ᠲᠤᠭᠤᠷᠢᠭ ᠰᠢᠷᠡᠭᠡᠨ ᠤ ᠰᠤᠷᠪᠤᠯᠵᠢᠯᠠᠭ᠎ᠠ᠄ ᠰᠡᠳᠬᠢᠯ ᠨᠢᠭᠡᠳᠦᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠲᠥᠰᠦᠪ ᠢ ᠬᠠᠮᠳᠤ ᠪᠠᠷ ᠵᠢᠷᠤᠭᠯᠠᠶ᠎ᠠ
ᠨᠡᠶᠢᠲᠡᠯᠡᠭᠰᠡᠨ ᠴᠠᠭ᠄
2024/7/19
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠳᠠᠲᠠᠶ ᠲᠥᠷᠥᠭᠳᠡᠯ ᠲᠠᠢ ᠪᠦᠲᠦᠮᠵᠢᠲᠡᠶ ᠪᠠᠷ ᠪᠠᠲᠤᠳᠬᠠᠨ᠎ᠠ    ᠤᠯᠤᠰ ᠤᠨ ᠦᠨᠳᠦᠰᠦᠲᠡᠨ ᠤ ᠵᠥᠪᠯᠡᠯ ᠠᠴᠠ ︽ᠪᠥᠬᠦ ᠤᠯᠤᠰ ᠤᠨ ᠠᠷᠪᠠᠳᠤᠭᠠᠷ ᠪᠦᠯᠦᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠵᠢᠱᠢᠶ᠎ᠡ ᠦᠵᠡᠭᠦᠯᠬᠦ ᠨᠢᠭᠡᠴᠢ ᠶᠢ ᠨᠡᠷᠡᠶᠢᠳᠬᠦ ᠲᠤᠬᠠᠶ ᠰᠢᠢᠳᠪᠦᠷᠢ︾ ᠶᠢ ᠨᠡᠶᠢᠲᠡᠯᠡᠵᠦ᠂ ᠥᠪᠥᠷ ᠮᠣᠩᠭᠤᠯ ᠤᠨ 12 ᠭᠠᠵᠠᠷ ᠣᠷᠣᠨ ᠪᠠ ᠨᠢᠭᠡᠴᠢ ᠨᠡᠷᠡᠰ ᠤᠨ ᠵᠢᠭᠰᠠᠭᠠᠯᠲᠠ ᠳᠤ ᠣᠷᠣᠵᠤ᠂ ᠠᠯᠠᠱᠠ ᠠᠶᠢᠮᠠᠭ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢᠶᠠᠷ ᠦᠨᠡᠯᠡᠭᠳᠡᠪᠡ᠃    ᠰᠢᠨ᠎ᠡ ᠠᠶᠠᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠨᠠᠭᠰᠢᠳᠠ ᠬᠡᠷᠬᠢᠨ ᠪᠠᠳᠤᠳᠬᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠡᠷᠬᠢᠨ ᠬᠦᠴᠦᠨ ᠴᠢᠳᠠᠯ ᠢᠶᠠᠨ ᠡᠷᠭᠦᠬᠦ ᠪᠤᠢ︖    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ᠂ ᠭᠤᠤᠯ ᠰᠢᠵᠢᠮ ᠤᠨ ᠵᠢᠯᠣᠭᠤᠳᠤᠮᠵᠢ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠤ᠂ ᠨᠡᠶᠢᠭᠡᠮ ᠳᠠᠶᠠᠭᠠᠷ ᠲᠤ ᠮᠠᠷᠺᠰ ᠤᠨ ᠦᠵᠡᠯ ᠤᠨ ᠦᠨᠳᠦᠰᠦᠲᠡᠨ ᠤ ᠦᠵᠡᠯᠲᠡ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ ᠵᠡᠷᠭᠡ ᠪᠠᠷ ᠭᠤᠤᠯ ᠠᠭᠤᠯᠭ᠎ᠠ ᠪᠣᠯᠭᠠᠭᠰᠠᠨ ᠨᠠᠮ ᠤᠨ ᠦᠨᠳᠦᠰᠦᠲᠡᠨ ᠤ ᠣᠨᠣᠯ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠥᠪ ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠲᠠᠢ ᠪᠤᠯᠭᠠᠵᠤ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠪᠦᠯᠢ ᠶᠢᠨ ᠬᠢᠨ ᠮᠡᠲᠦ ᠳᠣᠲᠣᠨᠣ ᠪᠠᠶᠢᠬᠤ︾ ᠭᠦᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠣᠶ ᠪᠤᠯᠭᠠᠨ᠎ᠠ᠃ ᠰᠣᠶᠣᠯ ᠤᠨ ᠵᠢᠯᠣᠭᠤᠳᠤᠮᠵᠢ ᠶᠢ ᠴᠢᠩᠭᠠᠳᠬᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠢᠳᠡᠪᠬᠢᠲᠡᠢ ᠬᠦᠮᠦᠵᠢᠭᠦᠯᠦᠨ ᠦᠢᠯᠡᠳᠦᠯᠭᠡᠵᠢᠭᠦᠯᠵᠦ ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ᠂ ᠠᠯᠠᠱᠠ ᠶᠢᠨ ᠡᠪ ᠬᠠᠮᠲᠤ ᠶᠢᠨ ᠢᠨᠲ᠋ᠧᠷᠨᠠᠼᠢᠣᠨᠠᠯ ᠤᠨ ᠨᠢᠭᠤᠴᠠ ᠵᠠᠮ᠂ ᠰᠠᠨ ᠢ ᠬᠤᠰᠢᠭᠤᠨ ᠤ ᠵᠠᠰᠠᠭ ᠤᠨ ᠣᠷᠳᠣᠨ ᠰᠠᠨᠰᠠᠷ ᠤᠨ ᠠᠶᠠᠯᠠᠯ ᠳᠠᠬᠢ ᠬᠤᠪᠢ ᠨᠡᠮᠡᠷᠢ ᠵᠡᠷᠭᠡ ᠬᠤᠪᠢᠰᠬᠠᠯᠳᠤ ᠡᠬᠢ ᠪᠠᠶᠠᠯᠢᠭ ᠢ ᠠᠭᠤᠳᠠᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠮᠡᠳᠡᠷᠡᠭᠦᠢ︾ ᠶᠢᠨ ᠦᠵᠡᠯ ᠰᠠᠨᠠᠭ᠎ᠠ  ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠵᠢᠷᠦᠭᠡᠨ ᠳᠤ ᠭᠦᠨ ᠬᠠᠳᠠᠩᠰᠢᠭᠤᠯᠬᠤ ᠶᠢ ᠠᠬᠢᠭᠤᠯᠤᠨ᠎ᠠ ᠬᠡᠪᠡ᠃    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠬᠰᠢᠳᠠ ᠪᠠᠳᠤᠳᠬᠠᠵᠤ᠂ ︽ᠬᠤᠶᠠᠷ ᠢ ᠡᠭᠦᠳᠬᠦ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠲᠦᠷᠦᠭᠦᠬᠡᠨ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠠ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ ︽ᠬᠠᠪᠤᠷ ᠤᠨ ᠰᠠᠯᠬᠢ ᠠᠷᠪᠠᠨ ᠲᠦᠮᠡᠨ ᠭᠠᠵᠠᠷ ᠰᠡᠪᠡᠯᠵᠡᠨ᠎ᠡ︾ ᠭᠡᠬᠦ ᠭᠤᠤᠯ ᠰᠡᠳᠦᠪᠲᠦ ᠳᠠᠭᠤᠤ ᠬᠥᠭᠵᠢᠮ ᠤᠨ ᠴᠤᠭᠯᠠᠭᠠᠨ ᠢ ᠯᠢᠶᠣᠤ ᠾᠧ ᠵᠦᠴᠦᠭᠡ ᠶᠢᠨ ᠬᠦᠷᠢᠶᠡᠯᠡᠩ ᠳᠤ ᠲᠣᠭᠯᠠᠵᠤ᠂ ︽ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠭᠰᠠᠨ ᠨᠢ︾᠂ ︽ᠰᠢᠨ᠎ᠡ ᠴᠠᠭ ᠦᠶ᠎ᠡ ᠶᠢ ᠮᠠᠭᠲᠠᠨ ᠳᠠᠭᠤᠯᠠᠶ᠎ᠠ︾ ᠵᠡᠷᠭᠡ ᠭᠤᠶᠢᠳᠠ ᠰᠠᠶᠢᠬᠠᠨ ᠲᠣᠭᠯᠠᠯᠲᠠ ᠨᠤᠭᠤᠳ ᠨᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠡᠶ᠎ᠡ ᠵᠤᠬᠢᠴᠠᠩᠭᠤᠢ ᠪᠠᠶᠢᠳᠠᠯ ᠢ ᠠᠮᠢᠳᠤᠯᠢᠭ ᠢᠶᠠᠷ ᠳᠡᠯᠭᠡᠨ ᠦᠵᠡᠭᠦᠯᠵᠡᠶ᠃    ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠲᠠᠯᠠᠨᠳᠠᠢ᠂ ᠪᠢᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠴᠢᠩᠭ᠎ᠠ ᠡᠵᠡᠮᠳᠡᠵᠦ᠂ ︽ᠠᠨᠠᠷ ᠤᠨ ᠦᠷ᠎ᠡ︾ ᠶᠢᠨ ᠠᠵᠢᠯᠯᠠᠭ᠎ᠠ ᠶᠢ ᠭᠦᠨᠵᠡᠭᠡᠢ ᠠᠬᠢᠭᠤᠯᠵᠦ᠂ ᠭᠤᠤᠯᠳᠠᠯᠭ᠎ᠠ ᠶᠢ ᠳᠣᠪᠤᠶᠢᠯᠭᠠᠵᠤ᠂ ᠠᠴᠢᠶᠠᠯᠠᠪᠦᠷᠢ ᠶᠢᠨ ᠰᠢᠨ᠎ᠡ ᠶᠢ ᠡᠭᠦᠳᠴᠤ᠂ ᠭᠠᠷᠳᠠᠴᠠ ᠶᠢ ᠪᠣᠳᠠᠲᠠᠶᠢᠵᠢᠭᠤᠯᠵᠤ᠂ ᠪᠦᠬᠦ ᠬᠤᠲᠠᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠤᠨ ᠰᠠᠭᠤᠷᠢᠨ ᠭᠠᠵᠠᠷ ᠪᠠ ᠰᠢᠨ᠎ᠡ ᠶᠢ ᠡᠭᠦᠳᠬᠦ ᠦᠢᠯᠡᠳᠦᠯᠭᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠤᠯᠤᠰ ᠠᠷᠠᠳ ᠤᠨ ᠰᠤᠷᠭᠠᠨ ᠬᠥᠮᠦᠵᠢᠯ᠂ ᠺᠠᠳ᠋ᠷ ᠤᠨ ᠬᠥᠮᠦᠵᠢᠯ᠂ ᠨᠡᠶᠢᠭᠡᠮ ᠤᠨ ᠬᠥᠮᠦᠵᠢᠯ ᠤᠨ ᠪᠦᠬᠦ ᠶᠠᠪᠤᠴᠠ ᠳᠤ ᠤᠷᠤᠭᠤᠯᠵᠤ᠂ ᠣᠯᠠᠨ ᠲᠦᠮᠡᠨᠴᠢ ᠴᠢᠨᠠᠷᠲᠠᠢ ᠰᠣᠶᠣᠯ ᠲᠠᠮᠢᠷ ᠤᠨ ᠬᠥᠳᠡᠯᠭᠡᠭᠡᠨ᠂ ᠤᠳᠬ᠎ᠠ ᠵᠣᠬᠢᠶᠠᠯ ᠤᠷᠠᠯᠢᠭ ᠤᠨ ᠪᠦᠲᠦᠭᠡᠯᠲᠡ᠂ ᠨᠡᠶᠢᠲᠡ ᠶᠢᠨ ᠠᠰᠠᠷᠠᠮᠵᠢ ᠶᠢᠨ ᠵᠠᠷ ᠵᠡᠷᠭᠡ ᠡᠯ᠎ᠡ ᠬᠦᠷᠢᠶ᠎ᠡ ᠴᠠᠷᠠᠭᠠᠨ ᠳᠤ ᠠᠭᠤᠰᠤᠯᠴᠠᠭᠤᠯᠵᠤ᠂ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ᠂ ᠬᠤᠳᠠ ᠶᠢᠨ ᠪᠡᠯᠭᠡ ᠳᠡᠮᠳᠡᠭ ᠤᠨ ᠴᠢᠨᠠᠷᠲᠠᠶ ᠪᠠᠷᠢᠯᠭ᠎ᠠ᠂ ᠵᠢᠭᠤᠯᠴᠢᠯᠠᠯ ᠤᠨ ᠦᠵᠡᠮᠵᠢ ᠶᠢᠨ ᠦᠵᠡᠭᠦᠯᠭᠡ ᠵᠡᠷᠭᠡ ᠡᠯ᠎ᠡ ᠲᠠᠯ᠎ᠠ ᠳᠤ ᠢᠯᠡᠷᠡᠬᠦᠯᠵᠦ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠶᠢᠨ ᠬᠢᠨ ᠮᠡᠳᠦ ᠲᠤᠳᠤᠨᠤ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠭᠤᠤᠯ ᠰᠡᠳᠦᠪᠲᠦ ᠬᠥᠮᠦᠵᠢᠯ ᠢ ᠪᠦᠬᠦ ᠬᠤᠲᠠ ᠶᠢᠨ ᠭᠡᠪᠴᠢᠶᠡᠨ ᠳᠤ ᠨᠡᠶᠢᠳᠡᠮ ᠬᠢᠵᠦ᠂ ᠪᠦᠬᠦ ᠬᠦᠷᠢᠶ᠎ᠡ ᠴᠠᠷᠠᠭ᠎ᠠ ᠳᠤ ᠠᠬᠢᠭᠤᠯᠵᠤ᠂ ᠪᠦᠬᠦ ᠲᠠᠯ᠎ᠠ ᠪᠠᠷ ᠦᠷᠨᠢᠬᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠢᠱᠢᠶ᠎ᠡ ᠦᠵᠡᠭᠦᠯᠬᠦ ᠪᠠᠶᠢᠭᠤᠯᠤᠯᠲᠠ ᠶᠢᠨ ᠲᠠᠯ᠎ᠠ ᠪᠠᠷ ᠡᠮᠦᠨ᠎ᠡ ᠡᠩᠨᠡᠭᠡᠨ ᠳᠤ ᠣᠷᠣᠵᠤ ᠳᠠᠭᠤᠷᠢᠶᠠᠯ ᠦᠵᠡᠭᠦᠯᠬᠦ ᠪᠠᠷ ᠴᠢᠷᠮᠠᠶᠢᠨ᠎ᠠ ᠬᠡᠪᠡ᠃    ︽ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠤᠨ ᠲᠣᠭᠲᠠᠴᠠ ᠪᠠ ᠤᠨᠤᠯ ᠤᠨ ᠰᠤᠳᠤᠯᠭᠠᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ︿ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ﹀ ︿ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ﹀ ︿ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ﹀ ᠤᠨ ᠠᠵᠢᠯᠯᠠᠭ᠎ᠠ ᠶᠢ ᠡᠭᠦᠳᠦᠯᠳᠡ ᠲᠠᠢ  ᠪᠠᠷ ᠥᠷᠨᠢᠭᠦᠯᠵᠦ᠂ ︽ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠮᠠᠲ᠋ᠧᠷᠢᠶᠠᠯ ᠤᠨ ᠡᠮᠬᠢᠳᠬᠡᠯ — ᠥᠪᠥᠷ ᠮᠣᠩᠭᠤᠯ ᠪᠤᠳᠢ︾ ᠶᠢ ᠨᠠᠶᠢᠷᠠᠭᠤᠯᠤᠨ ᠲᠤᠭᠤᠷᠪᠢᠬᠤ ᠠᠵᠢᠯ ᠢ ᠪᠦᠬᠦ ᠲᠠᠯ᠎ᠠ ᠪᠠᠷ ᠠᠬᠢᠭᠤᠯᠵᠦ᠂ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠴᠠᠳᠢᠭ — ᠥᠪᠥᠷ ᠮᠣᠩᠭᠤᠯ ᠪᠤᠳᠢ︾ ᠶᠢ ᠨᠠᠶᠢᠷᠠᠭᠤᠯᠤᠨ ᠲᠤᠭᠤᠷᠪᠢᠬᠤ ᠠᠵᠢᠯ ᠢ ᠪᠡᠶᠡᠯᠡᠭᠦᠯᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠶ᠎ᠠ — ᠰᠦᠭ ᠰᠦᠨᠡᠰᠦ ᠶᠢ ᠱᠤᠭᠤᠬᠤ ᠨᠢ︾ ᠭᠡᠬᠦ ᠲᠤᠰᠬᠠᠶ ᠰᠡᠳᠦᠪᠲᠦ ᠹᠢᠯᠢᠮ ᠢ ᠰᠡᠭᠦᠳᠡᠷᠯᠡᠨ ᠦᠢᠯᠡᠳᠴᠦ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠵᠦ ᠬᠠᠮᠳᠤ ᠪᠠᠷ ᠬᠤᠪᠢᠶᠠᠯᠴᠠᠬᠤ ᠨᠠᠩ ᠣᠯᠠᠨ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠦᠳᠦᠭᠡᠵᠦ ᠤᠯᠠᠮᠵᠢᠯᠠᠨ ᠳᠡᠯᠭᠡᠷᠡᠭᠦᠯᠵᠦ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠪᠣᠳᠠᠲᠤ ᠪᠠᠶᠢᠳᠠᠯ ᠢ ᠤᠯᠠᠮ ᠴᠢᠨᠠᠬᠰᠢᠳᠠ ᠤᠬᠠᠭᠤᠯᠤᠨ ᠲᠠᠶᠢᠯᠪᠤᠷᠢᠯᠠᠵᠦ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ ᠬᠡᠯᠡᠵᠡᠢ᠃    ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ     ᠲᠦᠷᠦᠭᠦᠬᠡᠨ᠂ ᠲᠦᠩᠯᠢᠶᠣᠤ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠰᠢᠨ ᠴᠸᠡᠭ ᠵᠡᠭᠡᠯᠢ ᠭᠤᠳᠤᠮᠵᠢ ᠶᠢᠨ ᠲᠠᠢ ᠹᠸᠡᠭ ᠨᠡᠶᠢᠭᠡᠮ ᠲᠣᠭᠤᠷᠢᠭ ᠤᠨ ᠬᠢᠨ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠪᠦᠯᠢ ᠶᠢᠨ ᠬᠢᠨ ᠮᠡᠳᠦ ᠲᠤᠳᠤᠨᠤ ᠪᠠᠶᠢᠵᠤ᠂ ᠤᠷᠠᠨ ᠪᠢᠷ ᠪᠡᠬᠡᠰ ᠢᠶᠠᠷ ᠢᠶᠠᠨ ᠳᠤᠮᠳᠠᠳᠤ ᠪᠠᠨ ᠵᠢᠷᠤᠭᠯᠠᠶ᠎ᠠ︾ ᠭᠡᠬᠦ ᠤᠷᠠᠨ ᠪᠢᠴᠢᠯᠭᠡ ᠤᠷᠠᠨ ᠵᠢᠷᠤᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠶ᠎ᠠ ᠲᠣᠭᠤᠷᠢᠭ ᠤᠨ ᠢᠶᠠᠨ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠣᠶᠤᠨ ᠤ ᠪᠠ ᠰᠣᠶᠣᠯ ᠤᠨ ᠠᠮᠢᠳᠤᠷᠠᠯ ᠢ ᠤᠯᠠᠮ ᠴᠢᠨᠠᠬᠰᠢᠳᠠ ᠪᠠᠶᠠᠯᠢᠭᠵᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠠᠢ᠃      ᠲᠠᠢ ᠹᠸᠡᠭ ᠨᠡᠶᠢᠭᠡᠮ ᠲᠣᠭᠤᠷᠢᠭ ᠪᠠᠰᠠ ᠣᠯᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠭ᠎ᠠ ᠰᠠᠯᠪᠤᠷᠢ ᠳᠤᠭᠤᠶᠢᠯᠠᠩ ᠢ ᠵᠣᠬᠢᠶᠠᠨ ᠪᠠᠶᠢᠭᠤᠯᠵᠤ᠂ ᠡᠯᠪᠡᠭ ᠪᠠᠶᠠᠯᠢᠭ ᠠᠭᠤᠯᠭ᠎ᠠ ᠪᠦᠬᠦᠢ ᠣᠯᠠᠨ ᠶᠠᠩᠵᠤ ᠶᠢᠨ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠰᠡᠳᠬᠢᠯ ᠤᠨ ᠨᠠᠶᠢᠵᠠ ᠪᠤᠯᠤᠯᠴᠠᠵᠤ᠂ ᠡᠶᠡᠯᠳᠡᠭ ᠬᠥᠷᠰᠢ ᠰᠠᠭᠠᠬᠠᠯᠲᠠ ᠪᠣᠯᠵᠤ᠂ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠬᠥᠲᠥᠯᠦᠨ ᠵᠢᠯᠣᠭᠤᠳᠪᠠ᠃ ᠲᠠᠢ ᠹᠧᠩ ᠨᠡᠶᠢᠭᠡᠮ ᠲᠣᠭᠤᠷᠢᠭ ᠤᠨ ᠪᠦᠯᠬᠦᠮᠳᠡᠯ ᠤᠨ ᠦᠯᠢᠬᠡᠷ ᠪᠣᠯ ᠲᠦᠩᠯᠢᠶᠣᠤ ᠬᠤᠳᠠ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠭᠠᠷ ᠭᠠᠷ ᠢᠶᠠᠨ ᠬᠤᠯᠪᠣᠨ ᠡᠷᠡᠯᠬᠡᠭᠯᠡᠨ ᠤᠷᠤᠭᠰᠢᠯᠠᠭᠰᠠᠨ ᠠᠮᠢᠳᠤᠯᠢᠭ ᠬᠤᠷᠢᠶᠠᠩᠭᠤᠢ ᠵᠢᠷᠤᠭ ᠳᠦᠷᠰᠦ ᠪᠣᠯᠤᠨ᠎ᠠ᠃    ᠣᠶᠢᠷ᠎ᠠ ᠳᠤ᠂ ᠲᠦᠩᠯᠢᠶᠣᠤ ᠬᠤᠲᠠ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠯᠬᠤᠴᠠ ᠪᠠᠨ ᠲᠦᠷᠭᠡᠳᠬᠡᠵᠦ᠂ ᠡᠭᠦᠳᠦᠨ ᠪᠠᠶᠢᠭᠤᠯᠬᠤ ᠶᠠᠪᠤᠴᠠ ᠳᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠩ ᠭᠦᠨ ᠳᠠᠪᠬᠤᠷᠭ᠎ᠠ ᠶᠢᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠪᠡᠶᠡᠯᠡᠭᠦᠯᠬᠦ ᠶᠢ ᠠᠬᠢᠭᠤᠯᠵᠤ ᠪᠠᠶᠢᠨ᠎ᠠ᠃ ᠴᠢ᠊ · ᠲᠠᠯᠠᠨᠳᠠᠢ᠂ ︽ᠠᠭᠤᠰᠤᠯᠴᠠᠬᠤ︾ ᠭᠡᠳᠡᠭ ᠤᠳᠤᠷᠢᠳᠤᠮᠵᠢ ᠶᠢ ᠲᠤᠪᠤᠶᠢᠯᠭᠠᠵᠥ᠂ ︽ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ︾ ᠲᠤᠰᠬᠠᠢ ᠠᠵᠢᠯᠯᠠᠭ᠎ᠠ ᠶᠢ ᠡᠭᠦᠳᠦᠨ ᠪᠠᠶᠢᠭᠤᠯᠤᠨ ᠥᠷᠨᠢᠭᠦᠯᠵᠦ᠂ ᠠᠭᠤᠯᠤᠭᠳᠠᠬᠤᠨ ᠢᠶᠠᠨ ᠭᠦᠨᠵᠡᠭᠡᠶᠢᠷᠡᠭᠦᠯᠵᠦ᠂ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠤᠷᠤᠯᠴᠠᠯᠭ᠎ᠠ ᠶᠢ ᠥᠷᠭᠡᠳᠬᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠳᠤ ᠠᠭᠤᠰᠤᠯᠴᠠᠭᠤᠯᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠠᠮ ᠢᠶᠠᠨ ᠲᠠᠭᠠᠬᠤ᠂ ᠨᠠᠮ ᠤᠨ ᠦᠭᠡ ᠶᠢ ᠰᠣᠨᠣᠰᠬᠤ᠂ ᠨᠠᠮ ᠤᠨ ᠲᠥᠪ ᠬᠤᠷᠢᠶ᠎ᠠ ᠲᠠᠢ ᠰᠡᠳᠬᠢᠯ ᠵᠢᠷᠦᠬᠡ ᠪᠠᠷ ᠢᠶᠠᠨ ᠬᠤᠯᠪᠣᠭᠠᠲᠠᠢ ᠪᠠᠶᠢᠳᠠᠭ ᠬᠤᠪᠢᠰᠬᠠᠯᠳᠤ ᠤᠳᠤᠮᠰᠢᠯ ᠢ ᠦᠷᠭᠦᠯᠵᠢᠯᠡᠨ ᠰᠠᠶᠢᠳᠤᠷ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ ᠨᠦᠭᠦᠳ ᠤᠨ ᠪᠦᠯᠬᠦᠮᠳᠡᠯ ᠲᠠᠪᠰᠢᠯᠳᠠ ᠶᠢᠨ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠠᠮ ᠤᠨ ᠠᠴᠢ ᠳᠤ ᠲᠠᠯᠠᠷᠬᠠᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠶᠢ ᠬᠦᠳᠦᠯᠦᠨ ᠵᠢᠯᠤᠭᠤᠳᠤᠨ᠎ᠠ᠃ ᠪᠣᠳᠠᠰ ᠤᠨ ᠪᠣᠯᠪᠠᠰᠤᠨ ᠤ ᠪᠠᠶᠢᠭᠤᠯᠤᠯᠲᠠ ᠪᠣᠯᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠵᠡᠷᠭᠡ ᠠᠳᠬᠤᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠣᠳᠣᠬᠢᠴᠢᠯᠠᠭᠰᠠᠨ ᠲᠦᠩᠯᠢᠶᠣᠤ ᠶᠢᠨ ᠪᠦᠳᠦᠭᠡᠨ ᠪᠠᠶᠢᠭᠤᠯᠤᠯᠲᠠ ᠶᠢᠨ ᠪᠣᠳᠠᠰ ᠤᠨ ᠰᠠᠭᠤᠷᠢ ᠶᠢ ᠪᠠᠬᠢᠵᠢᠭᠦᠯᠬᠦ ᠵᠢᠷᠭᠤᠭᠠᠨ ᠲᠥᠷᠥᠯ ᠤᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠠᠶᠢᠳᠠᠨ ᠬᠥᠮᠦᠵᠢᠭᠦᠯᠬᠦ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠠᠬᠢ ᠳᠤᠲᠠᠭᠤᠳᠠᠯ ᠪᠠᠭᠤᠷᠠᠢ ᠲᠠᠯ᠎ᠠ ᠶᠢ ᠲᠦᠷᠭᠡᠨ ᠨᠥᠬᠦᠪᠥᠷᠢᠯᠡᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠪᠠᠶᠠᠵᠢᠵᠦ᠂ ᠬᠠᠮᠳᠤ ᠪᠠᠷ ᠨᠡᠶᠢᠭᠡᠮ ᠵᠢᠷᠤᠮᠲᠤ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ ᠬᠡᠵᠡᠢ᠃    ᠠᠯᠠᠱᠠ ᠠᠶᠢᠮᠠᠭ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠪᠦᠬᠦ ᠠᠶᠢᠮᠠᠭ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠲᠠᠢ ᠬᠤᠯᠪᠣᠭᠳᠠᠬᠤ ᠶᠡᠭᠡ ᠶᠠᠪᠤᠳᠠᠯ ᠪᠣᠯᠭᠠᠨ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠦᠨᠳᠦᠰᠦᠲᠡᠨ ᠤ ᠪᠦᠯᠬᠦᠮᠳᠡᠯ ᠤᠨ ᠰᠢᠯᠢᠳᠡᠭ ᠤᠯᠠᠮᠵᠢᠯᠠᠯ ᠢ ᠶᠡᠭᠡ ᠪᠠᠷ ᠪᠠᠳᠠᠷᠠᠭᠤᠯᠵᠤ᠂ ᠪᠦᠯᠬᠦᠮᠳᠡᠨ ᠲᠡᠮᠡᠴᠡᠬᠦ ᠬᠦᠴᠦᠨ ᠢ ᠨᠢᠭᠲᠠᠷᠠᠭᠤᠯᠪᠠ᠃ ᠳᠠᠶᠢᠴᠢᠨ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠨ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠡᠶᠢᠭᠡᠮ ᠤᠨ ᠨᠥᠬᠦᠴᠡᠯ ᠢ ᠢᠳᠡᠪᠬᠢᠲᠡᠶ ᠡᠭᠦᠳᠴᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠬ᠎ᠠ ᠳᠡᠭᠦᠦ ᠮᠡᠲᠦ ᠳᠣᠲᠣᠨᠣ ᠪᠠᠶᠢᠬᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠶᠢ ᠠᠬᠢᠭᠤᠯᠵᠤ᠂ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠣᠶᠤᠨ ᠤᠬᠠᠭᠠᠨ ᠪᠠ ᠬᠦᠴᠦᠨ ᠴᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠵᠤ᠂ ᠡᠬᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠨ᠎ᠠ ᠬᠡᠪᠡ᠃    ᠭᠤᠤ ᠵᠠᠨ ᠱᠧᠩ᠂ ︽ᠡᠨᠡ ᠵᠢᠯ᠂ ᠪᠢᠳᠡ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠡᠯᠳᠦ ᠮᠠᠶ᠋ᠢᠭ ᠤᠨ ᠬᠥᠭᠵᠢᠯᠲᠡ ᠶᠢᠨ ᠲᠥᠯᠥᠪᠯᠡᠭᠡ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ ᠴᠢᠨᠠᠭᠰᠢᠳᠠ ᠭᠦᠨᠵᠡᠭᠡᠢ ᠠᠬᠢᠭᠤᠯᠤᠨ ᠬᠡᠷᠡᠭᠵᠢᠭᠦᠯᠵᠦ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠪᠦᠬᠦ ᠲᠠᠯ᠎ᠠ ᠶᠢᠨ ᠰᠣᠯᠢᠯᠴᠠᠭ᠎ᠠ ᠭᠦᠨᠵᠡᠭᠡᠶ ᠠᠭᠤᠰᠤᠯᠴᠠᠯ ᠢ ᠠᠬᠢᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠪᠦᠬᠦ ᠲᠠᠯ᠎ᠠ ᠪᠠᠷ ᠠᠬᠢᠭᠤᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠰᠣᠳᠣᠨ ᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ︿ᠲᠠᠰ ᠳᠡᠪᠰᠢᠭᠰᠡᠨ ᠬᠡᠪ ᠵᠠᠭᠪᠤᠷ﹀ ᠢ ᠪᠣᠶ ᠪᠣᠯᠭᠠᠵᠦ᠂ ᠥᠪᠥᠷ ᠮᠣᠩᠭᠤᠯ ᠢᠶᠠᠨ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠳᠠᠭᠤᠷᠢᠶᠠᠯ ᠤᠨ ᠣᠷᠣᠨ ᠪᠣᠯᠭᠠᠬᠤ ᠪᠠᠷ ᠴᠢᠷᠮᠠᠶᠢᠨ᠎ᠠ︾ ᠭᠡᠵᠦ ᠭᠤᠤ ᠵᠠᠨ ᠱᠧᠩ ᠬᠡᠯᠡᠵᠠᠢ᠃    ᠦᠨᠳᠦᠰᠦᠲᠡᠨ ᠨᠦᠭᠦᠳ ᠤᠨ ᠪᠦᠯᠬᠦᠮᠳᠡᠨ ᠤᠷᠤᠭᠰᠢᠯᠠᠬᠤ ᠬᠥᠭᠵᠢᠯᠲᠡ ᠶᠢ ᠬᠠᠮᠲᠤ ᠪᠠᠷ ᠯᠠᠪᠳᠠᠭᠤᠨ ᠪᠠᠲᠤᠲᠠᠶ ᠠᠬᠢᠭᠤᠯᠤᠨ᠎ᠠ     ᠦᠨᠳᠦᠰᠦᠲᠡᠨ ᠤ ᠪᠦᠯᠬᠦᠮᠳᠡᠯ ᠪᠣᠯ ᠬᠥᠭᠵᠢᠯᠲᠡ ᠳᠠᠪᠰᠢᠯᠲᠠ ᠶᠢᠨ ᠰᠠᠭᠤᠷᠢ ᠴᠢᠯᠠᠭᠤ ᠮᠥᠨ᠂ ᠬᠥᠭᠵᠢᠯᠲᠡ ᠪᠣᠯ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠠᠯᠲᠠᠨ ᠲᠦᠯᠬᠢᠭᠦᠷ ᠮᠥᠨ᠃    ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠠᠲᠤ ᠴᠡᠭᠡᠵᠢᠯᠡᠵᠦ᠂ ᠪᠥᠬᠦ ᠣᠷᠣᠨ ᠳᠠᠶᠠᠭᠠᠷ ᠢᠶᠠᠨ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠬᠤ ᠳᠤᠮᠳᠠ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢᠶᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠪᠦᠯᠬᠦᠮᠳᠡᠨ ᠨᠢᠭᠡᠳᠴᠦ᠂ ᠡᠬᠡ ᠤᠯᠤᠰ ᠤᠨ ᠤᠮᠠᠷᠠᠲᠤ ᠬᠢᠯᠢ ᠶᠢᠨ ᠡᠨᠡ ᠬᠦ ᠦᠵᠡᠮᠵᠢᠲᠦ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃    ᠳᠠᠶᠢᠴᠢᠨ᠂ ᠠᠯᠠᠱᠠ ᠠᠶᠢᠮᠠᠭ ᠤᠨ ᠪᠣᠳᠠᠲᠤ ᠪᠠᠶᠢᠳᠠᠯ ᠠᠴᠠ ᠰᠠᠭᠤᠷᠢᠯᠠᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠳᠤ᠂ ᠬᠥᠭᠵᠢᠭᠦᠯᠬᠦ ᠶᠢ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠭᠤᠶᠢᠪᠢᠰᠢ ᠥᠬᠡᠶ ᠪᠠᠷᠢᠮᠲᠠᠯᠠᠵᠤ᠂ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠤᠵᠢᠷᠯᠢᠬ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ ᠭᠤᠤᠯᠯᠠᠬᠤ ᠠᠵᠤ ᠦᠢᠯᠡᠰ ᠤᠨ ᠬᠡᠪᠴᠢᠶᠡᠵᠢᠯ ᠤᠨ ᠲᠠᠰ ᠳᠠᠪᠬᠤᠷᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ︽ᠮᠢᠬ᠎ᠠ ᠰᠦ ᠨᠣᠣᠰᠣ ᠵᠢᠮᠢᠰ ᠨᠣᠭᠤᠭ᠎ᠠ ᠡᠷᠡᠭᠦᠯᠵᠢᠯ︾ ᠤᠨ ᠠᠵᠤ ᠦᠢᠯᠡᠰ ᠤᠨ ᠪᠦᠯᠦᠭᠵᠢᠯ ᠢ ᠬᠦᠴᠦᠯᠡᠨ ᠪᠠᠶᠢᠭᠤᠯᠵᠤ᠂ ᠮᠠᠯᠴᠢᠨ ᠲᠠᠷᠢᠶᠠᠴᠢᠨ ᠪᠣᠯᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢᠨ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠦᠨᠳᠦᠰᠦᠲᠡᠨ ᠨᠦᠭᠦᠳ ᠤᠨ ᠣᠯᠠᠨ ᠲᠦᠮᠡᠨ ᠡᠭᠦᠳᠦᠨ ᠪᠦᠲᠦᠭᠡᠵᠦ ᠬᠠᠮᠲᠤ ᠪᠠᠷ ᠡᠳ᠋ᠯᠡᠨ᠎ᠡ︔ ᠠᠮᠢ ᠠᠬᠤᠢ ᠶᠢᠨ ᠥᠨᠳᠥᠷ ᠬᠢᠷᠢ ᠲᠦᠪᠰᠢᠨ ᠤ ᠬᠠᠮᠠᠭᠠᠯᠠᠯᠲᠠ ᠶᠢ ᠶᠡᠭᠡ ᠪᠠᠷ ᠠᠬᠢᠭᠤᠯᠵᠤ᠂ ᠠᠮᠢ ᠠᠬᠤᠢ ᠶᠢᠨ ᠠᠷᠠᠳ ᠲᠤ ᠠᠰᠢᠭ ᠬᠦᠷᠲᠡᠭᠡᠬᠦ᠂ ᠠᠮᠢ ᠠᠬᠤᠢ ᠶᠢᠨ ᠠᠷᠠᠳ ᠲᠤ ᠠᠰᠢᠬᠳᠠᠢ ᠪᠠᠶᠢᠯᠭᠠᠬᠤ᠂ ᠠᠮᠢ ᠠᠬᠤᠢ ᠶᠢᠨ ᠠᠷᠠᠳ ᠲᠤ ᠦᠢᠯᠡᠴᠢᠯᠡᠬᠦ ᠶᠢ ᠪᠠᠷᠢᠮᠲᠠᠯᠠᠵᠤ᠂ ᠴᠢᠬᠤᠯᠠ ᠶᠡᠭᠡ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠨ ᠵᠠᠰᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠬᠠᠳᠤᠨ ᠭᠤᠣᠯ ᠤᠨ ᠰᠠᠪᠠ ᠭᠠᠵᠠᠷ᠂ ᠬᠠᠷ᠎ᠠ ᠭᠤᠣᠯ ᠤᠨ ᠰᠠᠪᠠ ᠭᠠᠵᠠᠷ ᠪᠣᠯᠤᠨ ᠠᠯᠠᠱᠠ ᠠᠭᠤᠯᠠ ᠶᠢᠨ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠬᠦᠭᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠬᠤᠪᠢᠷᠠᠬᠤ ᠶᠢ ᠠᠬᠢᠭᠤᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠦᠵᠡᠰᠬᠦᠯᠡᠩᠲᠦ ᠰᠠᠶᠢᠬᠠᠨ ᠠᠮᠢ ᠠᠬᠤᠢ ᠣᠷᠴᠢᠨ ᠲᠣᠭᠤᠷᠢᠨ ᠢ ᠡᠳ᠋ᠯᠡᠬᠦ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠨ᠎ᠡ︔ ᠰᠠᠭᠤᠷᠢ ᠲᠥᠬᠦᠭᠡᠷᠦᠮᠵᠢ ᠶᠢᠨ ᠥᠨᠳᠥᠷ ᠪᠠᠷᠢᠮᠵᠢᠶᠠᠲᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠠᠮ ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ᠂ ᠪᠠᠷᠠᠭᠠᠨ ᠤ ᠭᠦᠢᠯᠭᠡᠭᠡ ᠵᠡᠷᠭᠡ ᠬᠦᠷᠢᠶ᠎ᠡ ᠴᠠᠷᠠᠭᠠᠨ ᠤ ᠲᠣᠭᠤᠷᠢᠨ ᠳᠤ᠂ ᠪᠦᠬᠦ ᠣᠷᠣᠨ ᠪᠦᠬᠦ ᠤᠯᠤᠰ ᠤᠨ ᠵᠠᠮ ᠬᠠᠷᠢᠯᠴᠠᠭᠠᠨ ᠤ ᠲᠣᠣᠷ᠂ ᠮᠡᠳᠡᠭᠡ ᠵᠠᠩᠭᠢ ᠶᠢᠨ ᠲᠣᠣᠷ᠂ ᠡᠨᠧᠷᠭᠢ ᠶᠢᠨ ᠲᠣᠣᠷ ᠲᠤ ᠤᠷᠤᠬᠤ ᠨᠢᠭᠡ ᠪᠦᠯᠦᠭ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ ᠢ ᠬᠡᠷᠡᠭᠵᠢᠭᠦᠯᠵᠦ᠂ ᠢᠷᠭᠠᠢ ᠪᠠᠶᠠᠨᠬᠤᠳᠠ ᠶᠢᠨ ᠲᠦᠷᠭᠡᠨ ᠤ ᠲᠡᠮᠦᠷ ᠵᠠᠮ᠂ ᠯᠢᠨ ᠾᠧ ᠬᠠᠮᠢ ᠲᠡᠮᠦᠷ ᠵᠠᠮ ᠤᠨ ᠠᠯᠠᠱᠠ ᠠᠶᠢᠮᠠᠭ ᠤᠨ ᠬᠡᠰᠡᠭ ᠤᠨ ᠴᠢᠳᠠᠪᠬᠢ ᠶᠢ ᠥᠷᠭᠡᠳᠬᠡᠨ ᠥᠭᠡᠷᠡᠴᠢᠯᠡᠬᠦ᠂ ᠪᠠᠶᠠᠨᠬᠤᠳᠤᠭ ᠠᠴᠠ ᠪᠠᠶᠠᠨᠬᠤᠲᠠ ᠬᠦᠷᠬᠦ ᠲᠦᠷᠭᠡᠨ ᠤ ᠵᠠᠰᠠᠮᠠᠯ ᠵᠠᠮ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠨᠡᠩ ᠤᠯᠠᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠪᠦᠯᠬᠦᠮᠳᠡᠯ ᠤᠨ ᠱᠤᠭᠤᠮ᠂ ᠵᠣᠯ ᠵᠢᠷᠭᠠᠯ ᠤᠨ ᠵᠠᠮ ᠢ ᠴᠣᠭᠴᠠᠯᠠᠨ᠎ᠡ︔ ᠪᠥᠬᠦ ᠠᠷᠠᠳ ᠤᠨ ᠴᠢᠨᠠᠷ ᠰᠠᠶᠢᠲᠠᠶ ᠠᠮᠢᠳᠤᠷᠠᠯ ᠢ ᠬᠦᠴᠦᠯᠡᠨ ᠴᠣᠭᠴᠠᠯᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠪᠠᠷ ᠵᠣᠷᠢᠯᠲᠠ ᠪᠠ ᠲᠤᠰᠤᠯᠲᠠ ᠪᠠᠨ ᠪᠣᠯᠭᠠᠵᠤ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠤ ᠬᠥᠭᠵᠢᠯᠲᠡ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ ᠵᠡᠷᠭᠡ ᠪᠣᠳᠠᠲᠠᠶ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠶᠢᠮᠠᠭ ᠤᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠤᠲᠠ ᠬᠥᠳᠡᠭᠡ ᠶᠢᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢᠳᠤᠷᠠᠯ ᠢ ᠨᠠᠩ ᠴᠢᠨᠠᠷ ᠴᠢᠨᠰᠠᠭ᠎ᠠ ᠲᠠᠢ᠂ ᠨᠠᠩ ᠲᠠᠭᠠᠯᠠᠮᠵᠢᠲᠠᠶ ᠪᠣᠯᠭᠠᠬᠤ ᠪᠠᠷ ᠴᠢᠷᠮᠠᠶᠢᠨ᠎ᠠ ᠭᠡᠪᠡ᠃    ᠭᠤᠤ ᠵᠠᠨ ᠱᠧᠩ᠂ ︽ᠪᠢᠳᠡ ᠨᠠᠮ ᠤᠨ ᠲᠥᠪ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠠᠬᠢᠭᠤᠯᠬᠤ ᠬᠡᠷᠡᠭᠲᠡᠶ᠃ ᠬᠢᠯᠢ ᠬᠢᠵᠠᠭᠠᠷ ᠢ ᠪᠠᠬᠢᠵᠢᠭᠦᠯᠵᠦ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠬᠢᠯᠢ ᠬᠢᠵᠠᠭᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠢᠯᠢ ᠬᠢᠵᠠᠭᠠᠷ ᠣᠷᠣᠨ ᠳᠤ ᠣᠷᠣᠵᠤ ᠢᠷᠡᠬᠦ ᠶᠢ ᠢᠳᠡᠪᠬᠢᠲᠡᠶ ᠠᠬᠢᠭᠤᠯᠵᠤ᠂ ᠬᠢᠯᠢ ᠬᠢᠵᠠᠭᠠᠷ ᠭᠠᠵᠠᠷ ᠣᠷᠣᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠷᠳᠣ ᠬᠤᠩᠭᠢᠯ ᠢ ᠪᠥᠲᠥᠭᠡᠨ ᠪᠠᠶᠢᠭᠤᠯᠵᠤ᠂ ᠬᠠᠮᠤᠭ ᠤᠨ ᠭᠤᠶᠣ ᠬᠢᠯᠢ ᠶᠢᠨ ᠬᠠᠮᠠᠭᠠᠯᠠᠯᠲᠠ ᠶᠢᠨ ᠱᠤᠭᠤᠮ ᠢ ᠴᠣᠭᠴᠠᠯᠠᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨ ᠬᠦ ᠪᠠᠬᠢᠵᠢᠭᠦᠯᠬᠦ ᠬᠡᠷᠡᠭᠲᠡᠶ᠃ ᠡᠭᠦᠨ ᠤ ᠬᠠᠮᠲᠤ᠂ ᠡᠯ᠎ᠡ ᠭᠠᠵᠠᠷ ᠤᠨ ᠬᠢᠨ ᠢ ᠵᠢᠭᠠᠨ ᠵᠢᠯᠣᠭᠤᠳᠴᠤ ᠪᠠᠶᠢᠭᠠᠳ ᠪᠣᠳᠠᠰ ᠤᠨ ᠪᠠ ᠤᠶᠤᠨ ᠰᠠᠨᠠᠭᠠᠨ ᠤ ᠬᠠᠷᠢᠴᠠᠭ᠎ᠠ ᠶᠢ ᠵᠥᠪ ᠰᠢᠢᠳᠪᠦᠷᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠠᠢ ᠤᠶᠠᠯᠳᠤᠭᠤᠯᠤᠨ ᠬᠥᠭᠵᠢᠯᠲᠡ ᠶᠢ ᠠᠳᠬᠤᠵᠤ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠬᠦ ᠶᠢᠨ ᠠᠴᠢ ᠬᠤᠯᠪᠣᠭᠳᠠᠯ᠂ ᠨᠢᠭᠡᠳᠦᠯ ᠢ ᠬᠠᠮᠠᠭᠠᠯᠠᠵᠤ ᠬᠠᠭᠠᠴᠠᠭᠤᠯᠬᠤ ᠶᠢ ᠡᠰᠡᠷᠭᠦᠴᠡᠬᠦ ᠶᠢᠨ ᠠᠴᠢ ᠬᠤᠯᠪᠣᠭᠳᠠᠯ᠂ ᠠᠷᠠᠳ ᠤᠨ ᠠᠮᠢᠳᠤᠷᠠᠯ ᠰᠠᠶᠢᠵᠢᠷᠠᠭᠤᠯᠵᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠶᠢᠨ ᠠᠴᠢ ᠬᠤᠯᠪᠣᠭᠳᠠᠯ ᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠡᠪᠳᠡᠷᠡᠰᠢ ᠦᠭᠡᠢ ᠪᠠᠲᠤ ᠪᠠᠬᠢ ᠪᠤᠯᠭᠠᠬᠤ ᠬᠡᠷᠡᠭᠳᠡᠢ︾ ᠭᠡᠵᠦ ᠬᠡᠯᠡᠪᠡ᠃    ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠳᠤ ᠬᠠᠤᠯᠢ ᠪᠠᠷ ᠵᠠᠰᠠᠬᠤ ᠬᠠᠮᠠᠭᠠᠯᠠᠯᠲᠠ ᠠᠴᠠ ᠰᠠᠯᠵᠤ ᠴᠢᠳᠠᠬᠤ ᠦᠭᠡᠢ᠃ ᠴᠢ᠊ · ᠲᠠᠯᠠᠨᠳᠠᠢ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠤᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠪᠦᠷᠢᠨ ᠪᠦᠲᠦᠨ ᠵᠥᠪ ᠣᠨᠣᠪᠴᠢᠲᠠᠢ ᠲᠤᠭᠤᠰᠢᠯᠠᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠳᠤ ᠣᠷᠣᠭᠤᠯᠵᠤ᠂ ᠦᠨᠳᠦᠰᠦᠲᠡᠨ ᠤ ᠬᠦᠷᠢᠶ᠎ᠡ ᠴᠠᠷᠠᠭᠠᠨ ᠳᠠᠬᠢ ᠬᠦᠨᠳᠦ ᠶᠡᠭᠡ ᠠᠶᠤᠯ ᠲᠦᠭᠰᠢᠭᠦᠷᠢ ᠭᠡᠮ ᠰᠣᠭᠤᠭ ᠢ ᠡᠷᠡᠰ ᠰᠡᠷᠭᠡᠶᠢᠯᠡᠨ ᠠᠷᠢᠯᠭᠠᠵᠤ᠂ ᠦᠨᠳᠦᠰᠦᠲᠡᠨ ᠤ ᠪᠦᠯᠬᠦᠮᠳᠡᠯ ᠲᠣᠭᠲᠠᠭᠤᠨ ᠤ ᠶᠡᠭᠡ ᠲᠠᠯ᠎ᠠ ᠶᠢ ᠡᠷᠡᠰ ᠰᠠᠶᠢᠲᠤᠷ ᠬᠠᠮᠠᠭᠠᠯᠠᠨ᠎ᠠ ᠬᠡᠪᠡ᠃    ︽ᠨᠠᠮ ᠤᠨ ᠦᠨᠳᠦᠰᠦᠲᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠪᠣᠯ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠦᠨᠳᠦᠰᠦᠨ ᠤᠯᠤᠰ ᠲᠦᠷᠦ ᠶᠢᠨ ᠪᠠᠲᠤᠯᠠᠭ᠎ᠠ ᠮᠥᠨ︾᠃ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠦᠨᠳᠦᠰᠦᠲᠡᠨ ᠤ ᠣᠨᠣᠯ ᠪᠠ ᠲᠥᠷᠥ ᠶᠢᠨ ᠪᠣᠳᠣᠯᠭ᠎ᠠ ᠶᠢᠨ ᠵᠢᠭᠠᠨ ᠰᠤᠳᠤᠯᠬᠤ ᠬᠡᠯᠲᠡᠰ ᠤᠨ ᠳᠡᠳ᠋ ᠫᠷᠤᠹᠧᠰᠰᠤᠷ ᠨᠢ ᠫᠢᠩ᠂ ᠨᠠᠮ ᠤᠨ ᠤᠳᠤᠷᠢᠳᠤᠯᠭ᠎ᠠ ᠳᠤᠤᠷ᠎ᠠ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠳᠤᠮᠰᠢᠯ ᠪᠠ ᠶᠡᠭᠡ ᠶᠣᠰᠣ ᠶᠢ ᠲᠠᠨᠢᠵᠤ᠂ ᠶᠡᠭᠡ ᠲᠠᠯ᠎ᠠ ᠶᠢ ᠬᠠᠷᠠᠭᠠᠯᠵᠠᠵᠤ᠂ ᠬᠡᠪ ᠰᠤᠷᠲᠠᠯ ᠢ ᠡᠷᠬᠢᠮᠯᠡᠵᠦ᠂ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠤ᠂ ᠬᠠᠷᠢᠭᠤᠴᠠᠯᠭ᠎ᠠ ᠡᠭᠦᠷᠭᠡᠯᠡᠬᠦ ᠡᠷᠬᠢᠮ ᠨᠠᠨᠳᠢᠨ ᠰᠤᠷᠲᠠᠯ ᠴᠢᠨᠠᠷ ᠢ ᠦᠷᠭᠦᠯᠵᠢᠯᠡᠨ ᠪᠠᠳᠠᠷᠠᠭᠤᠯᠵᠤ᠂ ︽ᠵᠢᠱᠢᠶᠡᠴᠢ︾ ᠭᠡᠳᠡᠭ ᠢᠶᠠᠨ ᠡᠯ᠎ᠡ ᠬᠦᠷᠢᠶ᠎ᠡ ᠴᠠᠷᠠᠭ᠎ᠠ ᠡᠯ᠎ᠡ ᠲᠠᠯ᠎ᠠ ᠳᠤ ᠢᠯᠡᠷᠡᠭᠦᠯᠵᠦ᠂ ᠪᠦᠯᠬᠦᠮᠳᠡᠨ ᠨᠢᠭᠡᠳᠴᠦ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ ᠭᠡᠪᠡ᠃    ᠡᠶ᠎ᠡ ᠡᠪ ᠢᠶᠠᠷ ᠶᠠᠪᠤᠳᠠᠯ ᠪᠦᠲᠦᠵᠦ᠂ ᠬᠦᠴᠦᠨ ᠴᠢᠳᠠᠯ ᠠᠴᠠ ᠪᠦᠯᠬᠦᠮᠳᠡᠯ ᠤᠨᠳᠤᠷᠳᠠᠭ᠃ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ 2400 ᠲᠦᠮᠡᠨ ᠬᠥᠪᠡᠭᠦᠳ ᠥᠬᠢᠳ ᠯᠠᠪᠲᠠᠢ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠳᠡᠭ ᠤᠳᠤᠮᠰᠢᠯ ᠢᠶᠠᠨ ᠦᠷᠭᠦᠯᠵᠢᠯᠡᠨ ᠪᠠᠳᠠᠷᠠᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠢᠷᠠᠭᠤ ᠠᠯᠳᠠᠷ ᠢᠶᠠᠨ ᠤᠯᠠᠮ ᠢᠶᠠᠷ ᠬᠢᠯᠠᠯᠵᠠᠭᠤᠯᠵᠤ ᠶᠠᠪᠤᠬᠤ ᠨᠢ ᠯᠠᠪᠲᠠᠢ ᠶᠤᠮ︕
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号