ᠤᠯᠠᠭᠠᠨᠬᠠᠳᠠ ᠬᠤᠲᠠ ᠡᠨᠡ ᠵᠢᠯ ᠨᠢᠭᠡᠨᠲᠡ 27 ᠲᠦᠮᠡ ᠭᠠᠷᠤᠢ ᠮᠦ ᠡᠯᠡᠰᠦ ᠶᠢ ᠰᠡᠷᠭᠡᠶᠢᠯᠡᠨ ᠵᠠᠰᠠᠪᠠ
ᠨᠡᠶᠢᠲᠡᠯᠡᠭᠰᠡᠨ ᠴᠠᠭ᠄
2024/7/19
    ᠤᠯᠠᠭᠠᠨᠬᠠᠳᠠ ᠬᠤᠲᠠ ᠡᠨᠡ ᠵᠢᠯ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠶᠡᠭᠡ ᠬᠡᠪᠴᠢᠶᠡᠨ ᠤ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠪᠠ ᠡᠯᠡᠰᠦ ᠶᠢ ᠰᠡᠷᠭᠡᠶᠢᠯᠡᠨ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠦᠷᠨᠢᠭᠦᠯᠵᠦ ᠪᠤᠢ᠃ ᠣᠲᠣ ᠪᠣᠯᠲᠠᠯ᠎ᠠ᠂ ᠪᠥᠬᠦ ᠬᠤᠲᠠ ᠳᠤ ᠨᠢᠭᠡᠨᠲᠡ 27.72 ᠲᠦᠮᠡᠨ ᠮᠦ ᠡᠯᠡᠰᠦ ᠶᠢ ᠰᠡᠷᠭᠡᠶᠢᠯᠡᠨ ᠵᠠᠰᠠᠪᠠ᠂ ᠡᠭᠦᠨ ᠳᠤ 12.74 ᠲᠦᠮᠡᠨ ᠮᠦ ᠶᠢ ᠬᠥᠮᠥᠨ ᠤ ᠬᠦᠴᠦ ᠪᠠᠷ ᠣᠶᠢᠵᠢᠭᠤᠯᠵᠤ᠂ 1.5 ᠲᠦᠮᠡᠨ ᠮᠦ ᠠᠭᠤᠯᠠ ︵ᠡᠯᠡᠰᠦ︶ ᠶᠢ ᠪᠢᠲᠡᠭᠦᠮᠵᠢᠯᠡᠵᠦ ᠣᠶᠢᠵᠢᠭᠤᠯᠤᠨ᠂ 5.44 ᠲᠦᠮᠡᠨ ᠮᠦ ᠮᠠᠭᠤᠳᠠᠭᠰᠠᠨ ᠣᠶ ᠶᠢ ᠵᠠᠰᠠᠨ ᠰᠡᠷᠭᠦᠭᠡᠵᠦ᠂ 0.91 ᠲᠦᠮᠡᠨ ᠮᠦ ᠬᠠᠰᠢᠶᠠᠯᠠᠨ ᠪᠢᠲᠡᠭᠦᠮᠵᠢᠯᠡᠵᠦ ᠣᠶᠢᠵᠢᠭᠤᠯᠤᠨ᠂ 4.72 ᠲᠦᠮᠡᠨ ᠮᠦ ᠡᠯᠡᠰᠦ ᠶᠢ ᠢᠨᠵᠧᠨᠧᠷᠢᠩ ᠢᠶᠠᠷ ᠲᠣᠭᠲᠠᠪᠤᠷᠢᠵᠢᠭᠤᠯᠵᠤ᠂ 2.41 ᠲᠦᠮᠡᠨ ᠮᠦ ᠡᠯᠡᠰᠦ ᠶᠢ ᠭᠡᠷᠡᠯᠴᠢ ᠴᠡᠨᠡᠭ ᠢᠶᠠᠷ ᠵᠠᠰᠠᠪᠠ᠃    ᠳᠤᠷᠠᠳᠤᠭᠤᠰᠢᠲᠠᠢ ᠨᠢ᠂ ᠡᠨᠡ ᠵᠢᠯ ᠤᠯᠠᠭᠠᠨᠬᠠᠳᠠ ᠬᠤᠲᠠ ᠴᠦᠯᠵᠢᠯᠲᠡ ᠶᠢ ᠰᠡᠷᠭᠡᠶᠢᠯᠡᠨ ᠵᠠᠰᠠᠬᠤ ᠪᠠ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠬᠤᠣᠰ ᠴᠢᠭᠯᠡᠯ ᠢᠶᠠᠷ ᠬᠦᠴᠦᠯᠡᠬᠦ ᠶᠢ ᠠᠬᠢᠭᠤᠯᠵᠤ᠂ ᠪᠥᠬᠦ ᠬᠤᠲᠠ ᠪᠠᠷ ᠢᠶᠠᠨ ᠵᠢᠯ ᠳᠤ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠢᠨᠵᠧᠨᠧᠷᠢᠩ ᠢ 120 ᠲᠦᠮᠡᠨ ᠺᠢᠯᠣᠸᠠᠲ ᠪᠦᠲᠦᠭᠡᠨ ᠪᠠᠶᠢᠭᠤᠯᠵᠤ᠂ 20 ᠲᠦᠮᠡᠨ ᠮᠦ ᠡᠯᠡᠰᠦᠷᠬᠡᠭ ᠭᠠᠵᠠᠷ ᠢ ᠵᠠᠰᠠᠬᠤ ᠪᠠᠷ ᠲᠥᠯᠥᠪᠯᠡᠵᠦ ᠪᠠᠶᠢᠨ᠎ᠠ᠃ 2025 ᠣᠨ ᠪᠣᠯᠬᠤ ᠳᠤ᠂ ᠰᠢᠨ᠎ᠡ ᠡᠨᠧᠷᠭᠢ ᠪᠣᠯᠣᠨ ᠡᠯᠡᠰᠦ ᠶᠢ ᠵᠠᠰᠠᠬᠤ ᠢᠨᠵᠧᠨᠧᠷᠢᠩ ᠵᠡᠷᠭᠡ ᠪᠠᠷ ᠳᠠᠭᠤᠰᠴᠤ ᠦᠷ᠎ᠡ ᠪᠦᠲᠦᠮᠵᠢ ᠣᠯᠵᠤ᠂ ᠬᠤᠶᠠᠷ ᠶᠡᠭᠡ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠢᠯᠠᠯᠲᠠ ᠶᠢ ᠣᠯᠬᠤ ᠳᠤ ᠬᠦᠴᠦ ᠨᠡᠮᠡᠷᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号