ᠳᠤᠮᠳᠠᠳᠤ ᠤᠯᠤᠰ ᠠᠴᠠ ᠵᠢᠷᠤᠭ ᠤᠨ ᠬᠦᠷᠢᠶᠡᠯᠡᠩ ᠤᠨ ᠵᠢᠷᠤᠭ ᠤᠨ ᠣᠷᠳᠣᠨ ᠳᠤ ᠪᠤᠢ ᠮᠤᠨᠢ ᠠᠭᠤᠯᠠ ᠶᠢᠨ ᠬᠠᠳᠠᠨ ᠵᠢᠷᠤᠭ
ᠨᠡᠶᠢᠲᠡᠯᠡᠭᠰᠡᠨ ᠴᠠᠭ᠄
2024/7/19
13b7f064aa6e48078874b25621c7f9b0.jpg
    7 ᠰᠠᠷ᠎ᠠ ᠶᠢᠨ 16 ᠤ ᠡᠳᠦᠷ᠂ ︽ᠮᠢᠩᠭᠠᠨ ᠭᠠᠵᠠᠷ ᠤᠨ ᠮᠤᠨᠢ ᠠᠭᠤᠯᠠ᠂ ᠮᠢᠩᠭᠠᠨ ᠭᠠᠯᠪᠠ ᠶᠢᠨ ᠬᠠᠳᠠᠨ ᠵᠢᠷᠤᠭ︾ ᠪᠠᠶᠠᠨᠨᠠᠭᠤᠷ ᠤᠨ ᠮᠤᠨᠢ ᠠᠭᠤᠯᠠ ᠶᠢᠨ ᠬᠠᠳᠠᠨ ᠵᠢᠷᠤᠭ ᠤᠨ ᠤᠷᠠᠯᠢᠭ ᠤᠨ ᠲᠣᠭᠤᠷᠢᠨ ᠦᠵᠡᠭᠦᠯᠭᠡ ᠪᠡᠭᠡᠵᠢᠩ ᠳᠤ ᠦᠪᠡᠳᠡᠭᠰᠢ ᠶᠡᠭᠡ ᠪᠠᠷ ᠡᠬᠢᠯᠡᠪᠡ᠃ ᠡᠳᠡᠭᠡᠷ ᠰᠣᠳᠣᠨ ᠪᠦᠲᠦᠭᠡᠯ ᠨᠢ ᠦᠵᠡᠭᠴᠢᠳ ᠢ ᠳᠠᠭᠠᠭᠤᠯᠤᠨ ᠥᠪᠥᠷ ᠮᠣᠩᠭᠤᠯ ᠢ ᠮᠡᠳᠡᠷᠡᠬᠦ᠂ ᠪᠠᠶᠠᠨᠨᠠᠭᠤᠷ ᠢ ᠬᠠᠶᠢᠷᠠᠯᠠᠬᠤ ᠤᠷᠠᠯᠢᠭ ᠤᠨ ᠠᠶᠠᠯᠠᠯ ᠢ ᠡᠬᠢᠯᠡᠭᠦᠯᠬᠦ ᠪᠣᠯᠤᠨ᠎ᠠ᠃
552d54d1bd9c442d83701c7c5310bb9d.jpg
    ᠣᠶᠢᠯᠠᠭᠠᠭᠰᠠᠨ ᠢᠶᠠᠷ᠂ ᠲᠣᠰ ᠤᠳᠠᠭᠠᠨ ᠤ ᠦᠵᠡᠭᠦᠯᠭᠡ ᠳᠤ ᠪᠠᠶᠠᠨᠨᠠᠭᠤᠷ ᠤᠨ ᠮᠤᠨᠢ ᠠᠭᠤᠯᠠ ᠶᠢᠨ ᠬᠠᠲᠠᠨ ᠵᠢᠷᠤᠭ ᠢᠶᠠᠷ ᠭᠤᠤᠯ ᠰᠡᠳᠦᠪ ᠪᠣᠯᠭᠠᠭᠰᠠᠨ ᠠᠳᠠᠯᠢ ᠪᠤᠰᠤ ᠬᠡᠪ ᠨᠠᠮᠪᠠ ᠪᠥᠬᠦᠶ ᠲᠣᠰᠣᠨ ᠪᠤᠳᠤᠭ ᠤᠨ ᠵᠢᠷᠤᠭ᠂ ᠬᠢᠲᠠᠳ ᠵᠢᠷᠤᠭ᠂ ᠤᠰᠤᠨ ᠪᠤᠳᠤᠭ ᠤᠨ ᠵᠢᠷᠤᠭ᠂ ᠣ ᠶᠢᠨ ᠵᠢᠷᠤᠭ᠂ ᠪᠠᠷ ᠵᠢᠷᠤᠭ ᠵᠡᠷᠭᠡ ᠤᠷᠠᠯᠢᠭ ᠤᠨ ᠪᠦᠲᠦᠭᠡᠯ ᠢ ᠨᠡᠶᠢᠲᠡ 170 ᠭᠠᠷᠤᠶ ᠬᠤᠪᠢ ᠳᠡᠯᠭᠡᠨ ᠦᠵᠡᠭᠦᠯᠵᠡᠶ᠃ ᠡᠭᠦᠨ ᠳᠤ ᠤᠷᠠᠨ ᠵᠢᠷᠤᠭ ᠤᠨ ᠪᠦᠲᠦᠭᠡᠯ 150᠂ ᠳᠠᠷᠤᠮᠠᠯ ᠹᠢᠯᠢᠮ 10᠂ ᠵᠢᠴᠢ ᠮᠤᠨᠢ ᠠᠭᠤᠯᠠ ᠶᠢᠨ ᠬᠠᠲᠠᠨ ᠵᠢᠷᠤᠭ ᠤᠨ ᠰᠢᠯ ᠪᠣᠯᠣᠳ ᠳᠠᠭᠤᠷᠢᠶᠠᠮᠠᠯ ᠪᠠ ᠣᠭ ᠮᠠᠲ᠋ᠧᠷᠢᠶᠠᠯ 11 ᠪᠣᠶ᠃ ᠦᠵᠡᠰᠬᠦᠯᠡᠩ ᠤᠨ ᠪᠦᠲᠦᠭᠡᠯ ᠨᠢ ᠨᠡᠶᠢᠭᠡᠮ ᠨᠡᠶᠢᠲᠡ ᠠᠴᠠ ᠢᠯᠡ ᠪᠠᠷ ᠡᠯᠰᠡᠵᠦ᠂ ᠨᠠᠷᠠᠲᠤ ᠵᠢᠷᠤᠭᠴᠢᠳ ᠢ ᠤᠷᠢᠨ ᠵᠣᠬᠢᠶᠠᠨ ᠪᠦᠲᠦᠭᠡᠯᠭᠡ ᠬᠢᠯᠭᠡᠬᠦ ᠵᠢᠴᠢ ᠤᠷᠠᠨ ᠵᠢᠷᠤᠭ ᠤᠨ ᠣᠷᠳᠣᠨ ᠤ ᠰᠣᠳᠣᠨ ᠪᠦᠲᠦᠭᠡᠯ ᠤᠨ ᠬᠠᠳᠠᠭᠠᠯᠠᠮᠵᠢ ᠠᠴᠠ ᠢᠷᠡᠯᠲᠡ ᠲᠠᠢ ᠶᠤᠮ᠃
 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号