ᠵᠥᠪ ᠳᠤᠯᠠᠭᠠᠴᠠᠬᠤ ᠠᠷᠭ᠎ᠠ ᠶᠢ ᠲᠠ ᠤᠶᠢᠯᠠᠭᠠᠬᠤ ᠤᠤ
ᠨᠡᠶᠢᠲᠡᠯᠡᠭᠰᠡᠨ ᠴᠠᠭ᠄
2024/7/19
    ᠨᠠᠮᠤᠷ ᠡᠪᠦᠯ ᠤᠨ ᠤᠯᠠᠷᠢᠯ ᠳᠤ ᠳᠤᠯᠠᠭᠠᠯᠠᠭ᠎ᠠ ᠶᠢᠨ ᠲᠥᠬᠦᠭᠡᠷᠦᠮᠵᠢ ᠶᠢ ᠬᠡᠷᠡᠭᠯᠡᠬᠦ ᠳᠡᠭᠡᠨ ᠵᠢᠭᠠᠬᠠᠨ ᠬᠢᠴᠢᠶᠡᠬᠦ ᠦᠭᠡᠢ ᠪᠣᠯ ᠭᠠᠯ ᠤᠨ ᠠᠶᠤᠯ ᠠᠮᠠᠷᠬᠠᠨ ᠡᠭᠦᠰᠳᠡᠭ᠃ ᠦᠵᠡᠬᠦ ᠳᠤ ᠰᠠᠨᠠᠮᠰᠠᠷ ᠦᠭᠡᠢ ᠮᠠᠭᠤ ᠳᠠᠳᠬᠠᠯ᠂ ᠳᠠᠯᠳᠠ ᠠᠶᠤᠯ ᠢ ᠭᠠᠯ ᠤᠨ ᠠᠶᠤᠯ ᠡᠭᠦᠰᠭᠡᠭᠰᠡᠨ ᠬᠡᠷᠡᠭ ᠤᠨ ᠡᠵᠡᠨ ᠪᠣᠯᠭᠠᠨ᠎ᠠ᠃ ᠬᠤᠷᠳᠤᠨ ᠥᠪᠡᠷ ᠤᠨ ᠪᠠᠶᠢᠴᠠᠭᠠᠯᠲᠠ  ᠬᠢᠬᠡᠷᠡᠢ᠂ ᠳᠤᠤᠷᠠᠬᠢ ᠮᠠᠭᠤ ᠳᠠᠳᠬᠠᠯ ᠳᠤ ᠲᠠ ᠬᠡᠲᠦ ᠦᠷᠳᠡᠭᠰᠡᠨ ᠪᠤᠢ᠃    ᠬᠥᠮᠦᠨ ᠨᠢ ᠰᠠᠯᠤᠭᠰᠠᠨ ᠴᠤ ᠴᠠᠬᠢᠯᠭᠠᠨ ᠠᠴᠠ ᠰᠠᠯᠬᠤ ᠦᠭᠡᠢ ᠳᠠᠳᠬᠠᠯ    ᠣᠯᠠᠩᠬᠢ ᠬᠥᠮᠦᠰ ᠭᠠᠳᠠᠭᠰᠢ ᠭᠠᠷᠬᠤ ᠳᠤ ᠪᠠᠨ ᠨᠠᠷᠢᠨ ᠪᠠᠶᠢᠴᠠᠭᠠᠭᠰᠠᠨ ᠦᠭᠡᠢ ᠠᠴᠠ ᠶᠡᠷᠦ ᠨᠢ ᠴᠠᠬᠢᠯᠭᠠᠨ ᠨᠡᠪᠲᠡᠷᠡᠬᠦ ᠪᠠᠢᠳᠠᠯ ᠳᠤ ᠪᠠᠶᠢᠳᠠᠭ᠃ ᠳᠤᠯᠠᠭᠠᠨ ᠤ ᠬᠡᠮᠵᠢᠶ᠎ᠡ ᠦᠷᠭᠦᠯᠵᠢᠯᠡᠨ ᠳᠡᠭᠡᠭᠰᠢᠯᠡᠬᠦ ᠠᠴᠠ ᠪᠣᠯᠵᠤ᠂ ᠱᠠᠹᠠ ᠪᠤᠶᠤ ᠪᠤᠰᠤᠳ ᠪᠣᠳᠠᠰ ᠢ ᠠᠮᠠᠷᠬᠠᠨ ᠨᠣᠴᠣᠭᠠᠬᠤ ᠪᠥᠭᠡᠳ ᠨᠣᠴᠣᠭᠠᠪᠠᠯ ᠠᠮᠠᠷᠬᠠᠨ ᠳᠡᠯᠪᠡᠷᠡᠨ᠎ᠡ᠃    ᠳᠤᠯᠠᠭᠠᠯᠠᠬᠤ ᠴᠠᠬᠢᠯᠭᠠᠨ ᠬᠡᠷᠡᠭᠰᠡᠯ ᠢᠶᠠᠷ ᠬᠤᠪᠴᠠᠰᠤ ᠬᠤᠨᠠᠷ ᠢᠶᠠᠨ ᠬᠠᠭᠰᠠᠭᠠᠬᠤ ᠪᠤᠶᠤ ᠣᠶᠢᠷ᠎ᠠ ᠵᠠᠶ ᠠᠴᠠ ᠳᠤᠯᠠᠭᠠᠯᠠᠬᠤ ᠳᠠᠳᠬᠠᠯ     ᠬᠥᠮᠦᠰ ᠳᠠᠳᠬᠠᠯ ᠢᠶᠠᠷ ᠤᠢᠢᠷ᠎ᠠ ᠵᠠᠢ ᠳᠤ ᠭᠠᠯ ᠲᠦᠯᠡᠵᠦ ᠳᠤᠯᠠᠭᠠᠯᠠᠬᠤ᠂ ᠴᠢᠨᠠᠭᠰᠢᠯᠠᠭᠠᠳ ᠬᠤᠪᠴᠠᠰᠤ ᠪᠠᠨ ᠳᠤᠯᠠᠭᠠᠴᠠᠭᠤᠷ ᠳᠡᠭᠡᠷ᠎ᠡ ᠪᠦᠲᠡᠭᠡᠵᠦ ᠬᠠᠭᠰᠠᠭᠠᠳᠠᠭ᠃ ᠡᠶᠢᠮᠤ ᠠᠷᠭ᠎ᠠ ᠨᠢ ᠠᠮᠠᠷᠬᠠᠨ ᠭᠠᠯ ᠤᠨ ᠠᠶᠤᠯ ᠡᠭᠦᠰᠭᠡᠨ᠎ᠡ᠃    ᠳᠤᠯᠠᠭᠠᠴᠠᠭᠤᠷ ᠲᠠᠢ ︽ᠳᠣᠲᠣᠨᠣ ᠬᠠᠷᠢᠯᠴᠠᠬᠤ︾     ᠴᠥᠭᠡᠨ ᠪᠤᠰᠤ ᠬᠥᠮᠦᠰ ᠳᠤᠯᠠᠭᠠᠴᠠᠭᠤᠷ᠂ ᠬᠠᠯᠠᠭᠤᠨ ᠤᠰᠤᠨ ᠤ ᠤᠭᠤᠲᠠ᠂ USB ᠵᠠᠯᠭᠠᠭᠤᠷ ᠲᠠᠢ ᠳᠤᠯᠠᠭᠠᠴᠠᠭᠤᠷ ᠵᠡᠷᠭᠡ ᠳᠤᠯᠠᠭᠠᠮᠵᠢ ᠶᠢᠨ ᠲᠥᠬᠦᠭᠡᠷᠦᠮᠵᠢ ᠶᠢ ᠬᠡᠷᠡᠭᠯᠡᠵᠦ ᠳᠠᠳᠤᠭᠰᠠᠨ ᠪᠣᠯᠪᠠᠴᠤ ᠰᠢᠭᠤᠳ ᠬᠦᠷᠦᠯᠴᠡᠬᠦ ᠪᠤᠶᠤ ᠤᠳᠠᠭᠠᠨ ᠬᠦᠷᠦᠯᠴᠡᠪᠡᠯ ᠠᠮᠠᠷᠬᠠᠨ ᠠᠷᠠᠰᠤ ᠶᠢ ᠬᠠᠯᠠᠭᠠᠳᠠᠭ
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号