ᠡᠬᠡ ᠤᠯᠤᠰ ᠤᠨ ᠤᠮᠠᠷᠠᠲᠤ ᠶᠢᠨ ᠡᠨᠡᠬᠦ ᠲᠦᠮᠡᠨ ᠭᠠᠵᠠᠷ ᠤᠨ ᠨᠣᠮᠢᠨ ᠨᠣᠭᠤᠭᠠᠨ ᠬᠠᠯᠬᠠᠪᠴᠢ ᠶᠢ ᠨᠠᠩ ᠪᠠᠲᠤ ᠪᠠᠬᠢ ᠴᠣᠭᠴᠠᠯᠠᠨ᠎ᠠ
ᠨᠡᠶᠢᠲᠡᠯᠡᠭᠰᠡᠨ ᠴᠠᠭ᠄
2024/7/19
    ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠲᠠᠢ ᠬᠤᠯᠪᠣᠭᠳᠠᠬᠤ ᠦᠨᠳᠦᠰᠦᠨ ᠶᠡᠭᠡ ᠪᠤᠳᠤᠯᠭ᠎ᠠ ᠮᠥᠨ᠃ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠳᠠᠭᠠᠨ ᠬᠠᠮᠤᠭ ᠤᠨ ᠣᠯᠠᠨ ᠠᠩᠬᠠᠷᠴᠤ᠂ ᠬᠠᠮᠤᠭ ᠤᠨ ᠣᠯᠠᠨ ᠥᠭᠦᠯᠡᠵᠦ᠂ ᠬᠠᠮᠤᠭ ᠤᠨ ᠣᠯᠠᠨ ᠪᠠᠶᠢᠷᠢᠯᠠᠭᠤᠯᠤᠭᠰᠠᠨ ᠨᠢ ᠳᠠᠷᠤᠶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯᠤᠨ᠎ᠠ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠥᠪᠥᠷ ᠮᠣᠩᠭᠤᠯ ᠤᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ ︽ᠤᠯᠤᠰ ᠤᠨ ᠶᠡᠭᠡ ᠶᠠᠪᠤᠳᠠᠯ︾ ᠪᠣᠯᠤᠨ᠎ᠠ᠃ ᠪᠢᠳᠡ ᠢᠮᠠᠭᠲᠠ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠵᠤ ᠡᠷᠡᠮᠡᠬᠡᠶᠢᠯᠡᠨ ᠤᠷᠤᠭᠰᠢᠯᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠬᠤ ᠪᠠ ᠦᠢᠯᠡᠳᠦᠯᠭᠡᠵᠢᠭᠦᠯᠵᠦ᠂ ᠤᠬᠠᠮᠰᠠᠷ ᠠᠴᠠ ᠪᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠡᠷᠡᠰ ᠪᠠᠲᠤ ᠰᠢᠲᠦᠭᠴᠢ᠂ ᠢᠳᠡᠪᠬᠢᠲᠡᠢ ᠤᠯᠠᠮᠵᠢᠯᠠᠭᠴᠢ᠂ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠤᠯᠵᠤ᠂ ᠪᠦᠬᠦ ᠲᠠᠯ᠎ᠠ ᠪᠠᠷ᠂ ᠪᠦᠬᠦ ᠣᠷᠣᠨ ᠪᠦᠰᠡ ᠪᠠᠷ᠂ ᠪᠦᠬᠦ ᠶᠠᠪᠤᠴᠠ ᠪᠠᠷ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠥᠷᠨᠢᠭᠦᠯᠵᠦ᠂ ᠥᠪᠥᠷ ᠮᠣᠩᠭᠤᠯ ᠤᠨ ᠡᠨᠡ ᠬᠦ ᠨᠣᠮᠢᠨ ᠨᠣᠭᠤᠭᠠᠨ᠂ ᠬᠥᠬᠡᠮᠳᠦᠭ ᠨᠣᠭᠤᠭᠠᠨ᠂ ᠠᠷᠢᠭᠤᠨ ᠴᠡᠪᠡᠷ᠂ ᠠᠷᠢᠭᠤᠨ ᠴᠡᠪᠡᠷ ᠢ ᠪᠦᠬᠦ ᠬᠦᠴᠦ ᠪᠠᠷ ᠢᠶᠠᠨ ᠰᠠᠶᠢᠲᠤᠷ ᠰᠠᠬᠢᠨ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠬᠠᠯᠬᠠᠪᠴᠢ ᠶᠢ ᠨᠡᠩ ᠪᠠᠲᠤ ᠪᠠᠬᠢ ᠪᠣᠯᠭᠠᠨ ᠴᠣᠭᠴᠠᠯᠠᠬᠤ ᠪᠠᠷ ᠴᠢᠷᠮᠠᠶᠢᠬᠤ ᠬᠡᠷᠡᠭᠲᠡᠢ᠃    ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠢᠮᠠᠭᠲᠠ ᠡᠵᠡᠮᠰᠢᠵᠤ ᠨᠣᠭᠤᠭᠠᠷᠠᠭᠤᠯᠤᠯᠲᠠ ᠶᠢ ᠥᠷᠭᠡᠳᠬᠡᠵᠦ ᠨᠣᠭᠤᠭᠠᠷᠠᠭᠤᠯᠤᠯᠲᠠ ᠶᠢ ᠬᠥᠭᠵᠢᠭᠦᠯᠵᠦ ᠨᠣᠭᠤᠭᠠᠷᠠᠭᠤᠯᠤᠯᠲᠠ ᠶᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ     ᠠᠮᠢ ᠠᠬᠤᠶ ᠪᠣᠯ ᠥᠪᠥᠷ ᠮᠣᠩᠭᠤᠯ ᠤᠨ ᠲᠣᠪᠤᠶᠢᠮ᠎ᠠ ᠳᠠᠪᠠᠭᠤᠯᠢᠭ ᠮᠥᠨ᠂ ᠪᠣᠬᠢᠷᠲᠤᠯ ᠥᠬᠡᠶ ᠪᠣᠯ ᠥᠪᠥᠷ ᠮᠣᠩᠭᠤᠯ ᠤᠨ ᠬᠡᠷᠡᠯ ᠰᠠᠴᠤᠷᠠᠩᠭᠤᠶ ᠳᠡᠪᠢᠰᠬᠡᠷ ᠥᠩᠭᠡ ᠮᠥᠨ᠃ ᠥᠪᠥᠷ ᠮᠣᠩᠭᠤᠯ ︽ᠭᠤᠷᠪᠠᠨ ᠤᠮᠠᠷᠠᠲᠤ︾ ᠶᠢ ᠰᠤᠨᠳᠠᠯᠠᠵᠤ᠂ 13 ᠳ᠋ᠦᠩᠰᠢᠭᠤᠷ ᠭᠠᠷᠤᠶ ᠮᠥ ᠨᠤᠲᠤᠭ ᠪᠡᠯᠴᠢᠭᠡᠷ ᠲᠠᠢ ᠪᠠᠶᠢᠵᠤ᠂ ᠪᠥᠬᠦ ᠤᠯᠤᠰ ᠤᠨ 22 % ᠢ ᠡᠵᠡᠯᠡᠵᠦ᠂ 4 ᠳ᠋ᠦᠩᠰᠢᠭᠤᠷ ᠰᠢᠬᠠᠮ ᠮᠥ ᠣᠶ ᠰᠢᠭᠤᠶ ᠲᠠᠢ ᠪᠠᠶᠢᠵᠤ᠂ ᠪᠥᠬᠦ ᠤᠯᠤᠰ ᠤᠨ 12 % ᠢ ᠡᠵᠡᠯᠡᠵᠦ᠂ 5700 ᠭᠠᠷᠤᠶ ᠲᠦᠮᠡᠨ ᠮᠥ ᠨᠤᠭᠤ ᠭᠠᠵᠠᠷ ᠪᠠᠶᠢᠵᠤ᠂ ᠪᠥᠬᠦ ᠤᠯᠤᠰ ᠤᠨ 16 % ᠶᠢ ᠡᠵᠡᠯᠡᠵᠦ᠂ ᠬᠠᠲᠤᠨ ᠭᠤᠤᠯ ᠤᠨ ᠥᠪᠥᠷ ᠮᠣᠩᠭᠤᠯ ᠳᠠᠬᠢ ᠬᠡᠰᠡᠭ ᠤᠨ ᠪᠥᠬᠦ ᠣᠷᠳᠣ ᠨᠢ 843.5 ᠺᠢᠯᠣᠮᠧᠲᠷ ᠪᠠᠶᠢᠵᠤ᠂ ᠬᠠᠲᠤᠨ ᠭᠤᠤᠯ ᠤᠨ ᠪᠥᠬᠦ ᠣᠷᠳᠣ ᠶᠢᠨ ᠵᠢᠷᠭᠤᠭᠠᠨ ᠤ ᠨᠢᠭᠡ ᠬᠤᠪᠢ ᠶᠢ ᠡᠵᠡᠯᠡᠵᠦ᠂ ᠮᠠᠨ ᠤ ᠤᠯᠤᠰ ᠤᠨ ᠤᠮᠠᠷᠠᠲᠤ ᠶᠢᠨ ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠶ ᠶᠢᠨ ᠴᠢᠳᠠᠮᠵᠢᠲᠤ ᠣᠷᠣᠨ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠪᠠ ᠭᠠᠵᠠᠷ ᠵᠦᠶ ᠶᠢᠨ ᠪᠠᠶᠢᠷᠢ ᠰᠠᠭᠤᠷᠢ ᠨᠢ ᠴᠥᠮ ᠲᠦᠢᠯ ᠤᠨ ᠣᠨᠴᠠᠭᠠᠶ ᠪᠥᠭᠡᠳ ᠴᠢᠬᠤᠯᠠ ᠪᠠᠶᠢᠳᠠᠭ᠃ ᠥᠪᠥᠷ ᠮᠣᠩᠭᠤᠯ ᠤᠨ ᠠᠮᠢ ᠠᠬᠤᠢ ᠶᠢᠨ ᠪᠠᠶᠢᠳᠠᠯ ᠶᠠᠮᠠᠷ ᠪᠠᠶᠢᠬᠤ ᠨᠢ ᠪᠦᠬᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠷᠣᠰᠢᠯ ᠲᠣᠭᠲᠠᠨᠢᠯ ᠪᠠ ᠬᠥᠭᠵᠢᠯᠲᠡ ᠲᠠᠢ ᠬᠤᠯᠪᠣᠭᠳᠠᠬᠤ ᠪᠠᠷ ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ᠂ ᠴᠢᠨᠠᠭᠰᠢᠯᠠᠪᠠᠯ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠨ᠎ᠠ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠵᠤ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠮᠥᠨ᠂ ᠪᠠᠰᠠ ᠴᠤ ᠥᠪᠥᠷ ᠮᠣᠩᠭᠤᠯ ᠤᠨ ᠡᠷᠬᠡᠪᠰᠢ ᠤᠬᠠᠮᠰᠠᠷ ᠠᠴᠠ ᠪᠠᠨ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠮᠥᠨ᠃ ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠵᠣᠷᠢᠭᠲᠠᠶ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠨ᠂ ᠬᠦᠴᠢᠷ ᠪᠡᠷᠬᠡᠰᠢᠶᠡᠯ ᠠᠴᠠ ᠠᠶᠤᠬᠤ ᠥᠬᠡᠶ ᠪᠠᠶᠢᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠥᠪᠥᠷ ᠮᠣᠩᠭᠤᠯ ᠤᠨ ᠣᠨᠴᠠᠯᠢᠭ ᠢ ᠢᠯᠡᠷᠡᠭᠦᠯᠦᠭᠰᠡᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠬᠠᠶᠢᠨ ᠰᠦᠪᠡᠭᠴᠢᠯᠡᠵᠦ ᠭᠠᠷᠭᠠᠪᠠ᠃    ᠨᠢᠭᠡ ᠲᠠᠯ᠎ᠠ ᠪᠠᠷ᠂ ᠲᠦᠷᠢᠮ ᠢ ᠠᠮᠢᠳᠤᠯᠢᠭ ᠬᠡᠷᠡᠭᠯᠡᠬᠦ ᠭᠠᠷᠳᠠᠴᠠ ᠶᠢ ᠰᠠᠶᠢᠲᠤᠷ ᠬᠡᠷᠡᠭᠯᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠤᠨ ᠪᠦᠷᠢᠨᠰᠢᠬᠦᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠤᠷᠢᠳ ᠬᠤᠵᠢᠳ ᠪᠦᠬᠦ ᠣᠷᠣᠨ ᠤ 51 % ᠶᠢᠨ ᠲᠠᠯᠠᠪᠠᠢ ᠶᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠡᠪᠴᠢᠶᠡᠨ ᠳᠤ ᠣᠷᠣᠭᠤᠯᠵᠤ᠂ ᠬᠢᠩᠭᠠᠨ ᠤᠢ ᠰᠢᠭᠤᠢ ᠳᠤ ︽ᠰᠦᠬᠡ ᠡᠯᠭᠦᠨ ᠬᠢᠷᠥᠭᠡ ᠪᠠᠨ ᠵᠣᠭᠰᠣᠭᠠᠵᠤ︾᠂ ᠥᠷᠭᠡᠨ ᠠᠭᠤᠳᠠᠮ ᠨᠤᠲᠤᠭ ᠪᠡᠯᠴᠢᠭᠡᠷ ᠢ ︽ᠠᠮᠤᠷᠵᠢᠭᠤᠯᠤᠨ ᠲᠡᠩᠬᠡᠷᠡᠭᠦᠯᠵᠦ︾᠂ ᠭᠤᠣᠯᠳᠠᠯᠭ᠎ᠠ ᠲᠠᠢ ᠡᠯᠡᠰᠦᠨ ᠴᠦᠯ ᠢ ︽ᠬᠥᠪᠡᠭᠡ ᠵᠠᠬ᠎ᠠ ᠶᠢ ᠨᠢ ᠣᠨᠢᠰᠤᠯᠠᠨ ᠵᠠᠰᠠᠵᠤ︾᠂ ᠡᠷᠭᠦᠨ᠎ᠡ ᠶᠢᠨ ᠨᠤᠭᠤ ᠭᠠᠵᠠᠷ ᠤᠨ ᠵᠠᠭᠠᠭ ᠱᠤᠭᠤᠮ ᠢ ᠬᠠᠶᠢᠨ ᠲᠣᠭᠲᠠᠭᠠᠵᠤ᠂ ᠣᠶᠢᠵᠢᠭᠤᠯᠵᠤ᠂ ᠡᠪᠡᠰᠦ ᠲᠠᠷᠢᠵᠤ᠂ ᠡᠯᠡᠰᠦ ᠶᠢ ᠵᠠᠰᠠᠬᠤ ᠬᠡᠪᠴᠢᠶ᠎ᠡ ᠤᠯᠠᠨ ᠵᠢᠯ ᠳᠠᠷᠠᠭᠠᠯᠠᠨ ᠪᠦᠬᠦ ᠤᠯᠤᠰ ᠤᠨ ᠲᠡᠷᠢᠭᠦᠨ ᠳᠤ ᠪᠠᠶᠢᠬᠤ ᠶᠢ ᠪᠠᠲᠤᠯᠠᠪᠠ᠃    ᠨᠦᠬᠦᠭᠡ ᠲᠠᠯ᠎ᠠ ᠪᠠᠷ᠂ ᠭᠤᠣᠯ ᠴᠣᠭᠴᠠ ᠶᠢᠨ ᠴᠢᠳᠠᠮᠵᠢᠳᠤ ᠣᠷᠣᠨ ᠤ ᠪᠠᠶᠢᠯᠳᠤᠬᠤ ᠪᠤᠳᠤᠯᠭ᠎ᠠ ᠶᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠᠨ ᠠᠭᠤᠯᠠ ᠬᠤᠶᠠᠷ ᠪᠦᠰᠡ ᠨᠢᠭᠡ ᠮᠤᠷᠦ᠋ᠢᠯᠲᠠ ᠤᠯᠠᠨ ᠴᠡᠭ ︾ ᠤᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠢ ᠦᠷᠡᠭᠳᠡᠭᠦᠯᠵᠦ ᠪᠠᠶᠢᠭᠠᠳ ᠨᠢᠭᠡ ᠴᠠᠭ ᠨᠢᠭᠡ ᠭᠠᠵᠠᠷ ᠤᠨ ᠠᠵᠤ ᠠᠬᠤᠢ ᠶᠢᠨ ᠨᠡᠮᠡᠭᠳᠡᠯ ᠢ ᠰᠣᠯᠢᠬᠤ ᠠᠷᠭ᠎ᠠ ᠬᠢᠳᠡᠯ ᠢ ᠡᠷᠡᠰ ᠲᠠᠶᠠᠭᠳᠠᠵᠤ᠂ ᠠᠮᠢ ᠠᠬᠤᠢ ᠣᠷᠴᠢᠨ ᠲᠣᠭᠤᠷᠢᠨ ᠢ ᠪᠦᠬᠦᠯᠢ ᠴᠣᠭᠴᠠ ᠪᠠᠷ ᠨᠢ ᠰᠠᠶᠢᠵᠢᠷᠠᠭᠤᠯᠵᠠᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯ ᠤᠳᠠᠭᠠᠨ ᠳᠠᠭᠠᠭᠠᠮᠠᠭᠠᠢ ᠵᠢᠳᠬᠦᠨ ᠴᠢᠷᠮᠠᠶᠢᠬᠤ ᠶᠠᠪᠤᠳᠠᠯ ᠮᠥᠨ᠃ ᠵᠢᠯ ᠵᠢᠯ ᠵᠠᠯᠭᠠᠨ ᠬᠢᠵᠦ᠂ ᠪᠤᠤᠬᠢᠶ᠎ᠠ ᠳᠠᠮᠵᠢᠭᠤᠯᠤᠨ ᠭᠦᠶᠦᠬᠦ ᠴᠢᠬᠤᠯᠠᠲᠠᠢ᠃ ᠪᠢᠳᠡ ᠢᠮᠠᠭᠲᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠵᠦ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠮᠠᠨᠳᠤᠭᠤᠯᠬᠤ᠂ ᠨᠣᠭᠤᠭᠠᠷᠠᠭᠤᠯᠤᠯᠲᠠ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠪᠣᠬᠢᠷᠲᠤᠯ ᠦᠭᠡᠢ ᠬᠥᠭᠵᠢᠯᠲᠡ ᠶᠢᠨ ᠳᠠᠪᠠᠭᠤᠯᠢᠭ ᠢ ᠲᠠᠰᠤᠷᠠᠯᠳᠠ ᠦᠭᠡᠢ ᠵᠤᠵᠠᠭᠠᠳᠬᠠᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ᠃    ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠬᠦ ᠬᠡᠷᠡᠭᠲᠡᠢ    ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠨᠢ ᠮᠠᠨ ᠤ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠲᠠᠢ ᠬᠤᠯᠪᠣᠭᠳᠠᠵᠤ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠲᠠᠢ ᠬᠤᠯᠪᠣᠭᠳᠠᠵᠤ᠂ ᠤᠳᠤ ᠦᠶ᠎ᠡ ᠳᠤ ᠭᠠᠪᠢᠶ᠎ᠠ ᠪᠠᠶᠢᠭᠤᠯᠵᠤ ᠮᠢᠩᠭᠠᠨ ᠣᠨ ᠳᠤ ᠠᠰᠢᠭ ᠬᠦᠷᠲᠡᠭᠡᠬᠦ ᠡᠷᠬᠢᠮ ᠳᠡᠭᠡᠳᠦ ᠦᠢᠯᠡᠰ ᠪᠣᠯᠤᠨ᠎ᠠ᠃ ᠥᠪᠥᠷ ᠮᠣᠩᠭᠤᠯ ᠪᠣᠯ ᠮᠠᠨ ᠤ ᠤᠯᠤᠰ ᠤᠨ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠬᠠᠮᠤᠭ ᠤᠨ ᠲᠥᠪᠯᠡᠷᠡᠩᠭᠦᠢ᠂ ᠬᠤᠣᠷ ᠬᠥᠨᠥᠭᠡᠯ ᠬᠠᠮᠤᠭ ᠤᠨ ᠬᠦᠨᠳᠦ ᠨᠣᠴᠢᠲᠠᠢ ᠮᠤᠵᠢ ᠣᠷᠣᠨ ᠤ ᠨᠢᠭᠡ ᠪᠣᠯᠤᠨ᠎ᠠ᠂ ᠮᠥᠨᠴᠦ ᠪᠦᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠭᠤᠣᠯ ᠲᠠᠶᠢᠨ ᠤ ᠲᠠᠯᠠᠪᠤᠷ ᠪᠣᠯᠤᠨ᠎ᠠ᠃ ᠨᠠᠮ ᠤᠨ 18 ᠳ᠋ᠤᠭᠠᠷ ᠶᠡᠭᠡ ᠬᠤᠷᠠᠯ ᠠᠴᠠ ᠨᠠᠰᠢ᠂ ᠥᠪᠥᠷ ᠮᠣᠩᠭᠤᠯ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ  ᠵᠢᠯ ᠳᠤᠮᠳᠠᠴᠢ ᠪᠠᠷ 1200 ᠲᠦᠮᠡᠨ ᠮᠥ ᠠᠴᠠ ᠳᠡᠭᠡᠭᠰᠢ ᠡᠯᠡᠰᠦᠷᠬᠡᠭᠵᠢᠯ ᠢ ᠰᠡᠷᠭᠡᠶᠢᠯᠡᠨ ᠵᠠᠰᠠᠵᠤ᠂ ᠬᠡᠪᠴᠢᠶ᠎ᠡ ᠪᠠᠷ ᠪᠥᠬᠦ ᠤᠯᠤᠰ ᠲᠤ ᠲᠡᠷᠢᠭᠦᠯᠡᠵᠦ᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ᠦᠷᠭᠦᠯᠵᠢᠯᠡᠨ ᠪᠠᠭᠠᠰᠴᠤ᠂ ︽ᠡᠯᠡᠰᠦ ᠤᠷᠤᠭᠰᠢᠯᠠᠵᠤ ᠬᠥᠮᠦᠨ ᠤᠬᠤᠷᠢᠬᠤ︾ ᠪᠠᠶᠢᠭᠰᠠᠨ ᠠᠴᠠ ︽ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠬᠤ︾ ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠪᠡ᠃    ᠥᠨᠥᠳᠦᠷ ᠤᠨ ᠥᠪᠥᠷ ᠮᠣᠩᠭᠤᠯ᠂ ᠮᠠᠨ ᠤ ᠤᠯᠤᠰ ᠤᠨ ᠤᠮᠠᠷᠠᠲᠤ ᠣᠷᠣᠨ ᠳᠤ ᠰᠠᠯᠬᠢ ᠡᠯᠡᠰᠦᠨ ᠤ ︽ᠬᠠᠮᠠᠭᠠᠯᠠᠯᠲᠠ ᠶᠢᠨ ᠬᠤᠪᠴᠠᠰᠤ︾ ᠨᠥᠮᠥᠷᠦᠭᠰᠡᠨ ᠢᠶᠠᠷ ᠪᠠᠷᠠᠬᠤ ᠦᠭᠡᠢ ᠪᠠᠰᠠ ᠪᠦᠬᠦ ᠤᠯᠤᠰ ᠤᠨ ᠠᠷᠠᠳ ᠲᠦᠮᠡᠨ ᠳᠤ ᠲᠡᠰ ᠠᠴᠠ ᠳᠠᠪᠠᠭᠰᠠᠨ ︽ᠨᠡᠭᠦᠷᠡᠰᠦᠲᠥ᠋ᠷᠥᠭᠴᠢ ᠶᠢᠨ ᠬᠥᠮᠥᠷᠭᠡ︾ ᠪᠣᠯᠤᠨ ᠴᠡᠪᠡᠷ ︽ᠬᠦᠴᠢᠯᠲᠥ᠋ᠷᠥᠭᠴᠢ ᠶᠢᠨ ᠪᠠᠭᠠᠷ︾ ᠢ ᠪᠠᠶᠢᠭᠤᠯᠵᠤ᠂ ᠪᠡᠭᠡᠵᠢᠩ ᠲᠢᠶᠠᠨᠵᠢᠨ ᠤ ︽ᠰᠠᠯᠬᠢ ᠡᠯᠡᠰᠦᠨ ᠤ ᠡᠬᠢ︾ ᠶᠢ ᠨᠡᠶᠢᠰᠯᠡᠯ ᠤᠨ ︽ᠠᠷᠤ ᠴᠡᠴᠡᠷᠯᠢᠭ︾ ᠪᠣᠯᠭᠠᠵᠠᠢ᠃ ᠭᠤᠣᠯ ᠰᠡᠷᠭᠡᠶᠢᠯᠡᠯᠲᠡ ᠶᠢᠨ ᠱᠤᠭᠤᠮ ᠨᠢ ᠭᠤᠣᠯ ᠬᠠᠷᠢᠭᠤᠴᠠᠯᠭ᠎ᠠ ᠶᠢ ᠡᠭᠦᠷᠭᠡᠯᠡᠵᠦ᠂ ᠭᠤᠣᠯ ᠬᠦᠴᠦᠨ ᠪᠣᠯᠬᠤ ᠬᠡᠷᠡᠭᠲᠡᠢ᠃ ᠪᠢᠳᠡ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠᠷ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠭᠤᠣᠯ ᠡᠭᠦᠷᠭᠡ ᠪᠣᠯᠭᠠᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ᠭᠤᠣᠯᠳᠠᠯᠭ᠎ᠠ ᠲᠠᠢ ᠭᠠᠵᠠᠷ ᠣᠷᠣᠨ ᠤ ᠬᠡᠪᠴᠢᠶᠡᠵᠢᠭᠦᠯᠦᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠵᠢᠯ ᠢ ᠥᠷᠨᠢᠭᠦᠯᠵᠦ᠂ ᠴᠢᠬᠤᠯᠠ ᠠᠮᠢ ᠠᠬᠤᠢ ᠶᠢᠨ ᠰᠢᠰᠲᠸᠮ ᠢ ᠬᠠᠮᠠᠭᠠᠯᠠᠬᠤ ᠪᠠ ᠰᠡᠷᠭᠦᠭᠡᠨ ᠵᠠᠰᠠᠬᠤ ᠴᠢᠬᠤᠯᠠ ᠶᠡᠭᠡ ᠢᠨᠵᠧᠨᠧᠷᠢᠩ᠂ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠤᠢ ᠶᠢᠨ ᠰᠢᠰᠲᠸᠮ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠠᠮᠵᠢᠯᠴᠠᠨ ᠠᠬᠢᠭᠤᠯᠵᠤ᠂ ᠬᠠᠳᠤᠨ ᠭᠤᠣᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠤᠷᠴᠢᠨ ᠪᠣᠯᠤᠨ ᠬᠤᠯᠠᠨ ᠰᠢᠷᠭ᠎ᠠ ᠲᠠᠭ᠎ᠠ ᠬᠤᠶᠠᠷ ᠶᠡᠭᠡ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ᠂ ᠬᠠᠳᠤᠨ ᠭᠤᠣᠯ ᠤᠨ ᠪᠠᠷᠠᠭᠤᠨ ᠬᠤᠩᠬᠢᠯ ᠲᠠᠺᠯᠢᠮᠠᠺᠠᠨ ᠡᠯᠡᠰᠦᠨ ᠴᠦᠯ ᠤᠨ ᠬᠥᠪᠡᠭᠡᠨ ᠳᠠᠬᠢ ᠬᠤᠷᠢᠭᠯᠠᠨ ᠴᠣᠬᠢᠬᠤ ᠳᠠᠶᠢᠯᠠᠯᠳᠤᠭᠠᠨ ᠵᠡᠷᠭᠡ ᠭᠤᠷᠪᠠᠨ ᠶᠡᠭᠡ ᠪᠡᠯᠭᠡ ᠳᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠲᠥᠯᠥᠪᠵᠢᠭᠦᠯᠭᠡ ᠪᠣᠯᠤᠨ ᠲᠥᠰᠦᠯ ᠢᠶᠠᠨ ᠰᠢᠨᠵᠢᠯᠡᠬᠦ ᠤᠬᠠᠭᠠᠨᠴᠢ ᠪᠠᠷ ᠨᠠᠷᠢᠨ ᠨᠢᠮᠪᠠᠶ ᠨᠠᠶᠢᠷᠠᠭᠤᠯᠤᠨ ᠵᠣᠬᠢᠶᠠᠵᠤ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠨ᠂ ᠡᠯᠡᠰᠦᠷᠬᠡᠭᠵᠢᠯ ᠢ ᠵᠠᠰᠠᠬᠤ ᠵᠠᠭᠪᠤᠷ ᠤᠨ ᠰᠢᠨ᠎ᠡ ᠶᠢ ᠲᠠᠰᠤᠷᠠᠯᠲᠠ ᠤᠢᠭᠡᠢ ᠡᠭᠦᠳᠦᠨ ᠲᠡᠭᠦᠯᠳᠡᠷᠵᠢᠭᠦᠯᠵᠦ᠂ ᠡᠯᠡᠰᠦᠷᠬᠡᠭᠵᠢᠯ ᠢ ᠵᠠᠰᠠᠬᠤ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠂ ᠰᠠᠯᠬᠢ ᠡᠯᠡᠰᠦᠨ ᠤ ︽ᠬᠠᠮᠠᠭᠠᠯᠠᠯᠲᠠ ᠶᠢᠨ ᠬᠤᠪᠴᠠᠰᠤ︾ ᠶᠢ ᠨᠡᠩ ᠭᠦᠨ ᠵᠤᠵᠠᠭᠠᠨ᠂ ᠤᠳᠠᠭᠠᠨ ᠳᠠᠭᠠᠭᠠᠮᠠᠭᠠᠶ ᠪᠠᠷ ᠵᠢᠳᠬᠦᠨ ᠴᠢᠷᠮᠠᠶᠢᠵᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠰᠢᠨ᠎ᠡ ᠭᠠᠶᠢᠬᠠᠮᠰᠢᠭ ᠢ ᠡᠭᠦᠳᠬᠦ ᠬᠡᠷᠡᠭᠲᠡᠶ᠃     ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ      ᠬᠥᠭᠵᠢᠯᠲᠡ ᠪᠠ ᠬᠠᠮᠠᠭᠠᠯᠠᠯᠲᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠪᠣᠯ ᠳᠡᠯᠡᠬᠡᠢ ᠶᠢᠨ ᠴᠢᠨᠠᠷᠲᠠᠢ ᠪᠡᠷᠬᠡ ᠰᠡᠳᠦᠪ ᠮᠥᠨ᠂ ᠪᠠᠰᠠ ᠴᠤ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠥᠨᠢᠳᠡ ᠶᠢᠨ ᠰᠡᠳᠦᠪ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠠᠴᠠ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠬᠢᠷᠲᠤᠯ ᠥᠬᠡᠶ ᠪᠠᠶᠢᠬᠤ᠂ ᠳᠤᠤᠷ᠎ᠠ ᠨᠡᠭᠦᠷᠡᠰᠦᠲᠥ᠋ᠷᠥᠭᠴᠢᠲᠦ ᠪᠠᠶᠢᠬᠤ ᠶᠢ ᠠᠬᠢᠭᠤᠯᠬᠤ ᠪᠣᠯ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠵᠠᠩᠭᠢᠯᠠᠭ᠎ᠠ ᠶᠢᠨ ᠭᠤᠭᠴᠤᠭ᠎ᠠ ᠮᠥᠨ᠃ ᠡᠨᠡ ᠨᠢ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠣᠯ ᠬᠠᠷᠢᠯᠴᠠᠨ ᠨᠥᠬᠦᠴᠡᠯᠳᠦᠵᠦ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠶᠢᠯᠭᠠᠵᠥ ᠪᠠᠶᠢᠳᠠᠭ ᠭᠡᠳᠡᠭ ᠢ ᠬᠠᠷᠠᠭᠤᠯᠵᠤ ᠪᠠᠶᠢᠨ᠎ᠠ᠃ ᠥᠨᠳᠥᠷ ᠲᠦᠪᠰᠢᠨ ᠢᠶᠠᠷ ᠬᠠᠮᠠᠭᠠᠯᠠᠬᠤ ᠪᠣᠯ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠮᠥᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠶᠢᠲᠠᠢ ᠬᠥᠭᠵᠢᠯᠲᠡ ᠶᠢ ᠭᠠᠭᠴᠠ ᠬᠦ ᠥᠨᠳᠥᠷ ᠲᠦᠪᠰᠢᠨ ᠢᠶᠠᠷ ᠬᠠᠮᠠᠭᠠᠯᠠᠬᠤ ᠳᠤ ᠲᠦᠰᠢᠭᠯᠡᠪᠡᠯ ᠰᠠᠶ᠋ᠢ ᠪᠡᠶᠡᠯᠡᠭᠦᠯᠵᠦ ᠴᠢᠳᠠᠨ᠎ᠠ᠃ ᠨᠠᠮ ᠤᠨ 18 ᠳ᠋ᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠠᠮᠢ ᠠᠬᠤᠶ ᠶᠢ ᠬᠠᠮᠠᠭᠠᠯᠠᠬᠤ᠂ ᠪᠣᠬᠢᠷᠲᠤᠯ ᠢ ᠵᠠᠰᠠᠬᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢ ᠴᠥᠬᠦᠷᠡᠰᠢ ᠥᠬᠡᠶ ᠪᠠᠷᠢᠮᠲᠠᠯᠠᠵᠤ᠂ ᠠᠮᠢ ᠠᠬᠤᠶ ᠣᠷᠴᠢᠨ ᠲᠣᠭᠤᠷᠢᠨ ᠢ ᠦᠷᠡᠭᠳᠡᠭᠦᠯᠵᠦ ᠪᠠᠶᠢᠭᠠᠳ ᠨᠢᠭᠡ ᠴᠠᠭ ᠨᠢᠭᠡ ᠭᠠᠵᠠᠷ ᠤᠨ ᠠᠵᠤ ᠠᠬᠤᠶ ᠶᠢᠨ ᠨᠡᠮᠡᠭᠳᠡᠯ ᠢ ᠰᠣᠯᠢᠵᠤ ᠠᠪᠴᠢᠷᠠᠬᠤ ᠠᠷᠭ᠎ᠠ ᠬᠢᠳᠡᠯ ᠢ ᠡᠷᠡᠰ ᠲᠠᠶᠠᠭᠳᠠᠵᠤ᠂ ᠠᠵᠤ  ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠷᠭᠡᠳᠬᠡᠨ ᠯᠠᠪᠳᠠᠭᠤᠨ ᠪᠠᠲᠤᠲᠠᠶ ᠠᠯᠬᠤᠮ ᠢ ᠠᠯᠬᠤᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ᠦᠨ᠎ᠡ ᠥᠷᠲᠡᠭ︾ ︽ᠪᠣᠬᠢᠷᠲᠤᠯ ᠥᠬᠡᠶ ᠠᠭᠤᠯᠤᠭᠳᠠᠴᠠ︾ ᠦᠷᠭᠦᠯᠵᠢᠯᠡᠨ ᠳᠡᠭᠡᠭᠰᠢᠯᠡᠪᠡ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠵᠤ ᠠᠬᠤᠢ ᠶᠢᠨ ᠬᠥᠭᠵᠢᠯᠲᠡ ᠪᠣᠯ ᠬᠤᠪᠢᠰᠤᠩᠭᠤᠢ ᠨᠢᠭᠡᠳᠦᠯᠲᠡᠢ᠂ ᠬᠠᠷᠢᠯᠴᠠᠨ ᠨᠥᠬᠦᠴᠡᠯᠳᠦᠵᠦ ᠪᠠᠶᠢᠳᠠᠭ᠂ ᠠᠵᠤ ᠠᠬᠤᠢ ᠶᠢᠨ ᠬᠥᠭᠵᠢᠯᠲᠡ ᠠᠴᠠ ᠰᠠᠯᠵᠤ ᠠᠮᠢ ᠠᠬᠤᠢ ᠶᠢᠨ ᠬᠠᠮᠠᠭᠠᠯᠠᠯᠲᠠ ᠶᠢ ᠠᠳᠬᠤᠬᠤ ᠪᠣᠯ ᠳᠠᠷᠤᠢ ︽ᠬᠤᠪᠠᠭ᠋ᠠᠢ ᠮᠣᠳᠣᠨ ᠠᠴᠠ ᠵᠢᠭᠠᠰᠤ ᠡᠷᠢᠬᠦ︾ ᠶᠠᠪᠤᠳᠠᠯ ᠪᠣᠯᠤᠨ᠎ᠠ᠂ ᠦᠷᠭᠦᠯᠵᠢᠯᠡᠬᠦᠶ᠎ᠡ ᠪᠡᠷᠬᠡ ᠶᠤᠮ᠂ ᠠᠮᠢ ᠠᠬᠤᠢ ᠶᠢᠨ ᠬᠠᠮᠠᠭᠠᠯᠠᠯᠲᠠ ᠠᠴᠠ ᠰᠠᠯᠵᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠪᠣᠯ ᠳᠠᠷᠤᠢ ︽ᠬᠤᠭᠤᠰᠣᠷᠠᠲᠠᠯ᠎ᠠ ᠰᠢᠪᠬᠠᠵᠤ ᠬᠤᠪᠠᠭ᠋ᠠᠶᠢᠷᠠᠲᠠᠯ᠎ᠠ ᠠᠪᠬᠤ︾ ᠶᠠᠪᠤᠳᠠᠯ ᠪᠣᠯᠤᠨ᠎ᠠ᠂ ᠮᠠᠰᠢ ᠶᠡᠭᠡ ᠬᠤᠣᠷ ᠬᠥᠨᠥᠭᠡᠯ ᠲᠠᠢ ᠶᠤᠮ᠂ ᠡᠷᠬᠡᠪᠰᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠭᠰᠠᠨ ᠤᠷᠢᠲᠠᠯ ᠳᠣᠣᠷ᠎ᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠪᠡ᠃    ᠰᠢᠨ᠎ᠡ ᠠᠶᠠᠨ ᠵᠠᠮ ᠳᠤ᠂ ᠪᠢᠳᠡ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠵᠤ᠂ ᠠᠮᠢ ᠠᠬᠤᠢ ᠶᠢᠨ ᠠᠵᠤ ᠦᠢᠯᠡᠰᠵᠢᠯᠲᠡ ᠪᠠ ᠠᠵᠤ ᠦᠢᠯᠡᠰ ᠤᠨ ᠠᠮᠢ ᠠᠬᠤᠢᠢᠵᠢᠯᠳᠠ ᠶᠢᠨ ᠠᠯᠬᠤᠭ᠎ᠠ ᠶᠢ ᠲᠦᠷᠭᠡᠳᠬᠡᠵᠦ᠂ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠢ ᠡᠷᠡᠰ ᠭᠤᠶᠢᠪᠢᠰᠢ ᠦᠭᠡᠢ᠂ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠰᠠᠶᠢᠲᠤᠷ ᠬᠢᠵᠦ᠂ ᠡᠨᠧᠷᠭᠢ ᠶᠢᠨ ᠬᠤᠷᠣᠭᠳᠠᠯ ᠪᠠᠭ᠎ᠠ᠂ ᠭᠠᠳᠠᠭᠰᠢᠯᠠᠭᠤᠯᠤᠯᠲᠠ ᠪᠠᠭ᠎ᠠ᠂ ᠭᠠᠳᠠᠭᠰᠢᠯᠠᠭᠤᠯᠤᠯᠲᠠ ᠪᠠᠭ᠎ᠠ᠂ ᠨᠣᠭᠤᠭᠠᠷᠠᠭᠤᠯᠤᠯᠲᠠ ᠪᠠᠭ᠎ᠠ᠂ ᠤᠨᠠᠯᠲᠠ ᠪᠠᠭ᠎ᠠ᠂ ᠴᠢᠨᠠᠷ ᠰᠠᠶᠢᠲᠠᠢ ᠬᠥᠭᠵᠢᠯᠲᠡ ᠶᠢ ᠦᠨᠳᠦᠰᠦ ᠠᠴᠠ ᠨᠢ ᠠᠬᠢᠭᠤᠯᠬᠤ ᠬᠡᠷᠡᠭᠲᠡᠢ᠃    ᠠᠮᠢ ᠠᠬᠤᠶ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠎ᠡ     ᠣᠷᠴᠢᠨ ᠲᠣᠭᠤᠷᠢᠨ ᠪᠣᠯ ᠳᠠᠷᠤᠢ ᠠᠷᠠᠳ ᠤᠨ ᠠᠮᠢᠳᠤᠷᠠᠯ᠂ ᠬᠥᠬᠡᠮᠳᠦᠭ ᠠᠭᠤᠯᠠ ᠪᠣᠯ ᠳᠠᠷᠤᠢ ᠦᠵᠡᠰᠬᠦᠯᠡᠩᠲᠦ ᠰᠠᠶᠢᠬᠠᠨ᠂ ᠬᠦᠬᠡ ᠣᠭᠲᠠᠷᠭᠤᠢ ᠪᠣᠯ ᠳᠠᠷᠤᠢ ᠵᠣᠯ ᠵᠢᠷᠭᠠᠯ ᠮᠥᠨ᠃ ᠠᠮᠢ ᠠᠬᠤᠢ ᠣᠷᠴᠢᠨ ᠲᠣᠭᠤᠷᠢᠨ ᠰᠠᠶᠢᠨ ᠪᠣᠯ ᠠᠷᠠᠳ ᠤᠯᠠᠨ ᠦᠨᠡᠨ ᠪᠣᠳᠠᠲᠠᠢ ᠵᠣᠯ ᠵᠢᠷᠭᠠᠯᠲᠤ ᠲᠦᠷᠦᠭᠳᠡᠯ ᠲᠠᠢ ᠪᠣᠯᠤᠨ᠎ᠠ᠃ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠲᠡᠮᠡᠴᠡᠬᠦ ᠬᠠᠷᠠᠯᠲᠠ ᠪᠠᠨ ᠪᠣᠯᠭᠠᠬᠤ ᠶᠢ ᠪᠠᠷᠢᠮᠲᠠᠯᠠᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠭᠰᠡᠭᠡᠷ ᠢᠷᠡᠪᠡ᠃    ᠥᠨᠥᠳᠦᠷ ᠤᠨ ᠡᠬᠡ ᠤᠯᠤᠰ ᠤᠨ ᠤᠮᠠᠷᠠᠲᠤ ᠬᠢᠯᠢ ᠳᠤ᠂ ᠲᠩᠷᠢ ᠨᠢ ᠨᠡᠩ ᠴᠡᠯᠮᠡᠭ᠂ ᠠᠭᠤᠯᠠ ᠨᠢ ᠨᠡᠩ ᠨᠣᠭᠤᠭᠠᠨ᠂ ᠤᠰᠤ ᠨᠢ ᠨᠡᠩ ᠲᠤᠩᠭᠠᠯᠠᠭ᠂ ᠠᠷᠠᠳ ᠲᠦᠮᠡᠨ ᠤ ᠠᠮᠢᠳᠤᠷᠠᠯ ᠨᠡᠩ ᠵᠣᠯ ᠵᠢᠷᠭᠠᠯ ᠲᠠᠢ ᠪᠠᠶᠢᠨ᠎ᠠ᠃ ᠰᠢᠨ᠎ᠡ ᠠᠶᠠᠨ ᠵᠠᠮ ᠳᠤ᠂ ᠨᠡᠩ ᠯᠠᠪᠳᠠᠭᠤᠨ ᠪᠠᠲᠤᠲᠠᠢ ᠠᠵᠢᠯᠯᠠᠬᠤ ᠪᠠᠷ ᠴᠢᠷᠮᠠᠶᠢᠵᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠵᠢᠷᠤᠭᠯᠠᠵᠤ ᠥᠭᠭᠦᠭᠰᠡᠨ ᠠᠤᠭ᠎ᠠ ᠲᠥᠰᠦᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠶᠢ ᠪᠦᠬᠦ ᠣᠷᠣᠨ ᠤ ᠬᠥᠭᠵᠢᠯᠲᠡ ᠶᠢᠨ ᠲᠡᠷᠢᠭᠦᠨ ᠴᠢᠬᠤᠯᠠ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠳᠡᠶᠢᠯᠦᠩᠭᠦᠢ ᠪᠠᠶᠢᠷᠢᠨ ᠳᠤ ᠲᠠᠯᠪᠢᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠵᠤ᠂ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠢ ᠤᠯᠠᠮ ᠰᠠᠶᠢᠨ ᠪᠣᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠤᠯᠠᠮ ᠭᠦᠢᠴᠡᠳ ᠪᠣᠯᠭᠠᠬᠤ ᠬᠡᠷᠡᠭᠲᠡᠢ᠃ ︵ᠬᠠᠨ ᠴᠢᠩ ᠯᠢᠩ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠬᠤᠳᠠᠯᠳᠤᠭᠠᠨ ᠤ ᠶᠠᠪᠤᠳᠠᠯ ᠤᠨ ᠳᠡᠭᠡᠳᠦ ᠰᠤᠷᠭᠠᠭᠤᠯᠢ︶  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号