ᠭᠤᠤ ᠵᠠᠨ ᠱᠧᠩ᠄ ᠭᠤᠣᠯ ᠰᠢᠵᠢᠮ ᠢᠶᠠᠨ ᠴᠢᠩᠭ᠎ᠠ ᠠᠳᠬᠤᠵᠤ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠶ᠎ᠡ
ᠨᠡᠶᠢᠲᠡᠯᠡᠭᠰᠡᠨ ᠴᠠᠭ᠄
2024/7/19
    ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠲᠦᠷᠬᠡᠳᠬᠡᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠲᠡᠮᠵᠢᠭᠰᠡᠨ ᠪᠠᠶᠢᠨ᠎ᠠ᠃ ᠣᠶᠢᠷ᠎ᠠ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ ᠭᠤᠤ ᠵᠠᠨ ᠱᠧᠩ ᠥᠪᠥᠷ ᠮᠣᠩᠭᠤᠯ ᠤᠨ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠬᠢᠨ ︽ᠰᠠᠨᠠᠯ︾ ᠢ ᠬᠡᠷᠬᠢᠨ ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠰᠤᠷᠪᠤᠯᠵᠢᠯᠠᠭ᠎ᠠ ᠬᠦᠯᠢᠶᠡᠪᠡ᠃ 
6383738872826492748554188.jpeg
    2019 ᠣᠨ ᠤ 7 ᠳ᠋ᠤᠭᠠᠷ ᠰᠠᠷ᠎ᠠ ᠶᠢᠨ 15 ᠤ ᠡᠳᠦᠷ ᠰᠡᠭᠦᠳᠡᠷᠯᠡᠭᠰᠡᠨ ᠤᠯᠠᠭᠠᠨᠬᠠᠳᠠ ᠬᠤᠲᠠ ᠶᠢᠨ ᠰᠦᠩ ᠱᠠᠨ ᠲᠣᠭᠤᠷᠢᠭ ᠤᠨ ᠬᠢᠩᠭᠠᠨ ᠵᠡᠭᠡᠯᠢ ᠭᠤᠳᠤᠮᠵᠢ ᠶᠢᠨ ᠯᠢᠨ ᠬᠤᠸᠠᠩ ᠵᠢᠶᠠ ᠶᠤᠸᠠᠨ ᠨᠡᠶᠢᠭᠡᠮ ᠲᠣᠭᠤᠷᠢᠭ ᠤᠨ ᠦᠨᠳᠦᠰᠦᠲᠡᠨ ᠤ ᠠᠭᠤᠰᠤᠯᠴᠠᠭ᠎ᠠ ᠶᠢᠨ ᠪᠢᠴᠢᠬᠠᠨ ᠬᠢᠴᠢᠶᠡᠯ ᠤᠨ ᠰᠢᠷᠡᠭᠡ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢᠦ ᠯᠸᠢ ᠰᠡᠭᠦᠳᠡᠷᠯᠡᠪᠡ    ᠰᠤᠷᠪᠤᠯᠵᠢᠯᠠᠭᠴᠢ᠄ ᠲᠠ ︽ᠰᠠᠨᠠᠯ︾ ᠢ ᠨᠡᠶᠢᠲᠡᠯᠡᠭᠰᠡᠨ ᠴᠢᠬᠤᠯᠠ ᠠᠴᠢ ᠬᠤᠯᠪᠣᠭᠳᠠᠯ ᠤᠨ ᠲᠤᠬᠠᠶ ᠶᠠᠷᠢᠨ᠎ᠡ ᠦᠦ     ᠭᠤᠤ ᠵᠠᠨ ᠱᠧᠩ᠄ ᠥᠪᠥᠷ ᠮᠣᠩᠭᠤᠯ ᠪᠣᠯ ᠮᠠᠨ ᠤ ᠨᠠᠮ ᠤᠨ ᠤᠳᠤᠷᠢᠳᠤᠨ ᠪᠠᠶᠢᠭᠤᠯᠤᠭᠰᠠᠨ ᠠᠩᠬᠠᠳᠠᠭᠴᠢ ᠮᠤᠵᠢ ᠶᠢᠨ ᠲᠡᠰ ᠤᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠪᠣᠯᠤᠨ᠎ᠠ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠳᠤᠮᠰᠢᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ 4 ᠤᠳᠠᠭ᠎ᠠ ᠥᠪᠥᠷ ᠮᠣᠩᠭᠤᠯ ᠳᠤ ᠢᠷᠡᠨ ᠲᠤᠭᠤᠷᠢᠨ ᠪᠠᠶᠢᠴᠠᠭᠠᠵᠤ᠂ 5 ᠵᠢᠯ ᠳᠠᠷᠠᠭᠠᠯᠠᠨ ᠪᠦᠬᠦ ᠤᠯᠤᠰ ᠤᠨ ᠬᠤᠶᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠵᠤ᠂ ᠤᠳᠠᠭ᠎ᠠ ᠪᠦᠷᠢ ᠶᠢᠨ ᠴᠢᠬᠤᠯᠠ ᠶᠠᠷᠢᠶᠠᠨ ᠳᠤ ᠪᠠᠨ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠪᠢᠳᠠ ᠨᠠᠷ ᠲᠤ ᠴᠢᠩ ᠰᠡᠳᠬᠢᠯ ᠠᠴᠠ ᠪᠠᠨ ᠵᠠᠬᠢᠨ ᠵᠢᠭᠠᠪᠤᠷᠢᠯᠠᠭᠰᠠᠨ ᠶᠤᠮ᠃ ᠡᠨᠡ ᠵᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠭᠤᠷᠢᠨ ᠪᠠᠶᠢᠴᠠᠭᠠᠬᠤ ᠳᠤ ᠪᠠᠨ ᠶᠡᠷᠦᠩᠬᠡᠶ ᠱᠦᠵᠢ ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠨᠢ ᠦᠨᠳᠦᠰᠦᠲᠡᠨ ᠤ ᠠᠵᠢᠯ ᠤᠨ ᠭᠤᠤᠯ ᠰᠢᠵᠢᠮ ᠶᠤᠮ᠂ ᠮᠥᠨ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠤᠯ ᠰᠢᠵᠢᠮ ᠶᠤᠮ᠃ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠦᠲᠦᠭᠡᠨ ᠪᠠᠶᠢᠭᠤᠯᠤᠯᠲᠠ᠂ ᠰᠣᠶᠣᠯ ᠤᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠪᠠ ᠨᠠᠮ ᠤᠨ ᠪᠦᠲᠦᠭᠡᠨ ᠪᠠᠶᠢᠭᠤᠯᠤᠯᠲᠠ ᠵᠡᠷᠭᠡ ᠨᠢ ᠴᠥᠮ ᠡᠨᠡ ᠬᠦ ᠭᠤᠣᠯ ᠰᠢᠵᠢᠮ ᠤᠨ ᠢᠶᠠᠨ ᠲᠤᠭᠤᠷᠢᠨ ᠳᠤ ᠪᠠᠶᠢᠬᠤ ᠭᠡᠷᠡᠭᠳᠡᠢ ᠪᠦᠭᠡᠳ ᠲᠡᠬᠦᠨ ᠠᠴᠠ ᠥᠴᠦᠬᠡᠨ ᠴᠦ ᠬᠡᠯᠪᠠᠶᠢᠬᠦ ᠦᠭᠡᠢ ᠪᠠᠶᠢᠬᠤ ᠬᠡᠷᠡᠭᠲᠡᠢ᠃ ᠬᠠᠤᠯᠢ ᠴᠠᠭᠠᠵᠠ ᠬᠠᠤᠯᠢ ᠲᠣᠭᠲᠠᠭᠠᠯ ᠨᠡᠶᠢᠲᠡᠯᠡᠭᠰᠡᠨ ᠴᠦ ᠲᠡᠷᠡ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠨᠡᠶᠢᠲᠡᠯᠡᠭᠰᠡᠨ ᠴᠦ ᠲᠡᠷᠡ᠂ ᠴᠥᠮ ᠳᠤᠮᠳᠠᠳᠤ ᠶᠢᠨ ᠦᠨᠳᠦᠰᠦᠲᠡᠨ ᠤ ᠨᠡᠶᠢᠲᠡᠯᠢᠭ ᠴᠢᠨᠠᠷ ᠢ ᠴᠢᠩᠭᠠᠳᠬᠠᠬᠤ ᠶᠢ ᠪᠣᠳᠣᠯᠬᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠳᠬᠠᠬᠤ ᠬᠡᠷᠡᠭᠲᠡᠢ ᠬᠡᠵᠤ ᠬᠡᠯᠡᠭᠰᠡᠨ᠃ ᠡᠳᠡᠭᠡᠷ ᠨᠢ ᠪᠢᠳᠡᠨ ᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠴᠢᠭᠯᠡᠯ ᠢ ᠵᠢᠭᠠᠵᠤ ᠥᠭᠭᠦᠭᠰᠡᠨ ᠶᠠᠪᠤᠳᠠᠯ ᠪᠣᠯᠤᠨ᠎ᠠ᠃    ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠰᠠᠨᠠᠯ︾ ᠢ ᠳᠠᠷᠤᠮᠠᠯᠯᠠᠨ ᠲᠠᠷᠬᠠᠭᠠᠵᠤ᠂ 7 ᠲᠠᠯ᠎ᠠ ᠠᠴᠠ ᠥᠪᠥᠷ ᠮᠣᠩᠭᠤᠯ ᠤᠨ ᠬᠥᠭᠵᠢᠯᠲᠡ ᠶᠢ ᠳᠡᠮᠵᠢᠬᠦ ᠵᠢᠯᠣᠭᠤᠳᠬᠤ ᠰᠠᠨᠠᠯ ᠢ ᠪᠠᠶᠢᠷᠢᠯᠠᠭᠤᠯᠪᠠ᠃ ᠡᠨᠡ ᠬᠦ ︽ᠰᠠᠨᠠᠯ︾ ᠳᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠥᠪᠥᠷ ᠮᠣᠩᠭᠤᠯ ᠤᠨ ᠠᠵᠢᠯ ᠢ ᠬᠡᠷᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠳᠠᠭ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠡᠷᠬᠢᠨ ᠬᠠᠶᠢᠷᠠᠯᠠᠵᠤ ᠬᠠᠯᠠᠮᠵᠢᠯᠠᠵᠤ ᠪᠠᠶᠢᠳᠠᠭ ᠪᠠ ᠥᠪᠥᠷ ᠮᠣᠩᠭᠤᠯ ᠤᠨ ᠬᠥᠭᠵᠢᠯᠲᠡ ᠳᠤ ᠬᠡᠳᠦᠢ ᠶᠡᠭᠡ ᠬᠦᠰᠡᠯ ᠨᠠᠶᠢᠳᠠᠯᠭ᠎ᠠ ᠲᠠᠯᠪᠢᠵᠤ ᠪᠠᠶᠢᠳᠠᠭ ᠵᠡᠷᠭᠡ ᠤᠳᠬ᠎ᠠ ᠰᠠᠨᠠᠭ᠎ᠠ ᠬᠦᠨ ᠠᠭᠤᠯᠤᠭᠳᠠᠵᠤ ᠪᠤᠢ᠂ ᠮᠦᠨ ᠴᠦ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠵᠡᠷᠭᠡ ᠬᠤᠶᠠᠷ ᠶᠡᠭᠡ ᠶᠠᠪᠤᠳᠠᠯ ᠢ ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠵᠠᠭᠠᠭ ᠲᠡᠮᠳᠡᠭ ᠤᠨ ᠠᠴᠢ ᠬᠤᠯᠪᠣᠭᠳᠠᠯ ᠲᠠᠢ ᠶᠤᠮ᠂ ᠪᠥᠬᠦ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠤᠨ ᠥᠷᠭᠡᠨ ᠣᠯᠠᠨ ᠺᠠᠳ᠋ᠷ ᠠᠵᠢᠯᠲᠠᠨ ᠲᠦᠢᠯ ᠢᠶᠠᠷ ᠤᠷᠮᠠᠰᠢᠨ ᠵᠣᠷᠢᠭᠵᠢᠵᠤ ᠪᠠᠶᠢᠨ᠎ᠠ᠃    ᠰᠤᠷᠪᠤᠯᠵᠢᠯᠠᠭᠴᠢ᠄ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠲᠡᠭᠡᠷᠡᠬᠢ ︽ᠰᠠᠨᠠᠯ︾ ᠢ ᠬᠡᠷᠬᠢᠨ ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠶ︖    ᠭᠤᠤ ᠵᠠᠨ ᠱᠧᠩ᠄ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠤ ᠪᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂ ᠲᠡᠭᠡᠷᠡᠭᠢ ︽ᠰᠠᠨᠠᠯ︾ ᠢ ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ ᠬᠦᠴᠦᠯᠡᠨ ᠴᠢᠷᠮᠠᠶᠢᠵᠤ ᠡᠷᠡᠮᠡᠬᠡᠶᠢᠯᠡᠨ ᠤᠷᠤᠭᠰᠢᠯᠠᠭᠰᠠᠨ ᠠᠮᠢᠳᠤᠯᠢᠭ ᠦᠢᠯᠡᠳᠦᠯᠭᠡ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠡ ᠳᠤ ᠬᠦᠨᠳᠦᠳᠭᠡᠨ ᠲᠠᠯᠠᠷᠬᠠᠬᠤ ᠪᠣᠯᠣᠨ᠎ᠠ᠃    ᠨᠢᠭᠡ ᠳᠤ᠂ ᠰᠢᠨᠵᠢᠯᠡᠬᠦ ᠤᠬᠠᠭᠠᠨᠴᠢ ᠪᠦᠭᠡᠳ ᠪᠦᠷᠢᠨ ᠲᠡᠭᠦᠯᠳᠡᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠨᠤᠯ ᠤᠨ ᠰᠢᠰᠲ᠋ᠧᠮ ᠢ ᠪᠦᠷᠢᠳᠦᠬᠦᠯᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠢᠱᠢᠶᠡᠴᠢ ᠣᠷᠣᠨ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ᠭᠤᠷᠪᠠᠨ ᠱᠠᠲᠤᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠨᠤᠯ ᠤᠨ ᠰᠤᠳᠤᠯᠭᠠᠨ ᠤ ᠰᠢᠰᠲ᠋ᠧᠮ ᠢ ᠪᠠᠶᠢᠭᠤᠯᠵᠤ᠂ ᠦᠨᠳᠦᠰᠦᠲᠡᠨ ᠤ ᠠᠵᠢᠯ ᠤᠨ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠨᠠᠮ ᠤᠨ ᠦᠨᠳᠦᠰᠦᠲᠡᠨ ᠤ ᠠᠵᠢᠯ ᠤᠨ ᠰᠢᠨ᠎ᠡ ᠶᠢ ᠡᠭᠦᠳᠬᠦ ᠤᠨᠤᠯ ᠤᠨ ᠰᠤᠳᠤᠯᠭᠠᠨ ᠢ ᠭᠦᠨᠵᠡᠭᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠴᠢᠬᠤᠯᠠ ᠴᠢᠬᠤᠯᠠ ᠦᠨᠳᠦᠰᠦᠨ ᠠᠰᠠᠭᠤᠳᠠᠯ ᠤᠳ ᠤᠨ ᠰᠤᠳᠤᠯᠭᠠᠨ ᠢ ᠭᠦᠨᠵᠡᠭᠡᠶᠢᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠪᠠ ᠦᠢᠯᠡᠳᠦᠯᠭᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠤᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃    ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ᠃ ᠬᠤᠶᠠᠳᠤᠭᠠᠷ ᠱᠠᠳᠤᠨ ᠤ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠨᠳᠦᠰᠦᠨ ᠱᠠᠲᠤᠨ ᠳᠤ ᠶᠠᠪᠤᠭᠳᠠᠭᠤᠯᠵᠤ᠂ ᠭᠤᠣᠯ ᠰᠡᠳᠦᠪᠲᠦ ᠤᠬᠠᠭᠤᠯᠭ᠎ᠠ ᠪᠠ ᠲᠠᠶᠢᠯᠪᠤᠷᠢᠯᠠᠯᠲᠠ ᠶᠢ ᠥᠷᠨᠢᠭᠦᠯᠵᠦ᠂ ᠬᠠᠮᠲᠤ ᠶᠢᠨ ᠬᠦᠰᠡᠯ ᠵᠤᠷᠢᠯᠳᠠ ᠢᠲᠡᠭᠡᠯ ᠪᠢᠰᠢᠷᠡᠯ ᠢᠶᠠᠷ ᠨᠡᠶᠢᠳᠠ ᠠᠷᠠᠳ ᠤᠨ ᠰᠡᠳᠬᠢᠯ ᠰᠠᠨᠠᠭ᠎ᠠ ᠤᠬᠠᠭᠠᠨ ᠪᠤᠳᠤᠯ ᠢ ᠨᠢᠭᠲᠠᠷᠠᠭᠤᠯᠵᠤ᠂ ᠡᠯ᠎ᠡ ᠦᠨᠳᠦᠰᠦᠲᠡᠨ ᠤ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠡᠩ ᠢᠯᠡᠬᠦᠦ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠳᠠᠭ ᠪᠣᠯᠭᠠᠨ᠎ᠠ᠃ ᠦᠨᠳᠦᠰᠦᠲᠡᠨ ᠤ ᠠᠵᠢᠯ ᠤᠨ ᠤᠬᠠᠭᠤᠯᠭ᠎ᠠ ᠶᠢᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠠᠭᠤᠯᠭ᠎ᠠ ᠶᠢ ᠨᠢ ᠪᠠᠶᠠᠯᠢᠭᠵᠢᠭᠤᠯᠵᠤ᠂ ᠠᠷᠭ᠎ᠠ ᠵᠠᠮ ᠢ ᠨᠢ ᠥᠷᠭᠡᠳᠬᠡᠵᠦ᠂ ︽ᠬᠤᠶᠠᠷ ᠰᠠᠷ᠎ᠠ ᠨᠢᠭᠡ ᠭᠠᠷᠠᠭ︾᠂ ︽ᠠᠨᠠᠷ ᠤᠨ ᠬᠡᠯᠬᠢᠶ᠎ᠡ︾ ᠵᠡᠷᠭᠡ ᠦᠨᠳᠦᠰᠦᠲᠡᠨ ᠤ ᠠᠵᠢᠯ ᠤᠨ ᠤᠬᠠᠭᠤᠯᠭ᠎ᠠ ᠶᠢᠨ ᠨᠡᠷᠡᠳᠦ ᠲᠡᠮᠳᠡᠭ ᠢ ᠡᠭᠦᠳᠴᠦ᠂ ᠰᠣᠨᠢᠨ᠂ ᠰᠡᠳᠬᠦᠯ᠂ ᠰᠦᠯᠵᠢᠶ᠎ᠡ᠂ ᠭᠠᠷ ᠤᠳᠠᠰᠤ᠂ ᠸᠢᠴᠠᠲ ᠢ ᠨᠢᠭᠡ ᠴᠤᠬᠴᠠᠵᠢᠭᠤᠯᠤᠬᠰᠠᠨ ᠤᠬᠠᠭᠤᠯᠭ᠎ᠠ ᠬᠥᠮᠦᠵᠢᠯ ᠤᠨ ᠡᠩᠨᠡᠭᠡ ᠶᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠯᠢᠬᠡᠷ ᠢ ᠪᠣᠳᠠᠲᠠᠢ ᠲᠦᠷᠦᠭᠳᠡᠯ ᠲᠠᠢ ᠪᠦᠲᠦᠮᠵᠢᠲᠡᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ ︽ᠪᠦᠬᠦᠳᠠ ᠳᠤ ᠬᠦᠷᠳᠡᠭᠡᠨ᠎ᠡ︾᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ᠂ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠡᠵᠡᠮᠰᠢᠨ ᠬᠡᠷᠡᠭᠯᠡᠬᠦ ᠶᠢ ᠦᠨᠡᠨ ᠬᠦ ᠪᠠᠲᠤᠯᠠᠵᠤ᠂ ᠦᠭᠡ ᠬᠡᠯᠡ ᠪᠠᠷ ᠨᠡᠪᠲᠡᠷᠡᠯᠴᠡᠬᠦ ᠪᠠᠷ ᠲᠠᠮᠵᠢᠨ ᠤᠶᠤᠨ ᠰᠠᠨᠠᠭ᠎ᠠ ᠪᠠᠷ  ᠢᠶᠠᠨ ᠨᠡᠪᠳᠡᠷᠡᠯᠴᠡᠵᠤ᠂ ᠬᠤᠪᠢ ᠵᠠᠶᠠᠭ᠎ᠠ ᠪᠠᠨ ᠬᠤᠯᠪᠤᠯᠴᠠᠬᠤ ᠶᠢ ᠠᠬᠢᠭᠤᠯᠤᠨ᠎ᠠ᠃    ᠭᠤᠷᠪᠠ ᠳᠤ᠂ ᠰᠢᠨ᠎ᠠ ᠶᠢ ᠡᠬᠦᠳᠦᠭᠰᠡᠨ ᠲᠤᠭᠳᠠᠯᠴᠠᠭᠠᠨ ᠤ ᠠᠴᠢᠶᠠᠯᠠᠪᠤᠷᠢ ᠶᠢ ᠪᠦᠷᠢᠨᠰᠢᠬᠦᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠭ᠎ᠠ ᠶᠢ ᠠᠬᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠠᠵᠢᠯ ᠲᠥᠷᠥᠯ ᠤᠨ ᠵᠢᠱᠢᠶ᠎ᠡ ᠦᠵᠡᠬᠦᠯᠦᠯᠳᠠ ᠪᠠ ᠨᠡᠶᠢᠲᠡᠯᠢᠭ ᠵᠢᠱᠢᠶ᠎ᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ ᠠᠳᠠᠯᠢ ᠪᠤᠰᠤ ᠰᠠᠯᠠᠭ᠎ᠠ ᠮᠥᠴᠢᠷ᠂ ᠠᠳᠠᠯᠢ ᠪᠤᠰᠤ ᠠᠵᠢᠯ ᠲᠥᠷᠥᠯ ᠤᠨ ᠬᠢᠨ ᠤ ᠬᠠᠮᠳᠤᠷᠠᠨ ᠪᠠᠶᠢᠭᠤᠯᠵᠤ ᠬᠠᠮᠳᠤᠷᠠᠨ ᠡᠭᠦᠳᠬᠦ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠡᠯ᠎ᠡ ᠴᠠᠷᠠᠭ᠎ᠠ ᠬᠦᠷᠢᠶᠡᠨ ᠳᠤ ᠭᠦᠨᠵᠡᠭᠡᠶ ᠥᠷᠨᠢᠭᠦᠯᠤᠨ᠎ᠠ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ︽ᠭᠤᠷᠪᠠᠨ ᠵᠦᠢᠯ ᠤᠨ ᠲᠥᠯᠥᠪᠯᠡᠭᠡ ︾ ᠶᠢ ᠦᠷᠭᠦᠯᠵᠢᠯᠡᠨ ᠥᠷᠨᠢᠭᠦᠯᠵᠦ᠂ ᠲᠡᠬᠦᠨ ᠢ ᠬᠡᠷᠡᠭᠵᠢᠭᠦᠯᠬᠦ ᠪᠦᠳᠦᠴᠠ ᠲᠤᠭᠳᠠᠯᠴᠠᠭ᠎ᠠ ᠶᠢ ᠲᠡᠭᠦᠯᠳᠡᠷᠵᠢᠭᠦᠯᠤᠨ ᠠᠬ᠎ᠠ ᠳᠡᠭᠦᠦ ᠮᠤᠵᠢ ᠬᠤᠲᠠ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠨᠢᠭᠡ ᠪᠦᠯᠦᠭ ᠴᠢᠨᠠᠷ ᠰᠠᠶᠢᠲᠠᠶ ᠲᠤᠰᠬᠠᠶ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠦ᠂ ᠪᠥᠬᠦ ᠣᠷᠣᠨ ᠳᠤ ᠵᠢᠱᠢᠶ᠎ᠡ ᠦᠵᠡᠬᠦᠯᠬᠦ᠋ᠢᠴᠠ ᠨᠢᠭᠡ ᠪᠦᠯᠦᠭ ᠲᠥᠷᠥᠯ ᠵᠦᠢᠯ ᠢ ᠲᠣᠳᠤᠷᠠᠭᠤᠯᠵᠤ᠂ ︽ᠭᠤᠷᠪᠠᠨ ᠵᠦᠢᠯ ᠤᠨ ᠲᠥᠯᠥᠪᠯᠡᠭᠡ︾ ᠶᠢᠨ ᠨᠡᠶᠢᠭᠡᠮ ᠤᠨ ᠦᠷ᠎ᠡ ᠠᠰᠢᠭ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠡᠯ᠎ᠡ ᠦᠨᠳᠦᠰᠦᠲᠡᠨ ᠤ ᠬᠥᠮᠦᠨ ᠠᠮᠠ ᠶᠢᠨ ᠨᠡᠬᠦᠳᠡᠯ ᠰᠢᠯᠵᠢᠯᠳᠠ ᠪᠤᠯᠤᠨ ᠬᠤᠯᠢᠯᠳᠤᠨ ᠰᠠᠭᠤᠷᠢᠰᠢᠬᠤ ᠶᠢ ᠲᠦᠯᠬᠢᠨ ᠠᠬᠢᠭᠤᠯᠵᠤ᠂ ᠬᠠᠷᠢᠯᠴᠠᠨ ᠠᠭᠤᠰᠤᠯᠴᠠᠭᠰᠠᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠪᠦᠷᠢᠯᠳᠦᠭᠦᠯᠵᠦ᠂ ᠡᠯ᠎ᠡ ᠦᠨᠳᠦᠰᠦᠲᠡᠨ ᠤ ᠤᠯᠠᠨ ᠲᠦᠮᠡᠨ ᠬᠠᠮᠲᠤ ᠪᠠᠷ ᠰᠠᠭᠤᠷᠢᠰᠢᠬᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠬᠤ ᠬᠠᠮᠲᠤ ᠪᠠᠷ ᠵᠢᠷᠭᠠᠬᠤ ᠨᠡᠶᠢᠭᠡᠮ ᠤᠨ ᠨᠥᠬᠦᠴᠡᠯ ᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠤᠨ᠎ᠠ᠃    ᠳᠥᠷᠪᠡ ᠳᠤ᠂ ᠬᠢᠯᠢ ᠬᠢᠵᠠᠭᠠᠷ ᠢ ᠪᠠᠬᠢᠵᠢᠭᠦᠯᠦᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠦᠨᠳᠦᠰᠦᠲᠡᠨ ᠨᠦᠭᠦᠳ ᠨᠡᠶᠢᠭᠡᠮ ᠵᠢᠷᠤᠮᠳᠤ ᠣᠳᠣᠬᠢᠴᠢᠯᠠᠯᠲᠠ ᠳᠠᠰᠢ ᠬᠠᠮᠲᠤ ᠪᠠᠷ ᠤᠷᠤᠭᠰᠢᠯᠠᠬᠤ ᠰᠠᠭᠤᠷᠢ ᠶᠢ ᠪᠠᠬᠢᠵᠢᠭᠦᠯᠦᠨ᠎ᠡ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠶᠢ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠬᠢᠯᠡᠯ ᠤᠨ ᠴᠡᠭ ᠪᠠ ᠲᠡᠭᠦᠰᠬᠡᠯ ᠤᠨ ᠴᠡᠭ ᠪᠣᠯᠭᠠᠵᠤ᠂ ᠬᠢᠯᠢ ᠬᠢᠵᠠᠭᠠᠷ ᠣᠷᠣᠨ ᠳᠤ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠬᠦᠨ ᠭᠦᠨᠵᠡᠭᠡᠶ ᠥᠷᠨᠢᠭᠦᠯᠵᠦ᠂ ᠭᠤᠣᠯᠳᠠᠯᠭ᠎ᠠ ᠲᠠᠢ ᠬᠤᠲᠠ ᠪᠠᠯᠭᠠᠰᠤᠨ ᠳᠤ ᠲᠤᠷᠰᠢᠯᠲᠠ ᠶᠢᠨ ᠴᠡᠭ ᠪᠠᠶᠢᠭᠤᠯᠵᠤ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠭᠰᠡᠨ ᠬᠡᠪ ᠳᠠᠭᠤᠷᠢᠶᠠᠯ ᠢ ᠪᠣᠶ ᠪᠣᠯᠭᠠᠵᠤ᠂ ᠬᠢᠯᠢ ᠬᠢᠵᠠᠭᠠᠷ ᠣᠷᠣᠨ ᠢ ᠵᠢᠱᠢᠶ᠎ᠡ ᠦᠵᠡᠭᠦᠯᠦᠨ ᠳᠠᠶᠢᠴᠢᠯᠠᠵᠤ ᠪᠠᠶᠢᠭᠠᠳ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠠᠯᠠ ᠮᠥᠩᠭᠦ ᠶᠢ ᠵᠦᠪ ᠵᠤᠬᠢᠰᠳᠠᠢ ᠬᠡᠷᠡᠭᠯᠡᠵᠦ᠂ ᠥᠭᠡᠷᠡᠴᠢᠯᠡᠯᠲᠡ ᠬᠥᠭᠵᠢᠯᠲᠡ ᠶᠢᠨ ᠪᠦᠬᠦᠢ ᠯᠠ ᠠᠵᠢᠯ ᠳᠤ ︽ᠭᠤᠷᠪᠠᠨ ᠠᠴᠢ ᠬᠤᠯᠪᠣᠭᠳᠠᠯ︾ ᠢ ᠠᠭᠤᠰᠬᠠᠨ᠎ᠠ᠃ ᠬᠢᠯᠢ ᠶᠢᠨ ︽ᠳᠥᠷᠪᠡᠨ ᠬᠠᠮᠳᠤ ᠪᠠᠷ︾ ᠬᠡᠬᠦ ᠤᠷᠳᠤ ᠬᠤᠩᠭᠢᠯ ᠤᠨ ᠪᠥᠲᠥᠭᠡᠨ ᠪᠠᠶᠢᠭᠤᠯᠤᠯᠲᠠ ᠶᠢ ᠬᠠᠮᠳᠤ ᠪᠠᠷ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠤᠭᠳᠠᠪᠤᠷᠢ ᠲᠠᠢ ᠬᠠᠯᠬᠠᠪᠴᠢ ᠶᠢ ᠴᠤᠭᠴᠠᠯᠠᠨ ᠪᠠᠶᠢᠭᠤᠯᠤᠨ᠎ᠠ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠣᠷᠤᠬᠤ︾ ᠠᠵᠢᠯᠯᠠᠭ᠎ᠠ ᠶᠢ ᠥᠷᠨᠢᠭᠦᠯᠵᠦ᠂ ᠪᠣᠳᠠᠲᠤ ᠬᠦᠴᠦᠨ ᠴᠢᠳᠠᠯ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠪᠥᠬᠦ ᠣᠷᠣᠨ ᠤ ᠬᠢᠯᠢ ᠬᠢᠵᠠᠭᠠᠷ ᠣᠷᠣᠨ ᠳᠤ ᠪᠠᠯᠠ ᠣᠷᠣᠭᠤᠯᠤᠨ ᠦᠢᠯᠡᠰ ᠪᠤᠰᠬᠠᠬᠤ ᠶᠢ ᠠᠬᠢᠭᠤᠯᠵᠤ᠂ ᠬᠢᠯᠢ ᠬᠢᠵᠠᠭᠠᠷ ᠣᠷᠣᠨ ᠤ ᠠᠵᠤ ᠦᠢᠯᠡᠰ ᠨᠢ ᠬᠦᠭᠵᠢᠵᠤ᠂ ᠬᠦᠮᠦᠨ ᠠᠷᠠᠳ ᠨᠢ ᠨᠡᠮᠡᠭᠳᠡᠬᠦ ᠳᠤ ᠬᠦᠴᠦᠨ ᠨᠡᠮᠡᠷᠢᠯᠡᠵᠦ᠂ ᠬᠢᠯᠢ ᠬᠢᠵᠠᠭᠠᠷ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠲᠤᠬᠠᠶ ᠶᠢᠨ ᠭᠠᠵᠠᠷ ᠲᠤ ᠪᠠᠨ ᠣᠶᠢᠷ᠎ᠠ ᠬᠠᠪᠢ ᠳᠤ ᠪᠠᠨ ᠠᠵᠢᠯ ᠤᠯᠬᠤ ᠪᠠ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠤᠨ᠎ᠠ᠃     ᠲᠠᠪᠤ ᠳᠤ᠂ ᠦᠨᠳᠦᠰᠦᠲᠡᠨ ᠤ ᠠᠵᠢᠯ ᠤᠨ ᠪᠦᠳᠦᠴᠠ ᠲᠤᠭᠳᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠦᠨᠳᠦᠰᠦᠲᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠤᠬᠠᠮᠰᠠᠷ ᠠᠴᠠ ᠪᠠᠨ ᠦᠨᠳᠦᠰᠦᠲᠡᠨ ᠤ ᠠᠵᠢᠯ ᠢ ᠨᠢᠭᠡᠳᠦᠮᠡᠯ ᠹᠷᠣᠨᠲ ᠤᠨ ᠠᠵᠢᠯ ᠤᠨ ᠶᠡᠭᠡ ᠴᠠᠷᠠᠭ᠎ᠠ ᠬᠦᠷᠢᠶᠡᠨ ᠳᠤ ᠬᠠᠮᠤᠷᠤᠭᠤᠯᠤᠨ ᠨᠢᠭᠡᠳᠦᠯᠲᠡᠢ ᠲᠥᠯᠥᠪᠵᠢᠭᠦᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠭᠡᠰᠢᠭᠦᠨ ᠤ ᠲᠦᠷᠢᠮ ᠤᠨ ᠠᠵᠢᠯ ᠤᠨ ᠲᠦᠷᠢᠮ ᠳᠤ ᠵᠠᠰᠠᠪᠤᠷᠢ ᠣᠷᠣᠭᠤᠯᠵᠤ᠂ ᠭᠡᠰᠢᠭᠦᠨ ᠨᠢᠭᠡᠴᠢ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠲᠠᠶᠢᠴᠢᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠢ ᠬᠢᠨᠠᠨ ᠦᠨᠡᠯᠡᠬᠦ ᠪᠠᠷᠢᠮᠵᠢᠶ᠎ᠠ ᠪᠠ ᠠᠷᠭ᠎ᠠ ᠪᠠᠷᠢᠯ ᠢ ᠲᠡᠭᠦᠯᠳᠡᠷᠵᠢᠭᠦᠯᠵᠦ᠂ ᠦᠨᠳᠦᠰᠦᠲᠡᠨ ᠤ ᠠᠵᠢᠯ ᠤᠨ ᠭᠤᠷᠪᠠᠨ ᠱᠠᠲᠤᠨ ᠤ ᠰᠢᠯᠭᠠᠨ ᠦᠨᠡᠯᠡᠬᠦ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠦᠨᠳᠦᠰᠦᠲᠡᠨ ᠤ ᠴᠠᠷᠠᠭ᠎ᠠ ᠬᠦᠷᠢᠶᠡᠨ ᠳᠠᠬᠢ ᠬᠦᠨᠳᠦ ᠨᠣᠴᠢᠲᠠᠢ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠦᠨᠳᠦᠰᠦᠳᠡᠨ ᠦ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号