︽ᠦᠯᠡᠮᠵᠢ ᠶᠢᠨ ᠬᠠᠶᠢᠷ᠎ᠠ - ᠤᠮᠠᠷᠠᠲᠤ ᠬᠢᠯᠢ ᠶᠢᠨ ᠲᠠᠩᠰᠤᠭ ᠠᠮᠢᠳᠤᠷᠠᠯ︾ 18 ᠳ᠋ᠤᠭᠠᠷ ᠤᠳᠠᠭᠠᠨ ᠤ ᠪᠥᠬᠦ ᠤᠯᠤᠰ ᠤᠨ ᠲᠤᠰᠬᠠᠢ ᠣᠯᠢᠮᠫᠢᠺ ᠤᠨ ᠡᠳᠦᠷ ᠤᠨ ᠠᠵᠢᠯᠯᠠᠭ᠎ᠠ ᠡᠬᠢᠯᠡᠪᠡ​
ᠨᠡᠶᠢᠲᠡᠯᠡᠭᠰᠡᠨ ᠴᠠᠭ᠄
2024/7/19
    7 ᠰᠠᠷ᠎ᠠ ᠶᠢᠨ 20 ᠤ ᠡᠳᠦᠷ ᠪᠣᠯ ᠠᠷᠪᠠᠨ ᠨᠠᠢᠮᠠᠳᠤᠭᠠᠷ ᠤᠳᠠᠭᠠᠨ ᠤ ᠪᠦᠬᠦ ᠤᠯᠤᠰ ᠤᠨ ᠲᠤᠰᠬᠠᠢ ᠣᠯᠢᠮᠫᠢᠺ ᠤᠨ ᠡᠳᠦᠷ ᠪᠣᠯᠤᠨ᠎ᠠ᠃ 7 ᠳ᠋ᠤᠭᠠᠷ ᠰᠠᠷ᠎ᠠ ᠶᠢᠨ 17 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠣᠶᠤᠨ ᠤ ᠵᠡᠮᠳᠡᠭᠴᠦᠳ ᠵᠢᠴᠢ ᠲᠥᠷᠥᠯ ᠰᠠᠳᠤᠨ ᠨᠠᠶᠢᠵᠠ ᠨᠥᠬᠦᠳ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠭᠰᠡᠨ ︽ᠦᠯᠡᠮᠵᠢ ᠶᠢᠨ ᠬᠠᠶᠢᠷ᠎ᠠ - ᠤᠮᠠᠷᠠᠲᠤ ᠬᠢᠯᠢ ᠶᠢᠨ ᠲᠠᠩᠰᠤᠭ ᠠᠮᠢᠳᠤᠷᠠᠯ︾ ᠠᠷᠪᠠᠨ ᠨᠠᠢᠮᠠᠳᠤᠭᠠᠷ ᠤᠳᠠᠭᠠᠨ ᠤ ᠪᠥᠬᠦ ᠤᠯᠤᠰ ᠤᠨ ᠲᠤᠰᠬᠠᠢ ᠣᠯᠢᠮᠫᠢᠺ ᠤᠨ ᠡᠳᠦᠷ ᠤᠨ ᠠᠵᠢᠯᠯᠠᠭ᠎ᠠ ᠬᠥᠬᠡᠬᠤᠲᠠ ᠳᠤ ᠡᠬᠢᠯᠡᠪᠡ᠃    ᠪᠥᠬᠦ ᠤᠯᠤᠰ ᠤᠨ ᠲᠤᠰᠬᠠᠢ ᠣᠯᠢᠮᠫᠢᠺ ᠤᠨ ᠡᠳᠦᠷ ᠤᠨ ᠠᠵᠢᠯᠯᠠᠭ᠎ᠠ ᠶᠢᠨ ᠬᠤᠭᠤᠴᠠᠭᠠᠨ ᠳᠤ᠂ 2024 ᠣᠨ ᠤ ᠪᠥᠬᠦ ᠣᠷᠣᠨ ᠤ ᠲᠤᠰᠬᠠᠢ ᠣᠯᠢᠮᠫᠢᠺ ᠤᠨ ᠲᠠᠮᠢᠷ ᠤᠨ ᠴᠤᠭᠯᠠᠭᠠᠨ ᠤ ᠫᠢᠩᠫᠠᠩ ᠪᠥᠮᠪᠦᠭᠡ᠂ ᠲᠤᠰᠬᠠᠢ ᠣᠯᠢᠮᠫᠢᠺ ᠤᠨ ᠬᠦᠷᠳᠦᠲᠦ ᠭᠤᠯᠭᠤᠭᠤᠷ᠂ ᠲᠤᠰᠬᠠᠢ ᠣᠯᠢᠮᠫᠢᠺ ᠤᠨ ᠤᠮᠪᠠᠯᠲᠠ ᠶᠢᠨ ᠤᠷᠤᠯᠳᠤᠭᠠᠨ ᠵᠢᠴᠢ ᠲᠤᠰᠬᠠᠢ ᠣᠯᠢᠮᠫᠢᠺ ᠤᠨ ᠬᠡᠷ ᠤᠨ ᠠᠬᠠᠮᠠᠳ ᠤᠨ ᠶᠠᠷᠢᠶᠠᠨ ᠤ ᠲᠠᠪᠴᠠᠩ᠂ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ᠂ ᠤᠷᠠᠨ ᠰᠠᠶᠢᠬᠠᠨ ᠤ ᠲᠣᠭᠯᠠᠯᠲᠠ ᠵᠡᠷᠭᠡ ᠠᠵᠢᠯᠯᠠᠭ᠎ᠠ ᠶᠢ ᠡᠷᠭᠢᠯᠡᠬᠦ ᠪᠣᠯᠤᠨ᠎ᠠ᠃    ᠲᠤᠰ ᠡᠳᠦᠷ᠂ ᠪᠦᠬᠦ ᠣᠷᠣᠨ ᠤ 8 ᠠᠶᠢᠮᠠᠭ ᠬᠤᠲᠠ ᠠᠴᠠ ᠢᠷᠡᠭᠰᠡᠨ 60 ᠭᠠᠷᠤᠢ ᠲᠤᠰᠬᠠᠢ ᠣᠯᠢᠮᠫᠢᠺ ᠤᠨ ᠲᠠᠮᠢᠷᠴᠢᠨ ᠫᠢᠩᠫᠠᠩ ᠪᠥᠮᠪᠦᠭᠡ᠂ ᠬᠦᠷᠳᠦᠲᠦ ᠭᠤᠯᠭᠤᠭᠤᠷ ᠪᠠ ᠤᠮᠪᠠᠯᠲᠠ ᠶᠢᠨ ᠤᠷᠤᠯᠳᠤᠭᠠᠨ ᠳᠤ ᠣᠷᠣᠯᠴᠠᠵᠤ᠂ ᠲᠠᠮᠢᠷ ᠤᠨ ᠬᠥᠳᠡᠯᠭᠡᠭᠡᠨ ᠤ ᠬᠠᠪᠤ ᠴᠡᠩᠭᠡᠯ ᠢ ᠭᠦᠢᠴᠡᠳ ᠡᠳ᠋ᠯᠡᠵᠦ᠂ ᠥᠪᠡᠷ ᠤᠨ ᠠᠪᠢᠶᠠᠰ ᠪᠢᠯᠢᠭ ᠪᠠ ᠴᠤᠭ ᠵᠢᠪᠬᠤᠭ᠎ᠠ ᠪᠠᠨ ᠢᠯᠡᠷᠡᠭᠦᠯᠪᠡ᠃    ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠡᠶᠢᠮᠦᠷᠬᠦ ᠠᠵᠢᠯᠯᠠᠭ᠎ᠠ ᠪᠠᠷ ᠳᠠᠮᠵᠢᠭᠤᠯᠤᠨ ᠨᠠᠩ ᠣᠯᠠᠨ ᠣᠶᠤᠨ ᠤ ᠵᠡᠮᠳᠡᠭᠴᠦᠳ ᠢ ᠬᠡᠷ ᠠᠴᠠ ᠪᠠᠨ ᠭᠠᠷᠴᠤ᠂ ᠨᠡᠶᠢᠭᠡᠮ ᠳᠤ ᠠᠭᠤᠰᠤᠯᠴᠠᠬᠤ ᠶᠢ ᠵᠣᠷᠢᠭᠵᠢᠭᠤᠯᠬᠤ ᠶᠢᠨ ᠬᠠᠮᠲᠤ ᠨᠠᠩ ᠣᠯᠠᠨ ᠬᠥᠮᠦᠨ ᠳᠤ ᠣᠶᠤᠨ ᠤ ᠵᠡᠮᠳᠡᠭᠴᠦᠳ ᠤᠨ ᠬᠠᠮᠲᠤᠯᠢᠭ ᠢ ᠣᠶᠢᠯᠠᠭᠠᠭᠤᠯᠵᠤ᠂ ᠪᠥᠬᠦ ᠨᠡᠶᠢᠭᠡᠮ ᠤᠨ ᠬᠢᠨ ᠤ ᠵᠡᠮᠳᠡᠭᠴᠦᠳ ᠢ ᠬᠦᠨᠳᠦᠳᠬᠡᠬᠦ᠂ ᠬᠠᠯᠠᠮᠵᠢᠯᠠᠨ ᠬᠠᠶᠢᠷᠠᠯᠠᠬᠤ᠂ ᠬᠠᠪᠰᠤᠷᠬᠤ ᠤᠬᠠᠮᠰᠠᠷ ᠢ ᠴᠢᠩᠭᠠᠳᠬᠠᠵᠤ᠂ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢ ᠬᠦᠰᠡᠵᠦ ᠪᠠᠶᠢᠨ᠎ᠠ ᠭᠡᠵᠡᠶ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号