᠡᠭᠦᠯᠭᠦ ᠬᠡᠷᠡᠭᠲᠡᠢ ᠭᠡᠵᠦ ᠴᠢᠬᠤᠯᠠᠴᠢᠯᠠᠬᠰᠠᠨ ᠪᠦᠭᠡᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠡᠷᠲᠡᠨ ᠡᠳᠦᠭᠡ ᠶᠢᠨ ᠬᠤᠪᠢᠷᠠᠯᠲᠠ ᠶᠢ ᠪᠣᠳᠣᠯᠬᠢᠯᠠᠵᠤ᠂ ᠴᠠᠭ ᠦᠶ᠎ᠡ ᠶᠢᠨ ᠬᠠᠨᠳᠤᠰᠢ ᠶᠢ ᠠᠵᠢᠵᠤ ᠪᠠᠶᠢᠭᠠᠳ ᠭᠠᠷᠭᠠᠭᠰᠠᠨ ᠴᠢᠬᠤᠯᠠ ᠶᠡᠭᠡ ᠤᠤᠭᠠᠯ ᠡᠭᠦᠳᠦᠯᠲᠡ ᠶᠢᠨ ᠴᠢᠨᠠᠷᠲᠠᠢ ᠨᠤᠲᠠᠯᠠᠯᠲᠠ ᠮᠥᠨ᠂ ᠨᠠᠮ ᠤᠨ ᠲᠥᠪ ᠬᠤᠷᠢᠶ᠎ᠠ ᠠᠴᠠ ᠴᠠᠭ ᠦᠶ᠎ᠡ ᠶᠢᠨ ᠬᠥᠭᠵᠢᠯᠲᠡ ᠶᠢ ᠲᠠᠭᠠᠵᠤ ᠦᠨᠳᠦᠰᠦᠲᠡᠨ ᠤ ᠠᠵᠢᠯ ᠳᠤ ᠬᠢᠭᠰᠡᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠳᠠ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠤᠯᠤᠰ ᠣᠷᠣᠨ ᠤ ᠨᠢᠭᠡᠳᠦᠯ ᠤᠨ ᠰᠠᠭᠤᠷᠢ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠤᠶᠤᠨ ᠰᠠᠨᠠᠭᠠᠨ ᠤ ᠬᠦᠴᠦᠨ ᠤ ᠰᠦᠭ ᠰᠦᠨᠡᠰᠦ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯ ᠦᠨᠳᠦᠰᠦᠲᠡᠨ ᠨᠦᠭᠦᠳ ᠤᠨ ᠦᠨᠳᠦᠰᠦᠨ ᠠᠰᠢᠭ ᠲᠤᠰᠠ ᠶᠢ ᠬᠠᠮᠠᠭᠠᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠨᠠᠶᠢᠷᠲᠠᠢ ᠨᠡᠶᠢᠭᠡᠮ ᠵᠢᠷᠤᠮᠲᠤ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠂ ᠨᠠᠮ ᠤᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠡᠭᠦᠳᠦᠨ ᠨᠡᠭᠡᠭᠡᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃    ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠤᠬᠠᠭᠤᠯᠬᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠮᠥᠨ᠂ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠨᠢ ᠦᠨᠳᠦᠰᠦᠲᠡᠨ ᠤ ᠠᠵᠢᠯ ᠤᠨ ᠭᠤᠣᠯ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠡᠵᠡᠮᠰᠢᠭᠦ ᠨᠢ ᠨᠡᠩ ᠴᠢᠬᠤᠯᠠ ᠶᠤᠮ᠃ ᠪᠥᠬᠦ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠤᠨ ᠬᠢᠨ ︽ᠬᠤᠶᠠᠷ ᠶᠡᠭᠡ ᠲᠠᠯ᠎ᠠ︾ ᠶᠢ ᠰᠡᠳᠬᠢᠯ  ᠳᠤ ᠪᠠᠨ ᠡᠪᠦᠷᠯᠡᠵᠦ᠂ ᠨᠠᠮ ᠤᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠪᠠ ᠴᠢᠬᠤᠯᠠ ᠡᠭᠦᠷᠭᠡ ᠶᠢ ᠪᠠᠶᠢᠯᠳᠤᠬᠤ ᠪᠣᠳᠣᠯᠭ᠎ᠠ ᠪᠠ ᠪᠦᠬᠦ ᠲᠠᠯ᠎ᠠ ᠶᠢᠨ ᠦᠨᠳᠦᠷᠴᠡ ᠠᠴᠠ ᠭᠦᠨᠵᠡᠭᠡᠢ ᠡᠵᠡᠮᠰᠢᠵᠦ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠴᠠᠭᠠᠰᠢᠳᠠ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠤᠰᠤᠭᠠᠷ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠶᠢᠯᠠᠭᠠᠵᠤ᠂ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠬᠡᠷᠡᠭᠯᠡᠬᠦ ᠶᠢ ᠤᠬᠠᠮᠰᠠᠷ ᠠᠴᠠ ᠪᠠᠨ ᠦᠨᠳᠦᠰᠦᠨ ᠱᠠᠭᠠᠷᠳᠠᠯᠭ᠎ᠠ ᠪᠠ ︽ᠭᠠᠷᠮᠠᠭᠠᠢ ᠴᠢᠳᠠᠪᠤᠷᠢ︾ ᠪᠤᠯᠭᠠᠵᠤ᠂ ᠦᠵᠡᠯ ᠰᠠᠨᠠᠭ᠎ᠠ ᠦᠵᠡᠯᠲᠡ ᠨᠢᠭᠡ ᠪᠦᠷᠢ ᠶᠢ᠂ ᠤᠯᠤᠰ ᠲᠦᠷᠦ ᠶᠢᠨ ᠨᠤᠲᠠᠯᠠᠯᠲᠠ ᠨᠢᠭᠡ ᠪᠦᠷᠢ ᠶᠢ᠂ ᠦᠢᠯᠡᠳᠦᠯᠭᠡ ᠶᠢᠨ ᠱᠠᠭᠠᠷᠳᠠᠯᠭ᠎ᠠ ᠨᠢᠭᠡ ᠪᠦᠷᠢ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠤᠶᠢᠯᠠᠭᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠤᠶᠤᠨ ᠲᠠᠷᠢᠬᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃    ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ  ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠲᠠᠢ ᠪᠦᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠦᠨᠳᠦᠰᠦᠲᠡᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠵᠥᠷᠢᠶ᠎ᠡ ᠶᠢ ᠭᠦᠨᠵᠡᠭᠡᠶ ᠪᠠᠶᠢᠴᠠᠭᠠᠨ ᠦᠵᠡᠬᠦ ᠪᠠ ᠲᠤᠩᠭᠠᠨ ᠪᠣᠳᠣᠯᠬᠢᠯᠠᠵᠤ᠂ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠵᠦᠷᠢᠶ᠎ᠡ ᠶᠢ ᠵᠠᠯᠠᠷᠠᠭᠤᠯᠬᠤ ᠠᠵᠢᠯ ᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠦᠨᠡᠨ ᠬᠦ ᠴᠢᠩᠭᠠᠳᠬᠠᠨ ᠰᠠᠶᠢᠵᠢᠷᠠᠭᠤᠯᠬᠤ ᠬᠡᠷᠡᠭᠲᠡᠶ᠃    ᠰᠤᠷᠪᠤᠯᠵᠢᠯᠠᠭᠴᠢ᠄ 9 ᠳ᠋ᠦ᠋ᠭᠡᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠵᠤ᠂ ᠪᠥᠬᠦ ᠲᠠᠯ᠎ᠠ ᠶᠢᠨ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠠ᠂ ᠥᠪᠡᠷᠲᠡᠭᠡᠨ ᠵᠠᠰᠠᠬᠤ ᠣᠷᠣᠨ ᠳᠤ ᠶᠠᠮᠠᠷ ᠶᠠᠮᠠᠷ ᠰᠢᠨ᠎ᠡ ᠰᠡᠳᠬᠢᠮᠵᠢ᠂ ᠰᠢᠨ᠎ᠡ ᠠᠷᠭ᠎ᠠ ᠬᠡᠮᠵᠢᠶ᠎ᠡ ᠪᠠᠶᠢᠬᠤ ᠶᠢ ᠲᠠ ᠶᠠᠷᠢᠭᠠᠳ ᠥᠭᠭᠦᠨ᠎ᠡ ᠦᠦ︖    ᠸᠠᠩ ᠵᠢᠶᠦ᠋ᠨ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠪᠠᠶᠢᠳᠠᠯ ᠳᠤᠤᠷᠠᠬᠢ ᠮᠠᠨ ᠤ ᠣᠷᠣᠨ ᠤ ᠦᠨᠳᠦᠰᠦᠲᠡᠨ ᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ᠂ ᠤᠯᠤᠰ ᠲᠦᠷᠦ ᠶᠢᠨ ᠦᠨᠳᠦᠷᠴᠡ᠂ ᠲᠡᠦᠬᠡ ᠶᠢᠨ ᠭᠦᠨᠴᠡ᠂ ᠪᠣᠳᠠᠲᠤ ᠠᠬᠤᠢ ᠶᠢᠨ ᠬᠠᠷᠠᠭᠠᠰᠤ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠲᠠᠨᠢᠵᠤ ᠡᠵᠡᠮᠳᠡᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠡᠦᠬᠡ ᠶᠢᠨ ᠵᠠᠶᠢᠯᠠᠰᠢ ᠦᠭᠡᠢ ᠴᠢᠨᠠᠷ᠂ ᠣᠨᠴᠠ ᠴᠢᠬᠤᠯᠠ ᠴᠢᠨᠠᠷ᠂ ᠠᠬᠤᠶᠢᠴᠢ ᠬᠠᠨᠳᠤᠯᠭᠠᠲᠤ ᠴᠢᠨᠠᠷ ᠪᠣᠯᠤᠨ ᠣᠨᠴᠠᠭᠠᠢ ᠲᠤᠯᠭᠠᠮ ᠴᠢᠨᠠᠷ ᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠨᠡ ᠬᠦ ᠭᠤᠣᠯ ᠰᠢᠵᠢᠮ ᠢ ᠦᠨᠳᠦᠰᠦᠲᠡᠨ ᠤ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠵᠤ᠂ ᠪᠤᠢ ᠪᠦᠬᠦᠢ ᠠᠵᠢᠯ ᠢ ᠴᠥᠮ ᠡᠭᠦᠨ ᠳᠤ ᠲᠥᠪᠯᠡᠷᠡᠭᠦᠯᠵᠦ᠂ ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠢ ᠪᠠᠷᠢᠮᠲᠠᠯᠠᠬᠤ ᠬᠡᠷᠡᠭᠲᠡᠢ ᠭᠡᠵᠦ ᠱᠠᠭᠠᠷᠳᠠᠪᠠ᠃    ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠦᠨᠳᠦᠰᠦᠲᠡᠨ ᠨᠦᠭᠦᠳ ᠤᠨ ᠤᠬᠠᠮᠰᠠᠷ᠂ ᠳᠤᠮᠳᠠᠳᠤ ᠶᠢᠨ ᠰᠣᠶᠣᠯ ᠪᠠ ᠦᠨᠳᠦᠰᠦᠲᠡᠨ ᠨᠦᠭᠦᠳ ᠤᠨ ᠰᠣᠶᠣᠯ᠂ ᠪᠣᠳᠠᠰ ᠤᠨ ᠪᠠ ᠤᠶᠤᠨ ᠰᠠᠨᠠᠭᠠᠨ ᠤ ᠬᠠᠷᠢᠴᠠᠭ᠎ᠠ ᠶᠢ ᠵᠥᠪ ᠡᠵᠡᠮᠳᠡᠵᠦ᠂ ᠶᠡᠭᠡ ᠬᠠᠨᠳᠤᠰᠢ ᠶᠢ ᠲᠣᠳᠣᠷᠬᠠᠢ ᠲᠠᠨᠢᠵᠤ᠂ ᠴᠢᠭᠯᠡᠯ ᠢᠶᠠᠨ ᠣᠨᠣᠪᠴᠢᠲᠠᠢ ᠣᠯᠵᠤ᠂ ᠵᠥᠪ ᠪᠤᠷᠤᠭᠤ ᠶᠢ ᠲᠣᠳᠣᠷᠬᠠᠢ ᠢᠯᠭᠠᠵᠤ᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤ ᠪᠤᠷᠤᠭᠤ ᠭᠠᠷᠭᠠᠬᠤ ᠦᠭᠡᠢ᠂ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠳᠤ ᠶᠠᠩᠵᠤ ᠶᠢ ᠨᠢ ᠥᠭᠡᠷᠡᠲᠦᠭᠦᠯᠬᠦ ᠦᠭᠡᠢ᠂ ᠦᠨᠳᠦᠰᠦᠲᠡᠨ ᠤ ᠠᠵᠢᠯ ᠢ ᠠᠬᠢᠭᠤᠯᠬᠤ ᠳᠤ ᠵᠠᠮ ᠠᠴᠠ ᠪᠠᠨ ᠬᠡᠯᠪᠠᠶᠢᠭᠦ ᠦᠭᠡᠢ ᠪᠠᠶᠢᠬᠤ ᠶᠢ ᠦᠨᠡᠨ ᠬᠦ ᠪᠠᠳᠤᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠳᠡᠭᠡᠳᠦ ᠬᠡᠮᠵᠢᠶᠡᠨ ᠤ ᠮᠡᠳᠡᠷᠡᠭᠦᠢ ᠶᠢ ᠲᠠᠰᠤᠷᠠᠯᠲᠠ ᠦᠭᠡᠢ ᠴᠢᠩᠭᠠᠳᠬᠠᠨ᠎ᠠ᠃    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠠᠵᠢᠯ ᠤᠨ ᠲᠠᠯ᠎ᠠ ᠪᠦᠬᠦᠨ ᠳᠤ ᠠᠭᠤᠰᠬᠠᠨ ᠣᠷᠣᠭᠤᠯᠵᠤ᠂ ᠵᠢᠵᠢᠭ ᠰᠠᠵᠢᠭ ᠵᠦᠢᠯ ᠳᠡᠭᠡᠷ᠎ᠡ ᠢᠯᠡᠷᠡᠭᠦᠯᠦᠨ᠎ᠡ᠃ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠪᠣᠳᠠᠲᠤ ᠶᠠᠪᠤᠳᠠᠯ ᠢ ᠭᠦᠨᠵᠡᠭᠡᠶ ᠠᠭᠤᠳᠠᠯᠤᠨ ᠡᠮᠬᠢᠳᠬᠡᠵᠦ ᠤᠬᠠᠭᠤᠯᠤᠨ᠂ ᠳᠤᠮᠳᠠᠳᠤ ᠶᠢᠨ ᠦᠨᠳᠦᠰᠦᠲᠡᠨ ᠤ ᠲᠡᠦᠬᠡ ᠶᠢ ᠰᠠᠶᠢᠲᠤᠷ ᠶᠠᠷᠢᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠲᠡᠦᠬᠡ ᠶᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠨᠢ ᠦᠨᠡᠨ ᠬᠦ ᠲᠥᠪ ᠪᠣᠯᠭᠠᠵᠤ᠂ ᠵᠢᠷᠭᠠᠯ ᠵᠤᠪᠠᠯ ᠢᠶᠠᠨ ᠬᠠᠮᠲᠤᠳᠬᠠᠬᠤ᠂ ᠠᠯᠳᠠᠷ ᠭᠤᠳᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠣᠶ ᠪᠤᠯᠭᠠᠨ᠎ᠠ᠃     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠦᠮᠦᠵᠢᠭᠦᠯᠵᠦ ᠬᠦᠳᠤᠯᠤᠨ ᠵᠢᠯᠣᠭᠤᠳᠴᠤ ᠪᠠᠶᠢᠭᠠᠳ ︽ᠲᠦᠷᠪᠡᠨ ᠬᠠᠮᠲᠤ︾ ᠶᠢᠨ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢ ᠪᠠᠲᠤ ᠪᠤᠢ ᠪᠤᠯᠭᠠᠨ᠎ᠠ᠃ ᠪᠦᠬᠦ ᠣᠷᠣᠨ ᠤ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠵᠤ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠳᠬ᠎ᠠ ᠠᠭᠤᠯᠭ᠎ᠠ ᠶᠢ ᠢᠯᠡᠷᠡᠭᠦᠯᠵᠦ᠂ ᠨᠢᠭᠡᠳᠦᠯ ᠢ ᠬᠠᠮᠠᠭᠠᠯᠠᠬᠤ᠂ ᠬᠠᠭᠠᠴᠠᠭᠤᠯᠬᠤ ᠶᠢ ᠡᠰᠡᠷᠭᠦᠴᠡᠬᠦ ᠤᠳᠬ᠎ᠠ ᠠᠭᠤᠯᠭ᠎ᠠ ᠶᠢ ᠢᠯᠡᠷᠡᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠤᠳᠬ᠎ᠠ ᠠᠭᠤᠯᠭ᠎ᠠ ᠶᠢ ᠢᠯᠡᠷᠡᠭᠦᠯᠦᠨ᠎ᠡ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠶ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠣᠷᠣᠰᠢᠵᠤ ᠬᠠᠮᠲᠤ ᠪᠠᠷ ᠰᠤᠷᠤᠯᠴᠠᠵᠤ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠡᠶᠢᠭᠡᠮ ᠤᠨ ᠨᠥᠬᠦᠴᠡᠯ ᠢ ᠴᠢᠷᠮᠠᠶᠢᠨ ᠡᠭᠦᠳᠴᠦ᠂ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠶ᠎ᠡ ᠨᠠᠶᠢᠷᠲᠠᠶ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠤᠬᠢᠴᠠᠯ ᠲᠠᠢ ᠪᠠᠷ ᠬᠥᠭᠵᠢᠬᠦ ᠶᠢ ᠠᠬᠢᠭᠤᠯᠤᠨ᠎ᠠ᠃ ᠬᠠᠤᠯᠢ ᠪᠠᠷ ᠵᠠᠰᠠᠬᠤ ᠵᠠᠮ ᠢᠶᠠᠷ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠬᠦᠴᠦᠯᠡᠨ ᠲᠡᠭᠡᠭᠰᠢᠯᠡᠭᠦᠯᠦᠨ᠎ᠡ᠃ ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠵᠦ᠂ ᠡᠯ᠎ᠡ ᠲᠦᠷᠦᠯ ᠤᠨ ᠴᠤᠬᠤᠶᠢᠯᠲᠠ ᠶᠢᠨ ᠴᠢᠨᠠᠷᠲᠠᠢ ᠬᠡᠯᠪᠡᠷᠢᠯ ᠤᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤ ᠨᠢ ᠢᠯᠡᠷᠡᠭᠦᠯᠦᠨ ᠡᠷᠡᠰ ᠰᠢᠭᠤᠷᠬᠠᠢ ᠰᠢᠢᠳᠪᠦᠷᠢᠯᠡᠵᠦ᠂ ᠮᠠᠨ ᠤ ᠣᠷᠣᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨ ᠬᠦ ᠠᠬᠢᠭᠤᠯᠤᠨ᠎ᠠ᠃    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠭᠤᠤᠯ ᠬᠠᠷᠠᠯᠲᠠ ᠪᠠ ᠦᠨᠡᠯᠡᠬᠦ ᠪᠠᠷᠢᠮᠵᠢᠶ᠎ᠠ ᠪᠣᠯᠭᠠᠵᠤ ᠂ ᠠᠭᠤᠯᠤᠭᠳᠠᠬᠤᠨ ᠢ ᠨᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠬᠡᠯᠪᠡᠷᠢ ᠶᠢ  ᠨᠢ ᠪᠠᠶᠠᠯᠢᠭᠵᠢᠭᠤᠯᠵᠤ᠂ ᠠᠷᠭ᠎ᠠ ᠪᠠᠷᠢᠯ ᠢ ᠨᠢ ᠰᠢᠨᠡᠴᠢᠯᠡᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠠᠯᠠᠪᠤᠷ ᠭᠠᠵᠠᠷ᠂ ᠭᠤᠤᠯᠳᠠᠯᠭ᠎ᠠ ᠲᠠᠢ ᠠᠵᠢᠯ ᠲᠥᠷᠥᠯ᠂ ᠴᠤᠩᠬᠤᠪᠴᠢ ᠨᠢᠭᠡᠴᠢ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠳᠤ ᠬᠢ ᠡᠭᠦᠳᠦᠨ ᠪᠠᠶᠢᠭᠤᠯᠬᠤ ᠡᠷᠴᠢᠮ ᠢᠶᠠᠨ ᠨᠡᠮᠡᠭᠳᠡᠭᠦᠯᠵᠦ᠂ ᠡᠭᠦᠳᠦᠨ ᠪᠠᠶᠢᠭᠤᠯᠬᠤ ᠲᠦᠪᠰᠢᠨ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠵᠢᠱᠢᠶ᠎ᠡ ᠦᠵᠡᠭᠦᠯᠬᠦ ᠨᠢᠭᠡᠴᠢ ᠶᠢ ᠨᠡᠷᠡᠶᠢᠳᠬᠦ ᠠᠷᠭ᠎ᠠ ᠵᠢᠴᠢ ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠨᠡᠯᠡᠨ ᠵᠢᠱᠢᠵᠤ ᠮᠠᠭᠠᠳᠯᠠᠨ ᠲᠣᠭᠲᠠᠭᠠᠬᠤ ᠪᠠ ᠬᠥᠳᠡᠯᠦᠩᠭᠦᠢ ᠬᠠᠮᠢᠶᠠᠷᠤᠯᠲᠠ ᠬᠢᠭᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠭᠦᠳᠦᠨ ᠪᠠᠶᠢᠭᠤᠯᠬᠤ ᠠᠵᠢᠯ ᠢ ᠪᠠᠶᠢᠩᠭᠤᠵᠢᠭᠤᠯᠤᠨ᠂ ᠣᠷᠳᠣ ᠬᠤᠭᠤᠴᠠᠭ᠎ᠠ ᠪᠠᠷ ᠪᠦᠲᠦᠮᠵᠢᠲᠡᠢ ᠥᠷᠨᠢᠭᠦᠯᠦᠨ᠎ᠡ᠃ ᠠᠶᠢᠮᠠᠭ ᠬᠤᠲᠠ ᠬᠤᠰᠢᠭᠤ ᠰᠢᠶᠠᠨ ᠤ ᠪᠥᠬᠦ ᠤᠯᠤᠰ ᠤᠨ ᠪᠠ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠵᠢᠱᠢᠶ᠎ᠡ ᠦᠵᠡᠭᠦᠯᠬᠦ ᠨᠢᠭᠡᠴᠢ  ᠶᠢ ᠴᠢᠷᠮᠠᠶᠢᠨ ᠡᠭᠦᠳᠭᠦ ᠤᠯᠤᠰ ᠲᠥᠷᠥ ᠶᠢᠨ ᠬᠢᠨᠠᠯᠲᠠ ᠶᠢᠨ ᠪᠣᠭᠤᠮᠲᠠ ᠶᠢ ᠬᠢᠨᠠᠮᠠᠭᠠᠶ ᠰᠠᠶᠢᠲᠤᠷ ᠠᠳᠬᠤᠵᠤ᠂ ᠤᠬᠤᠷᠢᠨ ᠭᠠᠷᠬᠤ ᠲᠣᠭᠲᠠᠴᠠ ᠶᠢ ᠪᠠᠶᠢᠭᠤᠯᠵᠤ᠂ ᠣᠲᠣ ᠶᠢᠨ ᠪᠠᠶᠢᠭ᠎ᠠ ᠡᠯ᠎ᠡ ᠱᠠᠲᠤᠨ ᠤ ᠡᠯ᠎ᠡ ᠲᠥᠷᠥᠯ ᠤᠨ ᠵᠢᠱᠢᠶ᠎ᠡ ᠦᠵᠡᠭᠦᠯᠬᠦ ᠲᠣᠭᠤᠷᠢᠭ ᠵᠢᠱᠢᠶ᠎ᠡ ᠦᠵᠡᠭᠦᠯᠬᠦ ᠨᠢᠭᠡᠴᠢ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠬᠡᠪᠴᠢᠶ᠎ᠡ ᠪᠠᠨ ᠥᠷᠭᠡᠳᠬᠡᠬᠦ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠦᠢᠯᠡᠳᠦᠯ ᠢ ᠨᠢ ᠦᠨᠡᠨ ᠬᠦ ᠪᠠᠳᠠᠷᠠᠭᠤᠯᠤᠨ᠎ᠠ᠃    ᠦᠨᠳᠦᠰᠦᠲᠡᠨ ᠤ ᠵᠥᠪᠯᠡᠯ ᠤᠨ ᠭᠡᠰᠢᠭᠦᠳ ᠤᠨ ᠠᠵᠢᠯ ᠤᠨ ᠲᠣᠭᠲᠠᠴᠠ᠂ ᠦᠨᠳᠦᠰᠦᠲᠡᠨ ᠤ ᠠᠵᠢᠯ ᠢ ᠰᠢᠯᠭᠠᠨ ᠬᠢᠨᠠᠵᠤ ᠦᠨᠡᠯᠡᠬᠦ ᠲᠣᠭᠲᠠᠴᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠲᠣᠭᠲᠠᠴᠠ᠂ ᠦᠨᠳᠦᠰᠦᠲᠡᠨ ᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠬᠤ ᠲᠣᠭᠲᠠᠴᠠ᠂ ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠬᠡᠮ ᠰᠣᠭᠤᠭ ᠢ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠵᠡᠷᠭᠡ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠦᠨᠳᠦᠰᠦᠲᠡᠨ ᠤ ᠠᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠨᠠᠨᠳᠢᠩᠨᠠᠨ ᠬᠠᠮᠠᠭᠠᠯᠠᠨ᠎ᠠ᠃    ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠳᠤ᠂ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠨᠠᠮ ᠤᠨ ᠦᠨᠳᠦᠰᠦᠲᠡᠨ ᠤ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠵᠤ᠂ ᠪᠦᠬᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠲᠤᠮᠤ ᠭᠡᠷ ᠪᠦᠯᠢ ᠳᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠳᠤ ᠠᠤᠭ᠎ᠠ ᠶᠡᠭᠡ ᠬᠦᠴᠦᠨ ᠴᠢᠳᠠᠯ ᠢ ᠨᠢᠭᠲᠠᠷᠠᠭᠤᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠰᠢᠨ᠎ᠡ ᠬᠠᠭᠤᠳᠠᠰᠤ ᠶᠢ ᠪᠢᠴᠢᠭᠯᠡᠬᠦ ᠪᠣᠯᠣᠨ᠎ᠠ︕    
 
ᠢᠷᠡᠯᠲᠡ᠄ ᠦᠨᠳᠦᠰᠦᠳᠡᠨ ᠦ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号