ᠵᠢᠱᠢᠶᠡᠴᠢ ᠥᠪᠡᠷᠲᠡᠭᠡᠨ ᠵᠠᠰᠠᠬᠤ ᠣᠷᠣᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠬᠡᠷᠬᠢᠨ ᠪᠦᠲᠦᠭᠡᠨ ᠪᠠᠶᠢᠭᠤᠯᠬᠤ ᠪᠤᠢ︖ — ᠡᠷᠬᠡ ᠰᠦᠷᠲᠦ ᠳᠠᠶᠢᠯᠪᠤᠷᠢ
ᠨᠡᠶᠢᠲᠡᠯᠡᠭᠰᠡᠨ ᠴᠠᠭ᠄
2024/7/19
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠰᠤᠭᠠᠢ    2024 ᠣᠨ ᠠᠴᠠ ᠡᠬᠢᠯᠡᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠲᠡᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ 25 ᠣᠷᠴᠢᠮ ᠢ ᠪᠠᠶᠢᠭᠤᠯᠬᠤ ᠶᠢ ᠳᠠᠮᠵᠢᠨ᠎ᠠ᠃    ᠰᠣᠶᠣᠯ ᠮᠦᠽᠸᠢ ᠶᠢᠨ ᠲᠥᠷᠥᠯ᠂ ᠬᠤᠪᠢᠰᠬᠠᠯ ᠤᠨ ᠳᠤᠷᠠᠰᠬᠠᠯ ᠤᠨ ᠲᠥᠷᠥᠯ᠂ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠲᠥᠷᠥᠯ ᠵᠡᠷᠭᠡ ᠠᠳᠠᠯᠢ ᠪᠤᠰᠤ ᠣᠨᠴᠠᠯᠢᠭ ᠲᠠᠢ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠲᠥᠷᠥᠯ ᠬᠤᠪᠢᠶᠠᠨ ᠪᠥᠲᠥᠭᠡᠨ ᠪᠠᠶᠢᠭᠤᠯᠤᠨ᠎ᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠬᠤᠪᠢᠳᠠᠨ ᠬᠠᠮᠢᠶᠠᠷᠴᠤ ᠪᠥᠬᠦᠶ ᠳᠡᠳ᠋ ᠲᠡᠷᠢᠭᠦᠯᠡᠭᠴᠢ ᠪᠠᠷ ᠬᠤᠤᠰ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠥᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠳᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃    ᠦᠢᠯᠡᠳᠦᠯᠭᠡ ᠶᠢᠨ ᠰᠠᠭᠤᠷᠢᠨ ᠭᠠᠵᠠᠷ ᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ ᠂ 5 ᠵᠢᠯ ᠪᠦᠷᠢ ᠳᠤ ᠨᠢᠭᠡ ᠤᠳᠠᠭ᠎ᠠ ᠰᠢᠯᠭᠠᠨ ᠬᠢᠨᠠᠵᠤ ᠪᠠᠳᠤᠯᠠᠨ ᠲᠣᠭᠲᠠᠭᠠᠨ᠎ᠠ᠃ ᠬᠤᠶᠠᠷ ᠵᠢᠯ ᠳᠠᠷᠠᠭᠠᠯᠠᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠥᠬᠡᠶ ᠪᠤᠶᠤ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠬᠦ ᠪᠠᠳᠤᠯᠠᠨ ᠲᠣᠭᠲᠠᠭᠠᠬᠤ ᠨᠥᠬᠦᠴᠡᠯ ᠳᠤ ᠨᠡᠶᠢᠴᠡᠭᠰᠡᠨ ᠥᠬᠡᠶ ᠪᠣᠯᠪᠠᠯ᠂ ᠨᠡᠷᠡᠶᠢᠳᠦᠯ ᠢ ᠨᠢ ᠬᠦᠴᠦᠨ ᠥᠬᠡᠶ ᠪᠣᠯᠭᠠᠨ᠎ᠠ᠃    ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ︽ᠪᠥᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠥᠰᠦᠯ ︵2023 — 2027 ᠣᠨ︶︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠨ ᠨᠡᠶᠢᠲᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠷᠢᠯᠠᠭᠤᠯᠪᠠ᠃ ᠲᠤᠰ ᠰᠣᠨᠢᠨ ᠤ ᠰᠤᠷᠪᠤᠯᠵᠢᠯᠠᠭᠴᠢ ︽ᠲᠥᠰᠦᠯ︾ ᠢ ᠲᠣᠭᠲᠠᠭᠠᠵᠤ ᠨᠡᠶᠢᠲᠡᠯᠡᠭᠰᠡᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ  ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ ᠢ ᠰᠤᠷᠪᠤᠯᠵᠢᠯᠠᠪᠠ᠃    ᠰᠤᠷᠪᠤᠯᠵᠢᠯᠠᠭᠴᠢ᠄ ᠲᠠ ︽ᠲᠥᠰᠦᠯ︾ ᠢ ᠨᠡᠶᠢᠲᠡᠯᠡᠭᠰᠡᠨ ᠠᠬᠤᠶ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖    ᠭᠤᠤ ᠵᠠᠨ ᠱᠧᠩ᠄ 2021 ᠣᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ᠬᠥᠲᠥᠯᠪᠦᠷᠢ︾ ᠮᠥᠨ᠂ ᠪᠤᠢ ᠪᠦᠬᠦᠢ ᠠᠵᠢᠯ ᠢ ᠡᠭᠦᠨ ᠳᠤ ᠲᠥᠪᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ 2023 ᠣᠨ ᠤ 6 ᠳ᠋ᠤᠭᠠᠷ ᠰᠠᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠤᠯ ᠰᠢᠵᠢᠮ ᠮᠥᠨ᠂ ᠮᠦᠨ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠲᠦᠷᠦᠯ ᠤᠨ ᠠᠵᠢᠯ ᠤᠨ ᠭᠤᠤᠯ ᠰᠢᠵᠢᠮ ᠮᠥᠨ᠃ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ  ᠶᠢᠨ ᠪᠦᠳᠦᠭᠡᠨ ᠪᠠᠶᠢᠭᠤᠯᠤᠯᠲᠠ᠂ ᠰᠣᠶᠣᠯ ᠤᠨ ᠪᠦᠳᠦᠭᠡᠨ ᠪᠠᠶᠢᠭᠤᠯᠤᠯᠲᠠ᠂ ᠨᠡᠶᠢᠭᠡᠮ ᠤᠨ ᠪᠦᠳᠦᠭᠡᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠦᠳᠦᠭᠡᠨ ᠪᠠᠶᠢᠭᠤᠯᠤᠯᠲᠠ ᠪᠠ ᠨᠠᠮ ᠤᠨ ᠪᠦᠳᠦᠭᠡᠨ ᠪᠠᠶᠢᠭᠤᠯᠤᠯᠲᠠ ᠵᠡᠷᠭᠡ ᠶᠢ ᠴᠥᠮ ᠡᠨᠡ ᠬᠦ ᠭᠤᠣᠯ ᠱᠤᠭᠤᠮ ᠲᠠᠢ ᠨᠢᠬᠳᠠ ᠤᠶᠠᠯᠳᠤᠭᠤᠯᠵᠦ ᠥᠴᠦᠬᠡᠨ ᠴᠦ ᠬᠡᠯᠪᠠᠶᠢᠯᠭᠡᠯᠡᠬᠦ ᠦᠬᠡᠢ ᠪᠠᠶᠢᠬᠤ ᠬᠡᠷᠡᠭᠲᠡᠢ ᠭᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠲᠤᠬᠠᠢ ᠲᠣᠭᠲᠠᠭᠠᠯ︾ ᠢ ᠬᠢᠨᠠᠨ ᠵᠦᠪᠯᠡᠨ ᠪᠠᠳᠤᠯᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ︾ ᠭᠡᠵᠦ ᠳᠤᠷᠠᠳᠴᠤ᠂ ᠪᠦᠬᠦ ᠣᠷᠣᠨ ᠳᠠᠶᠠᠭᠠᠷ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠡᠯ᠎ᠡ ᠲᠦᠷᠦᠯ ᠤᠨ ᠠᠵᠢᠯ ᠳᠤ ᠪᠠᠨ ᠲᠤᠭᠤᠰᠢᠯᠠᠭᠤᠯᠬᠤ ᠬᠡᠷᠡᠭᠲᠡᠢ ᠭᠡᠵᠦ ᠱᠠᠭᠠᠷᠳᠠᠪᠠ᠃    ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠪ ᠶᠢᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ  ᠤᠨ ᠬᠤᠷᠠᠯᠳᠤᠭᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠨᠠᠷ ᠰᠠᠶᠢᠲᠠᠶ ᠪᠡᠶᠡᠯᠡᠭᠦᠯᠬᠦ ᠳᠤ ᠠᠩᠬᠠᠷᠤᠯ  ᠢᠶᠠᠨ ᠲᠦᠪᠯᠡᠷᠡᠬᠦᠯᠵᠦ᠂ ᠪᠦᠬᠦ ᠨᠡᠶᠢᠭᠡᠮ ᠪᠣᠯᠤᠨ ᠦᠨᠳᠦᠰᠦᠲᠡᠨ ᠨᠦᠭᠦᠳ ᠲᠤ ᠬᠠᠨᠳᠤᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ ᠪᠤᠳᠠᠲᠠᠢ ᠲᠦᠷᠦᠭᠳᠡᠯ ᠲᠠᠢ ᠪᠦᠳᠦᠮᠵᠢᠳᠠᠢ ᠦᠷᠨᠢᠬᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠠᠴᠠ ︽ᠲᠥᠰᠦᠯ︾ ᠢ ᠲᠣᠭᠲᠠᠭᠠᠨ ᠨᠡᠶᠢᠳᠡᠯᠡᠵᠦ᠂ ᠪᠦᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠷᠢᠯᠠᠭᠤᠯᠤᠯᠲᠠ ᠬᠢᠪᠡ᠃    ᠰᠤᠷᠪᠤᠯᠵᠢᠯᠠᠭᠴᠢ᠄ ︽ᠲᠥᠰᠦᠯ︾ ᠳᠤ ᠶᠠᠮᠠᠷ ᠶᠠᠮᠠᠷ ᠭᠤᠤᠯ ᠠᠭᠤᠯᠭ᠎ᠠ ᠪᠠᠶᠢᠬᠤ ᠪᠣᠶ︖ ᠶᠠᠮᠠᠷ ᠶᠡᠷᠦᠩᠬᠡᠶ ᠬᠠᠷᠠᠯᠲᠠ ᠳᠤ ᠬᠦᠷᠭᠡᠬᠦ ᠪᠣᠶ︖    ᠭᠤᠤ ᠵᠠᠨ ᠱᠧᠩ᠄ ︽ᠲᠥᠰᠦᠯ︾ ᠳᠤ ᠭᠤᠤᠯᠳᠠᠭᠤ ᠵᠢᠯᠣᠭᠤᠳᠬᠤ ᠦᠵᠡᠯ ᠰᠠᠨᠠᠭ᠎ᠠ᠂ ᠠᠵᠢᠯ ᠤᠨ ᠵᠠᠷᠴᠢᠮ᠂ ᠶᠡᠷᠦᠩᠬᠡᠶ ᠬᠠᠷᠠᠯᠲᠠ᠂ ᠲᠥᠷᠥᠯ ᠬᠤᠪᠢᠶᠠᠨ ᠠᠬᠢᠭᠤᠯᠬᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠬᠡᠷᠡᠭᠵᠢᠭᠦᠯᠬᠦ ᠠᠯᠬᠤᠮ ᠳᠠᠷᠠᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠵᠡᠷᠭᠡ ᠲᠤᠯᠤᠭᠠᠨ ᠬᠡᠰᠡᠭ ᠠᠭᠤᠯᠭ᠎ᠠ ᠶᠢ ᠪᠠᠭᠲᠠᠭᠠᠨ᠎ᠠ᠃ ︽ᠲᠥᠰᠦᠯ︾ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠴᠢᠩᠭ᠎ᠠ ᠮᠦᠷᠳᠡᠵᠦ᠂ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠰᠠᠭᠤᠷᠢᠨ ᠭᠠᠵᠠᠷ ᠤᠨ ᠤᠬᠠᠭᠤᠯᠭ᠎ᠠ᠂ ᠬᠥᠮᠦᠵᠢᠯ᠂ ᠦᠢᠯᠡᠳᠦᠯᠭᠡ᠂ ᠪᠣᠯᠪᠠᠰᠤᠷᠠᠭᠤᠯᠤᠯ ᠵᠡᠷᠭᠡ ᠭᠤᠣᠯᠯᠠᠬᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠪᠣᠳᠠᠲᠤ ᠪᠦᠲᠦᠮᠵᠢ ᠪᠠᠷ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠢᠨᠠᠬᠤ ᠭᠤᠣᠯ ᠪᠠᠷᠢᠮᠵᠢᠶ᠎ᠠ ᠪᠣᠯᠭᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠤ᠂ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠰᠢᠯᠭᠠᠬᠤ ᠪᠠᠷᠢᠮᠵᠢᠶ᠎ᠠ ᠶᠢ ᠨᠠᠷᠢᠯᠢᠭᠵᠢᠭᠤᠯᠵᠤ᠂ ᠦᠨᠡᠯᠡᠨ ᠵᠢᠱᠢᠬᠦ ᠰᠢᠰᠲ᠋ᠧᠮ ᠢ ᠰᠢᠯᠢᠳᠡᠭᠵᠢᠭᠦᠯᠵᠦ᠂ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠶ ᠳᠡᠬᠡᠭᠰᠢᠯᠡᠬᠦᠯᠬᠦ ᠪᠤᠯᠤᠨ᠎ᠠ᠃     ︽ᠲᠥᠰᠦᠯ︾ ᠳᠤ᠂ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ︽ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠨ ᠤᠷᠤᠭᠰᠢᠯᠠᠬᠤ᠂ ᠶᠡᠷᠦᠩᠬᠡᠢ ᠱᠦᠵᠢ ᠰᠢ ᠶᠢᠨ ᠫᠢᠩ ᠢ ᠳᠠᠭᠠᠵᠦ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠪᠠᠷ ᠦᠨᠳᠦᠰᠦᠨ ᠤᠯᠤᠰ ᠲᠦᠷᠦ ᠶᠢᠨ ᠤᠷᠢᠲᠠᠯ ᠪᠤᠯᠭᠠᠵᠤ᠂ ᠭᠤᠣᠯ ᠰᠢᠵᠢᠮ ᠢ ᠴᠢᠩᠭ᠎ᠠ ᠠᠳᠬᠤᠬᠤ᠂ ᠥᠪᠡᠷᠲᠡᠭᠡᠨ ᠵᠠᠰᠠᠬᠤ ᠣᠷᠣᠨ ᠤ ᠣᠳᠣ ᠪᠠᠶᠢᠭ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠪᠣᠯᠤᠨ ᠡᠯ᠎ᠡ ᠱᠠᠲᠤᠨ ᠤ ᠡᠯ᠎ᠡ ᠲᠥᠷᠥᠯ ᠤᠨ ᠮᠦᠽᠧᠶ᠂ ᠦᠵᠡᠰᠬᠦᠯᠡᠩ ᠤᠨ ᠣᠷᠳᠣᠨ᠂ ᠭᠤᠤᠯ ᠰᠡᠳᠦᠪᠲᠦ ᠴᠡᠴᠡᠷᠯᠢᠭ ᠵᠡᠷᠭᠡ ᠲᠠᠯᠠᠪᠤᠷ ᠢ ᠬᠦᠢᠴᠡᠳ ᠠᠰᠢᠭᠯᠠᠵᠤ᠂ ᠪᠣᠳᠠᠲᠤ ᠦᠵᠡᠬᠦᠯᠬᠡ᠂ ᠬᠦᠷᠦᠭ ᠵᠢᠷᠤᠭ ᠢᠶᠠᠷ ᠳᠠᠬᠢᠨ ᠢᠯᠡᠷᠡᠬᠦᠯᠬᠦ᠂ ᠦᠵᠡᠭᠳᠡᠯ ᠢ ᠳᠠᠬᠢᠨ ᠰᠡᠷᠬᠦᠬᠡᠬᠦ᠂ ᠪᠡᠶᠡᠴᠢᠯᠡᠨ ᠤᠷᠤᠯᠴᠠᠬᠤ ᠵᠡᠷᠭᠡ ᠣᠯᠠᠨ ᠡᠰᠢᠲᠦ ᠢᠯᠡᠷᠡᠭᠦᠯᠬᠦ ᠠᠷᠭ᠎ᠠ ᠬᠡᠯᠪᠡᠷᠢ ᠪᠠᠷ ᠭᠦᠨᠵᠡᠭᠡᠶ ᠠᠭᠤᠳᠠᠯᠬᠤ᠂ ᠡᠮᠬᠢᠯᠡᠬᠦ᠂ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ᠲᠡᠦᠬᠡ ᠰᠣᠶᠣᠯ ᠤᠨ ᠡᠬᠢ ᠪᠠᠶᠠᠯᠢᠭ ᠪᠠ ᠬᠤᠪᠢᠰᠬᠠᠯᠲᠤ ᠤᠳᠤᠮᠰᠢᠯ ᠢ ᠳᠡᠯᠭᠡᠨ ᠦᠵᠡᠬᠦᠯᠵᠦ᠂ ᠢᠳᠡᠪᠬᠢ ᠬᠦᠴᠦᠨ ᠢ ᠪᠠᠳᠠᠷᠠᠭᠤᠯᠵᠤ᠂ ᠭᠤᠣᠯ ᠬᠦᠭ ᠠᠶᠠᠰ ᠢ ᠴᠤᠤᠷᠢᠶᠠᠳᠤᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠠᠮᠢᠳᠤᠯᠢᠭ ᠦᠢᠯᠡᠳᠦᠯᠭᠡ ᠪᠠ ᠡᠯᠪᠡᠭ ᠪᠠᠶᠠᠯᠢᠭ ᠦᠷ᠎ᠡ ᠪᠦᠲᠦᠭᠡᠯ ᠢ ᠪᠦᠳᠦᠬᠡᠨ ᠪᠠᠶᠢᠭᠤᠯᠬᠤ ᠬᠡᠷᠡᠭᠳᠡᠢ ᠬᠡᠵᠦ ᠱᠠᠭᠠᠷᠳᠠᠪᠠ᠃    ︽ᠲᠥᠰᠦᠯ︾ ᠳᠤ᠂ 2024 ᠣᠨ ᠠᠴᠠ ᠡᠬᠢᠯᠡᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ 25 ᠣᠷᠴᠢᠮ ᠬᠥᠮᠦᠵᠢᠯ ᠦᠢᠯᠡᠳᠦᠯᠭᠡ ᠶᠢᠨ ᠰᠠᠭᠤᠷᠢᠨ ᠢ ᠪᠠᠶᠢᠭᠤᠯᠬᠤ ᠶᠢ ᠳᠠᠮᠵᠢᠨ᠎ᠠ᠃ 2027 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ 100 ᠢᠯᠡᠭᠦᠦ ᠪᠠᠶᠢᠭᠤᠯᠵᠤ᠂ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ 500 ᠢᠯᠡᠭᠦᠤ ᠶᠢ ᠪᠠᠶᠢᠭᠤᠯᠵᠤ᠂ ᠪᠦᠬᠦ ᠣᠷᠣᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠰᠢᠰᠲ᠋ᠧᠮ ᠢ ᠠᠩᠬ᠎ᠠ ᠠᠯᠬᠤᠮ ᠪᠠᠶᠢᠭᠤᠯᠤᠨ᠎ᠠ᠃ ᠡᠯ᠎ᠡ ᠰᠠᠭᠤᠷᠢᠨ ᠭᠠᠵᠠᠷ ᠨᠢ ᠪᠦᠲᠦᠮᠵᠢᠲᠡᠶ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠳᠠᠮᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠤ᠂ ︽ᠭᠤᠷᠪᠠᠨ ᠰᠠᠯᠵᠦ ᠪᠣᠯᠣᠰᠢ ᠦᠬᠡᠢ︾᠂ ︽ᠳᠥᠷᠪᠡ ᠶᠢ ᠬᠠᠮᠳᠤᠳᠬᠠᠬᠤ︾᠂ ︽ᠳᠠᠪᠤᠨ ᠢᠵᠢᠯᠢᠰᠢᠯ︾ ᠵᠡᠷᠭᠡ ᠦᠵᠡᠯ ᠰᠠᠨᠠᠭᠠᠨ ᠤ ᠣᠶᠢᠯᠠᠭᠠᠭᠳᠠᠬᠤᠨ ᠢ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ ᠤᠨ ᠭᠦᠨ ᠳᠤ ᠦᠨᠳᠦᠰᠦᠯᠡᠬᠦᠯᠵᠦ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠡᠬᠡ ᠣᠷᠣᠨ ᠤ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠤᠨ᠎ᠠ ᠬᠡᠵᠦ ᠲᠤᠳᠤᠷᠬᠠᠶᠢᠯᠠᠪᠠ᠃    ᠰᠤᠷᠪᠤᠯᠵᠢᠯᠠᠭᠴᠢ᠄ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠬᠡᠷᠬᠢᠨ ᠰᠠᠶᠢᠲᠤᠷ ᠲᠥᠷᠥᠯ ᠬᠤᠪᠢᠶᠠᠨ ᠠᠬᠢᠭᠤᠯᠬᠤ ᠪᠣᠶ︖    ᠭᠤᠤ ᠵᠠᠨ ᠱᠧᠩ᠄ ᠪᠥᠬᠦ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠪᠢᠳᠡ ᠰᠣᠶᠣᠯ ᠮᠦᠽᠧᠶ ᠶᠢᠨ ᠲᠥᠷᠥᠯ᠂ ᠬᠤᠪᠢᠰᠬᠠᠯ ᠤᠨ ᠳᠤᠷᠠᠰᠬᠠᠯ ᠤᠨ ᠲᠥᠷᠥᠯ᠂ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠲᠥᠷᠥᠯ ᠵᠡᠷᠭᠡ ᠠᠳᠠᠯᠢ ᠪᠤᠰᠤ ᠣᠨᠴᠠᠯᠢᠭ ᠲᠠᠢ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠲᠥᠷᠥᠯ ᠬᠤᠪᠢᠶᠠᠨ ᠪᠥᠲᠥᠭᠡᠨ ᠪᠠᠶᠢᠭᠤᠯᠤᠨ᠎ᠠ᠃    ᠰᠣᠶᠣᠯ ᠮᠦᠽᠧᠶ ᠶᠢᠨ ᠲᠥᠷᠥᠯ ᠤᠨ ᠬᠥᠮᠦᠵᠢᠯ  ᠦᠢᠯᠡᠳᠦᠯᠭᠡ ᠶᠢᠨ ᠰᠠᠭᠤᠷᠢᠨ ᠭᠠᠵᠠᠷ ᠨᠢ ᠡᠯ᠎ᠡ ᠱᠠᠲᠤᠨ ᠤ ᠡᠯ᠎ᠡ ᠲᠥᠷᠥᠯ ᠤᠨ ᠮᠦᠽᠧᠶ᠂ ᠰᠣᠶᠣᠯ ᠤᠨ ᠣᠷᠳᠣᠨ᠂ ᠤᠷᠠᠯᠢᠭ ᠤᠨ ᠣᠷᠳᠣᠨ᠂ ᠰᠣᠶᠣᠯ ᠢᠷᠭᠡᠨᠰᠢᠯ ᠤᠨ ᠦᠵᠡᠮᠵᠢ ᠵᠡᠷᠭᠡ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠳᠤ ᠲᠦᠰᠢᠭᠯᠡᠵᠦ᠂ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠣᠶᠣᠯ ᠤᠨ ᠠᠭᠤᠯᠤᠭᠳᠠᠬᠤᠨ ᠤ ᠪᠠᠶᠢᠭᠤᠯᠤᠯᠲᠠ ᠶᠢ ᠴᠢᠩᠭᠠᠳᠬᠠᠬᠤ᠂ ᠲᠡᠦᠬᠡ  ᠶᠢᠨ ᠳᠤᠷᠠᠰᠬᠠᠯᠲᠤ ᠵᠦᠢᠯᠡᠰ ᠤᠨ ᠳᠡᠯᠭᠡᠨ ᠦᠵᠡᠭᠦᠯᠭᠡ᠂ ᠤᠷᠠᠨ ᠰᠠᠶᠢᠬᠠᠨ ᠤ ᠲᠣᠭᠯᠠᠯᠲᠠ᠂ ᠰᠣᠶᠣᠯ ᠤᠨ ᠲᠠᠶᠢᠯᠪᠤᠷᠢᠯᠠᠯᠲᠠ ᠵᠡᠷᠭᠡ ᠠᠷᠭ᠎ᠠ ᠬᠡᠯᠪᠡᠷᠢ ᠶᠢ ᠠᠰᠢᠭᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠵᠣᠷᠢᠭ ᠰᠠᠨᠠᠭ᠎ᠠ ᠪᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠤᠯᠠᠮᠵᠢᠯᠠᠵᠤ᠂ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠰᠠᠶᠢᠳᠤᠷ ᠶᠠᠷᠢᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠰᠠᠶᠢᠨ ᠬᠡᠪ ᠰᠤᠷᠲᠠᠯ ᠢ ᠪᠠᠳᠠᠷᠠᠭᠤᠯᠤᠨ᠎ᠠ᠃    ᠬᠤᠪᠢᠰᠬᠠᠯ ᠤᠨ ᠳᠤᠷᠠᠰᠬᠠᠯ ᠤᠨ ᠲᠥᠷᠥᠯ ᠤᠨ ᠬᠥᠮᠦᠵᠢᠯ  ᠦᠢᠯᠡᠳᠦᠯᠭᠡ ᠶᠢᠨ ᠰᠠᠭᠤᠷᠢᠨ ᠭᠠᠵᠠᠷ ᠨᠢ ᠬᠤᠪᠢᠰᠬᠠᠯ ᠤᠨ ᠳᠤᠷᠠᠰᠬᠠᠯ ᠤᠨ ᠣᠷᠳᠣᠨ᠂ ᠬᠤᠪᠢᠰᠬᠠᠯ ᠤᠨ ᠪᠠᠭᠤᠷᠢ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠵᠡᠷᠭᠡ ᠳᠤ ᠲᠦᠰᠢᠭᠯᠡᠵᠦ᠂ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠵᠦ᠂ ᠵᠠᠰᠠᠭ ᠢᠶᠠᠨ ᠳᠠᠮᠵᠢᠵᠤ ᠢᠷᠬᠡᠳ ᠢᠶᠠᠨ ᠬᠠᠶᠢᠷᠠᠯᠠᠭᠰᠠᠨ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠤᠯᠤᠰ ᠢᠶᠠᠨ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠶᠢ ᠬᠦᠭᠵᠢᠬᠡᠵᠦ᠂ ᠦᠨᠳᠦᠰᠦᠲᠡᠨ ᠨᠦᠭᠦᠳ ᠤᠨ ᠡᠬᠡ ᠤᠯᠤᠰ ᠤᠨ ᠤᠮᠠᠷᠠᠲᠤ ᠬᠢᠯᠢ ᠶᠢ ᠬᠠᠮᠳᠤ ᠪᠠᠷ ᠰᠠᠶᠢᠲᠤᠷ ᠰᠠᠬᠢᠨ ᠬᠠᠮᠠᠭᠠᠯᠠᠳᠠᠭ ᠦᠨᠳᠦᠰᠦᠲᠡᠨ  ᠤ ᠪᠦᠯᠬᠦᠮᠳᠡᠯ ᠤᠨ ᠣᠷᠳᠣ ᠴᠠᠭᠠᠨ ᠬᠡᠷᠡᠮ ᠢ ᠪᠠᠶᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ᠃    ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠲᠥᠷᠥᠯ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠨᠢ ᠬᠤᠲᠠ ᠶᠢᠨ ᠨᠡᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ ᠤ ᠭᠠᠴᠠᠭ᠎ᠠ ᠲᠣᠰᠬᠤᠨ᠂ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠳᠤ ᠲᠦᠰᠢᠭᠯᠡᠵᠦ᠂ ᠬᠠᠷᠢᠯᠴᠠᠨ ᠰᠢᠬᠢᠳᠬᠡᠯᠳᠦ ᠮᠠᠶ᠋ᠢᠭ  ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠂ ᠦᠨᠳᠦᠰᠦᠲᠡᠨ ᠨᠦᠭᠦᠳ ᠤᠨ ᠣᠯᠠᠨ ᠲᠦᠮᠡᠨ ᠬᠠᠮᠳᠤ ᠪᠠᠷ ᠠᠳᠠᠯ  ᠦᠢᠯᠡᠰ ᠴᠣᠭᠴᠠᠯᠠᠬᠤ᠂ ᠶᠠᠳᠠᠭᠤ ᠬᠦᠴᠢᠷᠳᠡᠯᠲᠡᠶ ᠶᠢ ᠲᠤᠰᠠᠯᠠᠨ ᠳᠡᠮᠵᠢᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ ︵ᠨᠢᠬᠡᠴᠢ︶ ᠢ ᠡᠭᠦᠳᠦᠨ ᠪᠠᠶᠢᠭᠤᠯᠤᠨ᠎ᠠ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠳᠤ ᠪᠠᠷ ᠣᠷᠣᠰᠢᠨ ᠰᠠᠭᠤᠷᠢᠰᠢᠬᠤ ᠬᠠᠮᠳᠤ ᠪᠠᠷ ᠰᠤᠷᠤᠯᠴᠠᠬᠤ᠂ ᠬᠠᠮᠳᠤ ᠪᠠᠷ ᠪᠠᠶᠢᠭᠤᠯᠬᠤ ᠬᠠᠮᠳᠤ ᠪᠠᠷ ᠭᠥᠷᠳᠡᠬᠦ᠂ ᠬᠠᠮᠳᠤ ᠪᠠᠷ ᠠᠵᠢᠯᠯᠠᠬᠤ ᠬᠠᠮᠳᠤ ᠪᠠᠷ ᠵᠢᠷᠭᠠᠬᠤ ᠨᠡᠶᠢᠭᠡᠮ ᠤᠨ ᠤᠷᠴᠢᠨ ᠨᠥᠬᠦᠴᠡᠯ ᠢ ᠪᠦᠷᠢᠯᠳᠦᠭᠦᠯᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠳᠠᠲᠠᠢ ᠲᠦᠷᠦᠭᠳᠡᠯ  ᠲᠠᠢ ᠪᠦᠲᠦᠮᠵᠢᠲᠡᠶ ᠪᠠᠷ ᠪᠠᠳᠤᠳᠬᠠᠨ᠎ᠠ᠃    ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠶᠠᠪᠤᠴᠠ ᠳᠤ᠂ ᠪᠢᠳᠡ ᠵᠦᠢ ᠵᠣᠬᠢᠰᠲᠠᠶ ᠪᠠᠶᠢᠷᠢᠯᠠᠭᠤᠯᠬᠤ ᠶᠢ ᠪᠣᠳᠣᠯᠬᠢᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢᠶᠠᠷ ᠤᠬᠠᠭᠤᠯᠭ᠎ᠠ ᠬᠥᠮᠦᠵᠢᠯ ᠪᠣᠯᠤᠨ ᠦᠢᠯᠡᠴᠢᠯᠡᠬᠦ ᠡᠲᠡᠭᠡᠳ ᠢᠶᠠᠨ ᠪᠣᠯᠭᠠᠵᠤ᠂ ᠣᠷᠣᠨ ᠪᠦᠰᠡ᠂ ᠠᠵᠢᠯ ᠲᠥᠷᠥᠯ᠂ ᠬᠥᠮᠦᠨ ᠠᠮᠠ ᠶᠢᠨ ᠲᠠᠷᠬᠠᠯᠲᠠ ᠶᠢᠨ ᠣᠨᠴᠠᠯᠢᠭ ᠪᠣᠯᠤᠨ ᠲᠡᠦᠬᠡ ᠰᠤᠶᠤᠯ ᠤᠨ ᠡᠬᠢ ᠪᠠᠶᠠᠯᠢᠭ ᠢ ᠭᠦᠢᠴᠡᠳ ᠪᠤᠳᠤᠯᠬᠢᠯᠠᠵᠤ᠂ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠦᠢ ᠵᠣᠬᠢᠰᠲᠠᠶ ᠪᠠᠶᠢᠷᠢᠯᠠᠭᠤᠯᠵᠤ᠂ ᠨᠢᠭᠡᠳᠦᠯᠲᠡᠶ ᠲᠦᠯᠦᠪᠵᠢᠬᠦᠯᠵᠦ᠂ ᠪᠦᠬᠦᠯᠢ ᠴᠣᠭᠴᠠ  ᠪᠠᠷ ᠨᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠦᠬᠦ ᠣᠷᠣᠨ ᠪᠦᠰᠡ ᠶᠢ ᠬᠠᠮᠤᠷᠴᠦ᠂ ᠪᠦᠬᠦ ᠠᠷᠠᠳ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠰᠢᠰᠲ᠋ᠧᠮ ᠢ ᠪᠠᠶᠢᠭᠤᠯᠬᠤ ᠬᠡᠷᠡᠭᠲᠡᠶ ᠭᠡᠵᠦ ᠳᠤᠷᠠᠳᠪᠠ᠃ ᠡᠯ᠎ᠡ ᠭᠠᠵᠠᠷ ᠤᠨ ᠬᠢᠨ ᠳᠠᠪᠠᠭᠤᠯᠢᠭ ᠲᠠᠯ᠎ᠠ ᠪᠠᠨ ᠪᠠᠳᠠᠷᠠᠭᠤᠯᠤᠨ ᠬᠦᠷᠦᠯᠴᠡᠬᠦ ᠦᠭᠡᠶ ᠲᠠᠯ᠎ᠠ ᠪᠠᠨ ᠨᠥᠬᠦᠪᠥᠷᠢᠯᠡᠵᠦ᠂ ᠴᠢᠳᠠᠮᠵᠢ ᠪᠠᠨ ᠳᠡᠬᠦᠯᠳᠡᠷᠵᠢᠬᠦᠯᠵᠦ᠂ ᠠᠳᠠᠯᠢ ᠪᠤᠰᠤ ᠲᠥᠷᠥᠯ ᠬᠡᠯᠪᠡᠷᠢ  ᠶᠢᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠬᠠᠷᠢᠯᠴᠠᠨ ᠨᠥᠬᠦᠪᠥᠷᠢᠯᠡᠬᠦ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃ ᠡᠯ᠎ᠡ ᠲᠥᠷᠥᠯ ᠤᠨ ᠰᠠᠭᠤᠷᠢᠨ ᠭᠠᠵᠠᠷ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠮᠡᠳᠡᠭᠡ ᠵᠠᠩᠭᠢᠴᠢᠯᠠᠬᠤ᠂ ᠳ᠋ᠢᠵᠢᠲ᠋ᠠᠯᠵᠢᠭᠤᠯᠬᠤ᠂ ᠲᠣᠣᠷ ᠰᠦᠯᠵᠢᠶᠡᠵᠢᠭᠦᠯᠬᠦ ᠪᠠᠶᠢᠭᠤᠯᠤᠯᠲᠠ ᠶᠢ ᠠᠬᠢᠭᠤᠯᠵᠤ᠂ ᠣᠨᠴᠠᠯᠢᠭ ᠲᠠᠢ᠂ ᠭᠢᠯᠠᠰ ᠴᠡᠭ ᠲᠠᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠰᠢᠨ᠎ᠡ ᠶᠢ ᠡᠭᠦᠳᠴᠦ᠂ ᠨᠥᠯᠥᠭᠡᠯᠡᠬᠦ ᠬᠦᠴᠦᠨ ᠢ ᠨᠢ ᠬᠠᠮᠤᠭ  ᠤᠨ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃    ᠰᠤᠷᠪᠤᠯᠵᠢᠯᠠᠭᠴᠢ᠄ ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠬᠡᠯᠪᠡᠷᠢ ᠶᠢᠨ ᠲᠤᠷᠰᠢᠯᠭ᠎ᠠ ᠪᠤᠯᠤᠨ ᠠᠷᠭ᠎ᠠ ᠬᠢᠳᠠᠯ ᠪᠠᠶᠢᠬᠤ ᠪᠣᠶ︖    ᠭᠤᠤ ᠵᠠᠨ ᠱᠧᠩ᠄ ᠠᠵᠢᠯ ᠢᠶᠠᠨ ᠨᠡᠩ ᠰᠠᠶᠢᠲᠤᠷ ᠠᠬᠢᠭᠤᠯᠬᠤ ᠶᠢᠨ ᠲᠥᠯᠥᠭᠡ᠂ ᠪᠢᠳᠠ ᠲᠤᠰᠬᠠᠶᠢᠯᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠡᠷᠢᠭᠦᠯᠡᠭᠴᠢ ᠪᠠᠷ ᠬᠤᠤᠰ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠦᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠵᠥᠪᠯᠡᠯ ᠴᠦ ᠵᠣᠬᠢᠴᠠᠩᠭᠤᠶ ᠵᠣᠬᠢᠶᠠᠨ ᠪᠠᠶᠢᠭᠤᠯᠤᠯᠲᠠ  ᠶᠢᠨ ᠪᠠᠶᠢᠭᠤᠯᠤᠮᠵᠢ ᠪᠠᠶᠢᠭᠤᠯᠵᠤ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠳᠠᠯᠠᠵᠤ᠂ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠵᠢᠯᠣᠭᠤᠳᠤᠨ ᠪᠦᠬᠦ ᠨᠡᠶᠢᠭᠡᠮ ᠳᠤ ᠬᠠᠨᠳᠤᠭᠤᠯᠤᠭᠰᠠᠨ ᠤᠬᠠᠭᠤᠯᠭ᠎ᠠ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠲᠡᠷᠢᠭᠦᠨ ᠤ ᠨᠡᠶᠢᠲᠡᠯᠢᠭ ᠲᠤᠷᠰᠢᠯᠭ᠎ᠠ ᠶᠢ ᠪᠤᠶᠢᠵᠢᠭᠤᠯᠤᠨ ᠳᠡᠯᠭᠡᠷᠡᠭᠦᠯᠵᠦ᠂ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠦ ᠪᠤᠢ᠃    ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠠᠯᠬᠤᠮ ᠳᠠᠷᠠᠭ᠎ᠠ ᠳᠤ ᠭᠤᠣᠯᠳᠠᠭᠤ᠂ ᠲᠠᠨᠢᠯᠴᠠᠭᠤᠯᠤᠨ ᠳᠡᠪᠰᠢᠭᠦᠯᠬᠦ᠂ ᠠᠩᠬ᠎ᠠ ᠰᠢᠯᠭᠠᠬᠤ᠂ ᠬᠢᠨᠠᠨ ᠲᠣᠭᠲᠠᠭᠠᠬᠤ᠂ ᠨᠡᠷᠡᠶᠢᠳᠬᠦ ᠵᠡᠷᠭᠡ 4 ᠱᠠᠲᠤ ᠪᠠᠭᠲᠠᠨ᠎ᠠ ᠃ ᠪᠢᠳᠡ ᠰᠠᠭᠤᠷᠢᠨ ᠭᠠᠵᠠᠷ ᠢ ᠪᠠᠳᠤᠯᠠᠨ ᠲᠣᠭᠲᠠᠭᠠᠬᠤ ᠨᠠᠷᠢᠨ ᠲᠣᠳᠣᠷᠬᠠᠶ ᠨᠥᠬᠦᠴᠡᠯ ᠢ ᠲᠣᠭᠲᠠᠭᠠᠵᠤ᠂ ᠠᠩᠬᠠᠨ ᠤ ᠰᠢᠯᠭᠠᠯᠲᠠ ᠶᠢ ᠥᠩᠭᠡᠷᠡᠭᠦᠯᠦᠭᠰᠡᠨ ᠰᠠᠭᠤᠷᠢᠨ ᠭᠠᠵᠠᠷ ᠲᠤ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠦᠨᠡᠯᠡᠯᠲᠡ ᠬᠢᠯᠭᠡᠵᠦ᠂ ᠳᠡᠯᠭᠡᠨ ᠦᠵᠡᠭᠦᠯᠬᠦ ᠠᠭᠤᠯᠭ᠎ᠠ ᠶᠢ ᠴᠢᠩᠭ᠎ᠠ ᠠᠳᠬᠤᠵᠤ᠂ ᠬᠠᠮᠤᠭ ᠡᠴᠦᠰ ᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠠᠴᠠ ᠨᠡᠷᠡᠶᠢᠳᠬᠦ ᠪᠠᠷ ᠪᠠᠶᠢᠭ᠎ᠠ ᠰᠠᠭᠤᠷᠢᠨ ᠭᠠᠵᠠᠷ ᠲᠤ ︽ᠪᠥᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠦᠶ᠋ᠯᠡᠳᠦᠯᠭᠡ ᠶᠢᠨ ᠰᠠᠭᠤᠷᠢᠨ ᠭᠠᠵᠠᠷ︾ ᠬᠡᠬᠦ ᠫᠠᠶᠢᠰᠠ ᠤᠯᠭᠤᠬᠤ ᠪᠤᠯᠤᠨ᠎ᠠ᠃    ᠦᠢᠯᠡᠳᠦᠯᠭᠡ ᠶᠢᠨ ᠰᠠᠭᠤᠷᠢᠨ ᠭᠠᠵᠠᠷ ᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ ᠂ 5 ᠵᠢᠯ ᠪᠦᠷᠢ ᠳᠤ ᠨᠢᠭᠡ ᠤᠳᠠᠭ᠎ᠠ ᠰᠢᠯᠭᠠᠨ ᠬᠢᠨᠠᠵᠤ ᠪᠠᠳᠤᠯᠠᠨ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠵᠢᠯ ᠪᠦᠷᠢ ᠪᠦᠬᠦ ᠣᠷᠣᠨ ᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠲᠤ ᠣᠨ ᠤ ᠬᠢᠨᠠᠨ ᠰᠢᠯᠭᠠᠯᠲᠠ ᠬᠢᠵᠦ᠂ ᠣᠨ ᠤ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠶ ᠪᠣᠯ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ︔ ᠬᠤᠶᠠᠷ ᠵᠢᠯ ᠳᠠᠷᠠᠭᠠᠯᠠᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠥᠬᠡᠶ ᠪᠤᠶᠤ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠬᠦ ᠪᠠᠳᠤᠯᠠᠨ ᠲᠣᠭᠲᠠᠭᠠᠬᠤ ᠨᠥᠬᠦᠴᠡᠯ ᠳᠤ ᠨᠡᠶᠢᠴᠡᠭᠰᠡᠨ ᠥᠬᠡᠶ ᠪᠣᠯᠪᠠᠯ ᠨᠡᠷᠡᠶᠢᠳᠦᠯ ᠢ ᠨᠢ ᠬᠦᠴᠦᠨ ᠥᠬᠡᠶ ᠪᠣᠯᠭᠠᠨ᠎ᠠ᠃
 
ᠢᠷᠡᠯᠲᠡ᠄ ᠦᠨᠳᠦᠰᠦᠳᠡᠨ ᠦ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号