2024 ᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠡᠮᠡᠭᠲᠡᠶᠢᠴᠦᠳ ᠤᠨ ᠠᠵᠢᠯᠯᠠᠭ᠎ᠠ ᠶᠢᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/19
    7 ᠰᠠᠷ᠎ᠠ ᠶᠢᠨ 15 ᠠᠴᠠ 17 ᠤ ᠡᠳᠦᠷ ᠪᠣᠯᠲᠠᠯ᠎ᠠ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠥᠭᠵᠢᠭᠦᠯᠦᠯᠲᠡ ᠶᠢᠨ ᠶᠠᠮᠤᠨ ᠠᠴᠠ ᠵᠢᠯᠣᠭᠤᠳᠴᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠭᠤᠤᠯᠯᠠᠨ ᠡᠷᠭᠢᠯᠡᠭᠰᠡᠨ 2024 ᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠨᠡᠮᠡᠷᠢᠯᠡᠭᠰᠡᠨ ᠡᠮᠡᠭᠲᠡᠶᠢᠴᠦᠳ ᠤᠨ ᠠᠵᠢᠯᠯᠠᠭ᠎ᠠ ᠶᠢᠨ ᠶᠠᠷᠢᠯᠴᠠᠬᠤ ᠬᠤᠷᠠᠯ ᠣᠷᠳᠣᠰ ᠬᠤᠲᠠ ᠳᠤ ᠬᠤᠷᠠᠯᠳᠤᠪᠠ᠃    ᠶᠠᠷᠢᠯᠴᠠᠬᠤ ᠬᠤᠷᠠᠯ ᠤᠨ ᠵᠣᠷᠢᠯᠭ᠎ᠠ ᠨᠢ ᠶᠡᠷᠦᠩᠬᠡᠶ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠡᠭᠲᠡᠶᠢᠴᠦᠳ ᠤᠨ ᠠᠵᠢᠯᠯᠠᠭ᠎ᠠ︾ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ︽ᠦᠵᠡᠰᠬᠦᠯᠡᠩᠲᠦ ᠰᠠᠶᠢᠬᠠᠨ ᠬᠡᠷ ᠣᠷᠣᠨ︾ ᠢ ᠪᠥᠲᠥᠭᠡᠨ ᠪᠠᠶᠢᠭᠤᠯᠬᠤ ᠪᠠᠷ ᠠᠴᠢᠶᠠᠯᠠᠪᠤᠷᠢ ᠪᠣᠯᠭᠠᠵᠤ᠂ ᠥᠷᠭᠡᠨ ᠣᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠶᠢᠴᠢᠯᠠᠵᠤ ᠠᠮᠢ ᠠᠬᠤᠶ ᠶᠢᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ᠂ ᠪᠣᠯᠪᠠᠰᠤᠨ ᠡᠶ᠎ᠡ ᠵᠣᠬᠢᠴᠠᠩᠭᠤᠶ ᠵᠣᠯ ᠵᠢᠷᠭᠠᠯᠲᠤ ᠦᠵᠡᠰᠬᠦᠯᠡᠩᠲᠦ ᠰᠠᠶᠢᠬᠠᠨ ᠰᠢᠨ᠎ᠡ ᠬᠡᠷ ᠣᠷᠣᠨ ᠢ ᠬᠠᠮᠲᠤ ᠪᠠᠷ ᠪᠥᠲᠥᠭᠡᠨ ᠪᠠᠶᠢᠭᠤᠯᠵᠤ ᠬᠠᠮᠲᠤ ᠪᠠᠷ ᠡᠳ᠋ᠯᠡᠬᠦ ᠶᠢᠨ ᠲᠣᠭᠤᠷᠢᠨ ᠳᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠰᠤᠳᠤᠯᠤᠨ ᠶᠠᠷᠢᠯᠴᠠᠵᠤ᠂ ᠬᠠᠮᠲᠤ ᠪᠠᠷ ᠬᠥᠭᠵᠢᠬᠦ ᠶᠢ ᠡᠷᠢᠯᠬᠢᠯᠡᠬᠦ ᠶᠢᠨ ᠲᠥᠯᠥᠭᠡ ᠶᠤᠮ᠃    ᠶᠠᠷᠢᠯᠴᠠᠬᠤ ᠬᠤᠷᠠᠯ ᠳᠡᠭᠡᠷ᠎ᠡ᠂ ᠬᠠᠲᠤᠨ ᠭᠤᠤᠯ ᠤᠨ ᠰᠠᠪᠠ ᠭᠠᠵᠠᠷ ᠤᠨ ᠶᠢᠰᠦᠨ ᠮᠤᠵᠢ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠮᠡᠭᠲᠡᠶᠢᠴᠦᠳ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠤ ᠲᠤᠰᠬᠠᠶ ᠮᠡᠷᠭᠡᠵᠢᠯᠲᠡᠨ ᠵᠠᠩ ᠬᠤᠶ ᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠤ ᠲᠤᠰᠬᠠᠶ ᠮᠡᠷᠭᠡᠵᠢᠯᠲᠡᠨ ᠱᠸᠨ ᠸᠧᠶ ᠴᠢᠶᠣᠤ ᠲᠤᠰᠬᠠᠶ ᠰᠡᠳᠦᠪᠲᠦ ᠲᠠᠶᠢᠯᠤᠮᠵᠢ ᠬᠢᠪᠠ᠃    ᠬᠠᠲᠤᠨ ᠭᠤᠤᠯ ᠤᠨ ᠰᠠᠪᠠ ᠭᠠᠵᠠᠷ ᠤᠨ ᠶᠢᠰᠦᠨ ᠮᠤᠵᠢ ᠣᠷᠣᠨ ᠤ ᠡᠮᠡᠭᠲᠡᠶᠢᠴᠦᠳ ᠤᠨ ᠬᠤᠯᠪᠣᠭ᠎ᠠ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠡᠭᠲᠡᠶᠢᠴᠦᠳ ᠤᠨ ᠠᠵᠢᠯᠯᠠᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠰᠠᠨᠠᠭᠤᠯᠤᠮᠵᠢ ᠳᠤ ᠭᠠᠷ ᠤᠨ ᠥᠰᠥᠭ ᠵᠢᠷᠤᠪᠠ᠃    ᠬᠤᠷᠠᠯ ᠠᠴᠠ᠂ ᠬᠠᠲᠤᠨ ᠭᠤᠤᠯ ᠤᠨ ᠰᠠᠪᠠ ᠭᠠᠵᠠᠷ ᠤᠨ ᠶᠢᠰᠦᠨ ᠮᠤᠵᠢ ᠣᠷᠣᠨ ᠤ ᠰᠣᠯᠢᠯᠴᠠᠭ᠎ᠠ ᠬᠠᠮᠲᠤᠷᠠᠯᠴᠠᠭ᠎ᠠ ᠪᠣᠯᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠥᠷᠭᠡᠨ ᠣᠯᠠᠨ ᠡᠮᠡᠭᠲᠡᠶᠢᠴᠦᠳ ᠪᠣᠯᠤᠨ ᠬᠡᠷ ᠪᠦᠯᠢ ᠶᠢ ᠬᠠᠮᠲᠤ ᠪᠠᠷ ᠪᠦᠯᠬᠦᠮᠳᠡᠭᠦᠯᠦᠨ ᠨᠢᠭᠲᠠᠷᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠬᠦᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠳᠤ ᠢᠳᠡᠪᠬᠢᠲᠡᠶ ᠣᠷᠣᠯᠴᠠᠵᠤ᠂ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠵᠦ᠂ ᠡᠬᠡ ᠭᠤᠤᠯ ᠢᠶᠠᠨ ᠬᠠᠮᠠᠭᠠᠯᠠᠬᠤ᠂ ᠬᠠᠲᠤᠨ ᠭᠤᠤᠯ ᠤᠨ ᠰᠣᠶᠣᠯ᠂ ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤᠮᠳᠠ ᠡᠮᠡᠭᠲᠡᠶᠢᠴᠦᠳ ᠤᠨ ᠣᠷᠣᠯᠠᠭᠤᠯᠵᠤ ᠪᠣᠯᠤᠰᠢ ᠥᠬᠡᠶ ᠲᠥᠷᠥ ᠶᠢᠨ ᠬᠠᠭᠠᠰ ᠲᠤᠯᠭᠠᠭᠤᠷᠢ ᠶᠢᠨ ᠦᠢᠯᠡᠳᠦᠯ ᠪᠣᠯᠤᠨ ᠥᠷᠭᠡᠨ ᠣᠯᠠᠨ ᠬᠡᠷ ᠪᠦᠯᠢ ᠶᠢᠨ ᠥᠪᠡᠷᠮᠢᠴᠡ ᠦᠢᠯᠡᠳᠦᠯ ᠢ ᠪᠠᠳᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号