ᠰᠢᠯᠢ ᠶᠢᠨ ᠭᠤᠤᠯ ᠠᠶᠢᠮᠠᠭ ᠤᠨ ᠵᠢᠭᠤᠯᠴᠢᠯᠠᠯ ᠤᠨ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠴᠢᠨᠠᠷ ᠰᠠᠶᠢᠲᠠᠶ ᠵᠢᠭᠤᠯᠴᠢᠯᠠᠯ ᠤᠨ ᠦᠢᠯᠡᠴᠢᠯᠡᠭᠡᠨ ᠤ ᠣᠷᠴᠢᠨ ᠨᠦᠬᠦᠴᠡᠯ ᠢ ᠪᠣᠶ ᠪᠣᠯᠭᠠᠵᠤ᠂ | ᠠᠷᠠᠳ ᠣᠯᠠᠨ ᠤ ᠣᠯᠠᠨ ᠶᠠᠩᠵᠤᠴᠢᠯᠠᠭᠰᠠᠨ᠂ ᠴᠢᠨᠠᠷᠵᠢᠭᠰᠠᠨ ᠵᠢᠭᠤᠯᠴᠢᠯᠠᠯ ᠤᠨ ᠬᠡᠷᠡᠭᠴᠡᠭᠡ ᠶᠢ ᠲᠠᠰᠤᠷᠠᠯᠲᠠ ᠥᠬᠡᠶ | ᠬᠠᠩᠭᠠᠬᠤ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠲᠠᠪᠤᠨ ᠲᠠᠯ᠎ᠠ ᠪᠠᠷ ᠵᠢᠭᠤᠯᠴᠢᠯᠠᠭᠴᠢᠳ ᠲᠤ ᠲᠤᠳᠤᠨᠤᠰᠤᠭ | ᠦᠢᠯᠡᠴᠢᠯᠡᠭᠡ ᠬᠠᠩᠭᠠᠬᠤ ᠪᠣᠯᠤᠨ᠎ᠠ᠃ | ᠨᠢᠭᠡ ᠳᠤ᠂ ᠥᠪᠡᠷᠲᠡᠭᠡᠨ ᠲᠡᠷᠭᠡ ᠵᠢᠯᠤᠭᠤᠳᠬᠤ ᠵᠢᠭᠤᠯᠴᠢᠯᠠᠭᠴᠢᠳ ᠰᠢᠯᠢ ᠶᠢᠨ ᠭᠤᠤᠯ ᠠᠶᠢᠮᠠᠭ ᠲᠤ ᠵᠠᠮ | ᠬᠠᠷᠢᠯᠴᠠᠭᠠᠨ ᠤ ᠲᠠᠯ᠎ᠠ ᠪᠠᠷ ᠬᠠᠤᠯᠢ ᠶᠢ ᠬᠥᠩᠭᠡᠪᠲᠦᠷ ᠵᠦᠷᠢᠴᠡᠬᠦ ᠳᠤ᠂ ᠤᠶᠠᠨ ᠬᠠᠲᠠᠨ ᠴᠢᠨᠠᠷᠲᠠᠶ ᠪᠠᠷ ᠬᠠᠤᠯᠢ | ᠬᠡᠷᠡᠭᠵᠢᠭᠦᠯᠬᠦ ᠶᠢ ᠪᠠᠷᠢᠮᠲᠠᠯᠠᠨ᠂ ᠰᠤᠷᠭᠠᠨ ᠬᠥᠮᠦᠵᠢᠭᠦᠯᠬᠦ ᠪᠠᠷ ᠭᠤᠣᠯᠯᠠᠨ᠂ ︽ᠠᠩᠬᠠᠳᠠᠭᠴᠢ ᠵᠦᠷᠢᠴᠡᠯ ᠢ | ᠲᠣᠷᠭᠠᠭᠤᠯᠢ ᠠᠴᠠ ᠬᠡᠯᠲᠦᠷᠢᠭᠦᠯᠦᠨ᠎ᠡ︾᠃ ᠬᠤᠶᠠᠷ ᠲᠤ᠂ ᠠᠶᠢᠮᠠᠭ ᠤᠨ ᠳᠣᠲᠣᠭᠠᠳᠤ ᠳᠤ ᠪᠠᠨ ᠥᠪᠡᠷᠲᠡᠭᠡᠨ ᠲᠡᠷᠭᠡ | ᠵᠢᠯᠣᠭᠤᠳᠬᠤ ᠵᠢᠭᠤᠯᠴᠢᠯᠠᠭᠴᠢᠳ ᠤᠨ ᠵᠠᠮ ᠬᠠᠷᠢᠯᠴᠠᠭᠠᠨ ᠤ ᠠᠳᠡᠯ ᠢ ᠲᠦᠷᠭᠡᠨ ᠰᠢᠢᠳᠪᠦᠷᠢᠯᠡᠨ᠎ᠡ᠃ ᠬᠠᠤᠯᠢ | ᠴᠠᠭᠠᠵᠠ ᠶᠢᠨ ᠲᠣᠭᠲᠠᠭᠠᠭᠰᠠᠨ ᠬᠡᠪᠴᠢᠶᠡᠨ ᠳᠤ᠂ ᠥᠪᠡᠷᠲᠡᠭᠡᠨ ᠲᠡᠷᠭᠡ ᠵᠢᠯᠣᠭᠤᠳᠬᠤ ᠵᠢᠭᠤᠯᠴᠢᠯᠠᠭᠴᠢᠳ ᠲᠤ | ᠬᠤᠯᠪᠣᠭᠳᠠᠬᠤ ᠵᠠᠮ ᠬᠠᠷᠢᠯᠴᠠᠭᠠᠨ ᠤ ᠠᠳᠠᠯ ᠳᠤ ᠲᠦᠷᠭᠡᠨ ᠰᠢᠢᠳᠪᠦᠷᠢᠯᠡᠬᠦ ᠵᠠᠷᠴᠢᠮ ᠢ ᠨᠠᠶᠢᠳᠠᠪᠤᠷᠢᠵᠢᠭᠤᠯᠤᠨ᠎ᠠ᠃ | ᠭᠤᠷᠪᠠ ᠳᠤ᠂ ︽ᠠᠭᠤᠳᠠᠮ ᠲᠠᠯ᠎ᠠ — ᠰᠢᠯᠢ ᠶᠢᠨ ᠭᠤᠤᠯ︾ ᠰᠣᠶᠣᠯ ᠵᠢᠭᠤᠯᠴᠢᠯᠠᠯ ᠤᠨ ᠠᠯᠪᠠᠨ ᠤ ᠣᠯᠠᠨ | ᠨᠡᠶᠢᠲᠡ ᠶᠢᠨ ᠸᠢᠴᠠᠲ ᠲᠠᠪᠴᠠᠩ ᠠᠴᠠ ᠭᠤᠤᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠠᠭ | ᠠᠭᠤᠷ ᠤᠨ ᠤᠷᠢᠳᠴᠢᠯᠠᠭᠰᠠᠨ ᠮᠡᠳᠡᠭᠡ ᠶᠢ ᠡᠳᠦᠷ ᠪᠦᠷᠢ ᠬᠦᠷᠭᠡᠨ᠎ᠡ᠃ ᠳᠥᠷᠪᠡ ᠳᠤ᠂ ᠵᠢᠭᠤᠯᠴᠢᠯᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠦᠢᠯᠡᠴᠢᠯᠡᠭᠡᠨ ᠤ ᠶᠠᠰᠤ ᠴᠢᠨᠠᠷ ᠪᠠ | ᠦᠢᠯᠡᠳᠦᠯ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠳᠤ ᠵᠢᠭᠤᠯᠴᠢᠯᠠᠯ ᠤᠨ ᠠᠰᠠᠭᠤᠨ ᠯᠠᠪᠯᠠᠬᠤ | ᠲᠤᠰᠬᠠᠢ ᠰᠠᠭᠤᠳᠠᠯ ᠭᠠᠷᠭᠠᠵᠤ᠂ ᠵᠢᠭᠤᠯᠴᠢᠯᠠᠯ ᠤᠨ ᠠᠰᠠᠭᠤᠨ ᠯᠠᠪᠯᠠᠬᠤ ᠦᠢᠯᠡᠴᠢᠯᠡᠭᠡᠨ ᠤ ᠠᠰᠠᠭᠤᠳᠠᠯ ᠢ ᠭᠥᠯᠢᠶᠡᠨ | ᠠᠪᠴᠤ ᠰᠢᠢᠳᠪᠦᠷᠢᠯᠡᠵᠦ᠂ ᠭᠤᠶᠤᠴᠢᠯᠠᠯ ᠪᠠᠶᠢᠪᠠᠯ ᠵᠠᠪᠠᠯ ᠬᠦᠯᠢᠶᠡᠵᠦ᠂ ᠭᠤᠶᠤᠴᠢᠯᠠᠯ ᠪᠠᠶᠢᠪᠠᠯ ᠵᠠᠪᠠᠯ | ᠬᠠᠷᠢᠭᠤᠯᠬᠤ ᠶᠢ ᠪᠡᠶᠡᠯᠡᠭᠦᠯᠦᠨ᠎ᠡ᠃ ᠲᠠᠪᠤ ᠳᠤ᠂ ᠪᠥᠬᠦ ᠠᠶᠢᠮᠠᠭ ᠤᠨ ᠡᠯ᠎ᠡ ᠭᠠᠵᠠᠷ ᠴᠢᠨᠠᠷ ᠰᠠᠶᠢᠲᠠᠶ ᠵᠢᠭᠤᠯᠴᠢᠯᠠᠯ ᠤᠨ | ᠬᠡᠷᠡᠭᠯᠡᠭᠡᠨ ᠤ ᠣᠷᠴᠢᠨ ᠨᠦᠬᠦᠴᠡᠯ ᠢ ᠪᠣᠶ ᠪᠣᠯᠭᠠᠵᠤ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠠᠮ ᠬᠠᠷᠢᠯᠴᠠᠭ᠎ᠠ | ᠂ ᠪᠠᠷᠠᠭ᠎ᠠ ᠬᠤᠳᠠᠯᠳᠤᠭ᠎ᠠ᠂ ᠵᠤᠭ᠎ᠠ ᠴᠡᠩᠭᠡᠯ ᠵᠡᠷᠭᠡ ᠬᠤᠯᠪᠣᠭᠳᠠᠯ ᠪᠥᠬᠦᠶ ᠬᠦᠷᠢᠶᠡᠨ ᠳᠠᠬᠢ ᠵᠢᠭᠤᠯᠴᠢᠯᠠᠭᠴᠢᠳ ᠲᠤ | ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠯᠪᠠᠳᠠᠯᠭ᠎ᠠ ᠪᠠᠷ ᠠᠷᠠᠯᠵᠢᠶᠠᠯᠠᠬᠤ᠂ ᠬᠤᠳᠠᠯ | ᠬᠠᠭᠤᠷᠮᠠᠭ ᠢᠶᠠᠷ ᠤᠬᠠᠭᠤᠯᠬᠤ᠂ ᠠᠶᠠᠨᠴᠢᠳ ᠢ ᠮᠡᠬᠡᠯᠡᠵᠦ ᠬᠢᠬᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠡᠷᠡᠰ ᠬᠤᠷᠢᠭᠯᠠᠨ᠎ᠠ᠃ | ᠣᠶᠢᠷ᠎ᠠ ᠶᠢᠨ ᠵᠢᠯ ᠤᠳ ᠲᠤ᠂ ᠰᠢᠯᠢ ᠶᠢᠨ ᠭᠤᠣᠯ ᠠᠶᠢᠮᠠᠭ ᠵᠢᠭᠤᠯᠴᠢᠯᠠᠯ ᠤᠨ ᠦᠢᠯᠡᠰ ᠤᠨ ᠭᠦᠭᠵᠢᠯᠳᠠ ᠪᠠᠨ | ᠶᠡᠭᠡ ᠪᠠᠷ ᠠᠬᠢᠭᠤᠯᠵᠤ᠂ ᠵᠢᠭᠤᠯᠴᠢᠯᠠᠯ ᠤᠨ ᠰᠠᠭᠤᠷᠢ ᠲᠦᠭᠦᠬᠡᠷᠣᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ | ᠵᠢᠭᠤᠯᠴᠢᠯᠠᠯ ᠤᠨ ᠦᠢᠯᠡᠰ ᠤᠨ ᠪᠠᠶᠢᠳᠠᠯ ᠢᠶᠠᠨ ᠪᠠᠶᠠᠯᠢᠭᠵᠢᠭᠤᠯᠵᠤ᠂ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠦᠨ᠂ ᠵᠢᠭᠤᠯᠴᠢᠯᠠᠯ ᠤᠨ ᠡᠮᠬᠢ ᠳᠢᠭᠯᠢᠮ ᠢᠶᠠᠨ ᠵᠢᠷᠤᠮᠵᠢᠭᠤᠯᠵᠤ᠂ ︽ᠶᠠᠪᠤᠬᠤ ᠳᠤ ᠰᠠᠨᠠᠭ᠎ᠠ ᠪᠠᠷ᠂ | ᠬᠤᠨᠣᠭᠯᠠᠬᠤ ᠳᠤ ᠰᠡᠳᠭᠢᠯ ᠠᠮᠤᠷ᠂ ᠢᠳᠡᠬᠦ ᠳᠤ ᠰᠠᠨᠠᠭ᠎ᠠ ᠠᠮᠤᠷ᠂ ᠨᠠᠭᠠᠳᠬᠤ ᠳᠤ ᠪᠠᠶᠠᠷ ᠬᠦᠷ ᠲᠠᠢ᠂ ᠬᠤᠳᠠᠯᠳᠤᠨ | ᠠᠪᠬᠤ ᠳᠤ ᠬᠠᠨᠤᠮᠵᠢᠲᠠᠶ᠂ ᠵᠤᠭᠠᠴᠠᠬᠤ ᠳᠤ ᠲᠠᠭᠠᠯᠠᠮᠵᠢᠲᠠᠶ︾ ᠰᠠᠶᠢᠨ ᠰᠠᠶᠢᠬᠠᠨ ᠵᠢᠭᠤᠯᠴᠢᠯᠠᠯ ᠤᠨ ᠣᠷᠴᠢᠨ | ᠨᠦᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ ᠪᠠᠶᠢᠨ᠎ᠠ᠃ |