ᠰᠤᠷᠭᠠᠭᠤᠯᠢ ᠶᠢᠨ ᠲᠡᠷᠭᠡ ᠠᠶᠤᠯ ᠳᠤ ᠤᠴᠠᠷᠠᠪᠠᠯ ᠶᠠᠭᠠᠬᠢᠬᠤ ᠪᠣᠶ︖ ᠡᠯ᠎ᠡ ᠭᠠᠵᠠᠷ ᠤᠨ ᠬᠢᠨ ᠰᠤᠷᠤᠭᠴᠢᠳ ᠤᠨ ᠠᠶᠤᠯ ᠲᠦᠭᠰᠢᠭᠦᠷᠢ ᠶᠢ ᠮᠡᠳᠡᠵᠦ ᠠᠶᠤᠯ ᠠᠴᠠ ᠵᠠᠶᠢᠯᠠᠬᠤ ᠠᠮᠤᠷ ᠲᠦᠪᠰᠢᠨ ᠤ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠬᠦᠯᠬᠦ ᠬᠡᠷᠡᠭᠳᠡᠢ
ᠨᠡᠶᠢᠲᠡᠯᠡᠭᠰᠡᠨ ᠴᠠᠭ᠄
2024/7/19
   ᠣᠶᠢᠷ᠎ᠠ ᠳᠤ᠂ ᠡᠯ᠎ᠡ ᠭᠠᠵᠠᠷ ᠤᠨ ᠬᠢᠨ ᠣᠯᠠᠨ ᠬᠡᠯᠪᠡᠷᠢ ᠶᠢᠨ ᠠᠵᠢᠯᠯᠠᠭ᠎ᠠ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠠᠪᠰᠤᠷᠤᠨ ᠠᠮᠤᠷ ᠲᠦᠪᠰᠢᠨ ᠤ ᠤᠬᠠᠮᠰᠠᠷ ᠢ ᠨᠢ ᠳᠡᠭᠡᠭᠰᠢᠯᠡᠭᠦᠯᠵᠦ᠂ ᠠᠮᠤᠷ ᠲᠦᠪᠰᠢᠨ ᠤ ᠮᠡᠳᠡᠯᠭᠡ ᠶᠢ ᠰᠤᠷᠤᠯᠴᠠᠭᠤᠯᠵᠤ᠂ ᠠᠮᠤᠷ ᠲᠦᠪᠰᠢᠨ ᠤ ᠤᠷ᠎ᠠ ᠴᠢᠳᠠᠪᠤᠷᠢ ᠶᠢ ᠡᠵᠡᠮᠰᠢᠭᠦᠯᠪᠡ᠃    ᠵᠠᠮ ᠬᠠᠷᠢᠯᠴᠠᠭᠠᠨ ᠤ ᠴᠠᠭᠳᠠᠭ᠎ᠠ ᠰᠤᠷᠭᠠᠭᠤᠯᠢ ᠶᠢᠨ ᠬᠦᠷᠢᠶᠡᠨ ᠳᠤ ᠣᠷᠣᠵᠤ ᠠᠮᠤᠷ ᠲᠦᠪᠰᠢᠨ ᠢ ᠰᠠᠬᠢᠨ ᠬᠠᠮᠠᠭᠠᠯᠠᠵᠤ ᠦᠰᠦᠨ ᠪᠤᠶᠢᠵᠢᠬᠤ ᠶᠢ ᠤᠬᠠᠭᠤᠯᠪᠠ    ᠭᠤᠸᠠᠩᠰᠢ ᠶᠢᠨ ᠬᠦᠶ ᠭᠠᠩ ᠳᠤ᠂ ᠵᠠᠮ ᠬᠠᠷᠢᠯᠴᠠᠭᠠᠨ ᠤ ᠴᠠᠭᠳᠠᠭ᠎ᠠ ᠰᠤᠷᠭᠠᠭᠤᠯᠢ ᠶᠢᠨ ᠬᠦᠷᠢᠶᠡᠨ ᠳᠤ ᠣᠷᠣᠬᠤ ᠶᠢ ᠤᠬᠠᠭᠤᠯᠵᠤ᠂ ᠬᠠᠷᠢᠶᠠᠲᠤ ᠣᠷᠣᠨ ᠤ ᠣᠶᠢᠷ᠎ᠠ ᠶᠢᠨ ᠵᠢᠯ ᠳᠤ ᠡᠭᠦᠰᠦᠭᠰᠡᠨ ᠰᠤᠷᠤᠭᠴᠢᠳ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠪᠠ ᠠᠳᠡᠯ ᠳᠤ ᠬᠤᠯᠪᠣᠭᠳᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠪᠦᠬᠦᠯᠢ 12 ᠨᠠᠰᠤ ᠬᠦᠷᠦᠭᠡᠳᠦᠢ ᠳᠤᠭᠤᠶ ᠲᠡᠷᠭᠡ ᠤᠨᠤᠭᠰᠠᠨ᠂ ᠪᠦᠬᠦᠯᠢ 16 ᠨᠠᠰᠤ ᠬᠦᠷᠦᠭᠡᠳᠦᠢ ᠪᠠᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠯᠣᠭᠤᠳᠤᠭᠰᠠᠨ᠂ ᠦᠨᠡᠮᠯᠡᠯ ᠥᠬᠡᠶ ᠪᠠᠷ ᠴᠠᠬᠢᠯᠭᠠᠨ ᠬᠥᠳᠡᠯᠭᠡᠭᠦᠷᠲᠦ ᠮᠣᠲ᠋ᠣᠷ ᠲᠡᠷᠭᠡ ᠵᠢᠯᠣᠭᠤᠳᠤᠭᠰᠠᠨ᠂ ᠬᠤᠶᠠᠷ ᠬᠦᠷᠳᠦᠲᠦ ᠮᠣᠲ᠋ᠣᠷ ᠲᠡᠷᠭᠡ ᠵᠢᠯᠣᠭᠤᠳᠤᠭᠰᠠᠨ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ᠂ ᠬᠡᠲᠦ ᠬᠤᠷᠳᠤᠴᠠᠲᠤ ᠲᠡᠷᠭᠡ ᠵᠢᠯᠣᠭᠤᠳᠤᠭᠰᠠᠨ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠲᠤᠯᠭᠠᠷᠠᠵᠤ ᠪᠠᠶᠢᠭ᠎ᠠ ᠬᠠᠤᠯᠢ ᠶᠢᠨ ᠬᠠᠷᠢᠭᠤᠴᠠᠯᠭ᠎ᠠ ᠪᠠ ᠬᠦᠨᠳᠦ ᠨᠣᠴᠢᠲᠠᠶ ᠨᠡᠶᠢᠭᠡᠮ ᠤᠨ ᠦᠷ᠎ᠡ ᠤᠷᠰᠢᠭ ᠢ ᠭᠤᠤᠯᠳᠠᠯᠭ᠎ᠠ ᠲᠠᠢ ᠪᠠᠷ ᠲᠣᠳᠣᠷᠬᠠᠶᠢᠯᠠᠵᠤ᠂ ᠰᠤᠷᠤᠭᠴᠢᠳ ᠢ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠬᠥᠮᠦᠵᠢᠭᠦᠯᠪᠡ᠃    ᠭᠤᠸᠠᠩᠰᠢ ᠶᠢᠨ ᠬᠦᠶ ᠭᠠᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠭᠢ ᠶᠢᠨ ᠤᠬᠠᠭᠤᠯᠭ᠎ᠠ ᠶᠢᠨ ᠰᠠᠯᠠᠭᠠᠨ ᠤ ᠠᠷᠠᠳ ᠤᠨ ᠴᠠᠭᠳᠠᠭ᠎ᠠ ᠹᠦ᠋ ᠢᠦᠶ᠄ ᠠᠶᠤᠯ ᠲᠦᠭᠰᠢᠭᠦᠷᠢ ᠶᠢ ᠮᠡᠳᠡᠵᠦ ᠠᠶᠤᠯ ᠠᠴᠠ ᠵᠠᠶᠢᠯᠠᠬᠤ ᠠᠮᠤᠷ ᠲᠦᠪᠰᠢᠨ ᠤ ᠬᠠᠮᠠᠭᠠᠯᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠰᠠᠶᠢᠨ ᠰᠠᠶᠢᠬᠠᠨ ᠪᠣᠯᠪᠠᠰᠤᠨ ᠳᠠᠳᠬᠠᠯ ᠢ ᠪᠣᠶ ᠪᠣᠯᠭᠠᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠶ᠃    ᠰᠤᠷᠭᠠᠭᠤᠯᠢ ᠶᠢᠨ ᠲᠡᠷᠭᠡ ᠠᠶᠤᠯ ᠳᠤ ᠲᠤᠯᠭᠠᠷᠠᠪᠠᠯ ᠰᠠᠨᠳᠤᠷᠴᠤ ᠪᠣᠯᠬᠤ ᠦᠭᠡᠢ    ᠰᠤᠷᠭᠠᠭᠤᠯᠢ ᠶᠢᠨ ᠲᠡᠷᠭᠡ ᠪᠣᠯ ᠰᠤᠷᠤᠭᠴᠢᠳ ᠤᠨ ᠡᠳᠦᠷ ᠪᠦᠷᠢ ᠶᠢᠨ ᠰᠠᠭᠤᠳᠠᠭ ᠵᠠᠮ ᠬᠠᠷᠢᠯᠴᠠᠭᠠᠨ ᠤ ᠪᠠᠭᠠᠵᠢ ᠮᠥᠨ᠃ ᠬᠤᠨᠠᠨ ᠤ ᠴᠧᠨ ᠵᠧᠤ ᠶᠢᠨ ᠶᠦᠩ ᠰᠢᠩ ᠰᠢᠶᠠᠨ ᠳᠤ᠂ ᠭᠠᠯ ᠤᠨᠲᠠᠷᠭᠠᠬᠤ ᠠᠵᠢᠯ ᠤᠨ ᠤᠬᠠᠭᠤᠯᠤᠭᠴᠢᠳ ᠰᠤᠷᠭᠠᠭᠤᠯᠢ ᠶᠢᠨ ᠲᠡᠷᠭᠡᠨ ᠳᠤ ᠰᠠᠭᠤᠵᠤ᠂ ᠰᠤᠷᠭᠠᠭᠤᠯᠢ ᠶᠢᠨ ᠲᠡᠷᠭᠡᠨ ᠳᠤ ᠰᠠᠭᠤᠬᠤ ᠳᠤ ᠲᠣᠬᠢᠶᠠᠯᠳᠤᠵᠤ ᠮᠡᠳᠡᠬᠦ ᠪᠠᠴᠢᠮ ᠪᠠᠶᠢᠳᠠᠯ ᠳᠤ ᠴᠢᠭᠯᠡᠭᠦᠯᠦᠨ᠂ ᠰᠤᠷᠤᠭᠴᠢᠳ ᠲᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠬᠢᠵᠡᠶ᠃    ᠬᠤᠨᠠᠨ ᠤ ᠶᠦᠩ ᠰᠢᠩ ᠰᠢᠶᠠᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠤᠬᠠᠭᠤᠯᠤᠭᠴᠢ ᠯᠢ ᠬᠤᠢ᠄ ᠤᠯᠠᠭᠠᠨ ᠳᠠᠷᠤᠪᠴᠢ ᠶᠢ ᠳᠠᠷᠤᠵᠤ᠂ ᠬᠠᠮᠤᠭ ᠰᠡᠭᠦᠯ ᠳᠤ ᠭᠠᠷ ᠢᠶᠠᠨ ᠲᠠᠲᠠᠵᠤ᠂ ᠲᠡᠷᠭᠡᠨ ᠡᠭᠦᠳᠡ ᠶᠢ ᠲᠦᠯᠬᠢᠪᠡᠯ ᠪᠣᠯᠴᠢᠬᠠᠨ᠎ᠠ᠂ ᠪᠠᠴᠢᠮ ᠪᠠᠢᠳᠠᠯ ᠲᠤᠯᠭᠠᠷᠠᠪᠠᠯ᠂ ᠮᠠᠨ ᠤ ᠲᠡᠷᠭᠡᠨ ᠡᠭᠦᠳᠡ ᠨᠡᠭᠡᠭᠡᠭᠳᠡᠬᠦ ᠶᠢᠨ ᠠᠷᠭ᠎ᠠ ᠦᠭᠡᠢ ᠪᠣᠯ᠂ ᠪᠢᠳᠡ ᠲᠡᠷᠭᠡᠨ ᠳᠡᠭᠡᠷᠡᠬᠢ ᠠᠮᠤᠷ ᠲᠦᠪᠰᠢᠨ ᠤ ᠠᠯᠤᠬ᠎ᠠ ᠵᠡᠷᠭᠡ ᠪᠣᠳᠠᠰ ᠢᠶᠠᠷ ᠰᠢᠯ ᠤᠨ ᠬᠥᠪᠡᠭᠡ ᠶᠢᠨ ᠳᠦᠷᠪᠡᠨ ᠥᠨᠴᠥᠭ ᠢ ᠲᠣᠭᠰᠢᠵᠤ ᠪᠣᠯᠤᠨ᠎ᠠ᠂ ᠢᠩᠭᠢᠪᠡᠯ ᠰᠢᠯ ᠢ ᠮᠠᠰᠢ ᠠᠮᠠᠷᠬᠠᠨ ᠬᠠᠭᠠᠯᠵᠤ᠂ ᠪᠢᠳᠡ ᠳᠤᠲᠠᠭᠠᠨ ᠭᠠᠷᠴᠤ ᠪᠣᠯᠤᠨ᠎ᠠ᠃     ᠠᠮᠤᠷ ᠲᠦᠪᠰᠢᠨ ᠴᠠᠬᠢᠯᠭᠠᠨ ᠬᠡᠷᠡᠭᠯᠡᠬᠦ ᠤᠬᠠᠮᠰᠠᠷ ᠢ ᠪᠣᠶ ᠪᠣᠯᠭᠠᠵᠤ᠂ ᠴᠠᠬᠢᠯᠭᠠᠨ ᠳᠤ ᠴᠣᠬᠢᠭᠳᠠᠬᠤ  ᠠᠴᠠ ᠬᠤᠯᠠ ᠪᠠᠶᠢᠯᠭᠠᠬᠤ ᠬᠡᠷᠡᠭᠲᠡᠶ     ᠱᠠᠨ ᠰᠢ ᠶᠢᠨ ᠲᠠᠶᠢᠶᠤᠸᠠᠨ ᠤ ᠢᠦᠶ ᠼᠠᠢ ᠪᠠᠭ᠎ᠠ ᠰᠤᠷᠭᠠᠭᠤᠯᠢ ᠳᠤ᠂ ᠲᠤᠬᠠᠶ ᠶᠢᠨ ᠭᠠᠵᠠᠷ ᠤᠨ ᠴᠠᠬᠢᠯᠭᠠᠨ ᠬᠦᠴᠦᠨ ᠤ ᠰᠠᠯᠠᠭ᠎ᠠ ᠮᠥᠴᠢᠷ ᠤᠨ ᠰᠠᠶᠢᠨ ᠳᠤᠷᠠᠴᠤᠳ ᠰᠤᠷᠤᠭᠴᠢᠳ ᠲᠤ ᠴᠠᠬᠢᠯᠭᠠᠨ ᠳᠤ ᠴᠣᠬᠢᠭᠳᠠᠭᠰᠠᠨ ᠪᠠᠴᠢᠮ ᠠᠪᠤᠷᠬᠠᠤ ᠤᠷ᠎ᠠ ᠴᠢᠳᠠᠪᠤᠷᠢ ᠶᠢ ᠦᠵᠡᠭᠦᠯᠬᠦ ᠶᠢᠨ ᠬᠠᠮᠲᠤ᠂ ᠬᠢᠴᠢᠶᠡᠯ᠂ ᠸᠢᠳᠢᠣ᠋᠂ ᠠᠰᠠᠭᠤᠯᠲᠠ ᠬᠠᠷᠢᠭᠤᠯᠲᠠ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠡᠦᠬᠡᠳ ᠤᠳ ᠲᠤ ᠴᠠᠬᠢᠯᠭᠠᠨ ᠬᠦᠴᠦᠨ ᠤ ᠰᠠᠭᠤᠷᠢ ᠮᠡᠳᠡᠯᠭᠡ ᠵᠢᠴᠢ ᠡᠳᠦᠷ ᠲᠤᠲᠤᠮ ᠤᠨ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠲᠤᠬᠠᠶ ᠶᠡᠷᠦ ᠶᠢᠨ ᠮᠡᠳᠡᠯᠭᠡ ᠶᠢ ᠲᠠᠶᠢᠯᠪᠤᠷᠢᠯᠠᠨ ᠥᠭᠪᠡ᠃    ᠱᠠᠨ ᠰᠢ ᠮᠤᠵᠢ ᠶᠢᠨ ᠲᠠᠶᠢᠶᠤᠸᠠᠨ ᠬᠤᠲᠠ ᠶᠢᠨ ᠢᠦᠶ ᠼᠠᠢ ᠪᠠᠭ᠎ᠠ ᠰᠤᠷᠭᠠᠭᠤᠯᠢ ᠶᠢᠨ ᠰᠣᠷᠣᠭᠴᠢ ᠬᠤᠤ ᠮᠥ ᠴᠧᠩ᠄ ᠡᠨᠡ ᠬᠢᠴᠢᠶᠡᠯ ᠢᠶᠠᠷ ᠳᠡᠮᠵᠢᠨ᠂ ᠪᠢᠳᠡ ᠮᠠᠰᠢ ᠣᠯᠠᠨ ᠠᠮᠤᠷ ᠲᠦᠪᠰᠢᠨ ᠴᠠᠬᠢᠯᠭᠠᠨ ᠬᠡᠷᠡᠭᠯᠡᠬᠦ ᠶᠡᠷᠦ ᠶᠢᠨ ᠮᠡᠳᠡᠯᠭᠡ ᠶᠢ ᠰᠤᠷᠤᠯᠴᠠᠵᠤ᠂ ᠮᠠᠰᠢ ᠶᠡᠭᠡ ᠣᠯᠤᠯᠲᠠ ᠲᠠᠢ ᠪᠣᠯᠵᠠᠶ᠃ ᠭᠠᠳᠠᠭᠰᠢ ᠭᠠᠷᠬᠤ ᠦᠶ᠎ᠡ ᠳᠤ᠂ ᠬᠡᠷ ᠲᠡᠭᠡᠨ ᠦᠷᠭᠦᠯᠵᠢ ᠬᠡᠷᠡᠭᠯᠡᠳᠡᠭ ᠥᠬᠡᠶ ᠴᠠᠬᠢᠯᠭᠠᠨ ᠬᠡᠷᠡᠭᠰᠡᠯ ᠢ ᠬᠠᠭᠠᠬᠤ ᠶᠢᠨ ᠬᠠᠮᠲᠤ ᠴᠠᠬᠢᠯᠭᠠᠨ ᠡᠭᠦᠰᠭᠡᠭᠴᠢ ᠶᠢᠨ ᠤᠭᠯᠠᠭᠤᠷ ᠢ ᠨᠢ ᠠᠪᠴᠤ ᠬᠠᠶᠠᠬᠤ ᠬᠡᠷᠡᠭᠲᠡᠶ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号