ᠰᠢᠷᠦᠭᠦᠨ ᠪᠣᠷᠣᠭᠠᠨ ᠲᠠᠢ ᠡᠳᠦᠷ ᠭᠠᠳᠠᠨ᠎ᠠ ᠴᠠᠬᠢᠯᠭᠠᠨ ᠳᠤ ᠴᠣᠬᠢᠭᠳᠠᠬᠤ ᠠᠴᠠ ᠬᠡᠷᠬᠢᠨᠰᠡᠷᠬᠡᠶᠢᠯᠡᠬᠦ ᠪᠣᠶ
ᠨᠡᠶᠢᠲᠡᠯᠡᠭᠰᠡᠨ ᠴᠠᠭ᠄
2024/7/19
    ᠰᠢᠷᠦᠭᠦᠨ ᠪᠣᠷᠣᠭᠠᠨ ᠲᠠᠢ ᠡᠳᠦᠷ ᠭᠠᠳᠠᠨ᠎ᠠ ᠬᠡᠷᠬᠢᠨ ᠴᠠᠬᠢᠯᠭᠠᠨ ᠳᠤ ᠴᠣᠬᠢᠭᠳᠠᠬᠤ ᠠᠴᠠ ᠬᠡᠷᠬᠢᠨᠰᠡᠷᠭᠡᠶᠢᠯᠡᠬᠦ ᠪᠤᠢ︖ ᠳᠤᠤᠷᠠᠬᠢ ᠶᠢᠰᠦᠨ ᠵᠤᠷᠪᠤᠰ ᠢ ᠲᠠᠮᠡᠳᠡᠬᠦ ᠬᠡᠷᠡᠭᠲᠡᠶ᠃   1. ᠬᠦᠴᠦᠳᠡᠯ ᠥᠭᠡᠷᠡᠴᠢᠯᠡᠭᠴᠢ ᠪᠤᠶᠤ ᠠᠭᠠᠷ ᠤᠲᠠᠰᠤ ᠳᠣᠣᠷ᠎ᠠ ᠪᠣᠷᠣᠭᠠᠨ ᠠᠴᠠ ᠳᠠᠯᠳᠠᠯᠠᠵᠤ ᠪᠣᠯᠬᠤ ᠦᠭᠡᠢ᠃ ᠶᠡᠭᠡ ᠰᠠᠯᠬᠢ ᠨᠢ ᠠᠭᠠᠷ ᠲᠠᠬᠢ ᠴᠠᠬᠢᠯᠭᠠᠨ ᠤᠲᠠᠰᠤ ᠶᠢ ᠬᠤᠭᠤᠯᠵᠤ ᠮᠡᠳᠡᠨ᠎ᠡ᠂ ᠠᠶᠤᠩᠭ᠎ᠠ ᠪᠠ ᠰᠢᠷᠦᠭᠦᠨ ᠪᠣᠷᠣᠭᠠᠨ ᠨᠢ ᠠᠮᠠᠷᠬᠠᠨ ᠨᠢᠴᠦᠭᠦᠨ ᠤᠲᠠᠰᠤ ᠪᠤᠶᠤ ᠬᠦᠴᠦᠳᠡᠯ ᠥᠭᠡᠷᠡᠴᠢᠯᠡᠭᠴᠢ ᠶᠢᠨ ᠳᠥᠲᠡᠯᠡᠯ᠂ ᠨᠢᠷᠭᠡᠯᠭᠡ ᠶᠢ ᠡᠭᠦᠰᠭᠡᠵᠦ᠂ ᠬᠥᠮᠦᠨ ᠤ ᠪᠡᠶ᠎ᠡ ᠶᠢᠨ ᠠᠮᠤᠷ ᠲᠦᠪᠰᠢᠨ ᠳᠤ ᠰᠦᠷᠳᠡᠭᠦᠯᠦᠯ ᠪᠣᠯᠳᠠᠭ᠃   2. ᠪᠢᠲᠡᠭᠡᠢ ᠴᠠᠬᠢᠯᠭᠠᠨ ᠬᠠᠩᠭᠠᠬᠤ ᠱᠤᠭᠤᠮ ᠲᠠᠢ ᠣᠢ ᠮᠣᠳᠣ ᠪᠤᠶᠤ ᠵᠠᠷ ᠮᠡᠳᠡᠭᠡᠨ ᠤ ᠫᠠᠶᠢᠰᠠ ᠳᠣᠣᠷ᠎ᠠ ᠪᠣᠷᠣᠭᠠᠨ ᠠᠴᠠ ᠳᠠᠯᠳᠠᠯᠠ᠃ ᠶᠡᠭᠡ ᠰᠠᠯᠬᠢ ᠮᠣᠳᠣᠨ ᠰᠠᠯᠠᠭ᠎ᠠ ᠶᠢ ᠬᠤᠭᠤᠯᠬᠤ ᠪᠤᠶᠤ ᠵᠠᠷ ᠤᠨ ᠫᠠᠶᠢᠰᠠ ᠶᠢ ᠤᠨᠠᠭᠠᠪᠠᠯ᠂ ᠴᠢᠩᠭ᠎ᠠ ᠨᠠᠭᠠᠯᠳᠤᠵᠤ ᠪᠠᠶᠢᠭ᠎ᠠ ᠴᠠᠬᠢᠯᠭᠠᠨ ᠤᠲᠠᠰᠤ ᠶᠢ ᠬᠤᠭᠤᠯᠬᠤ ᠪᠤᠶᠤ ᠴᠠᠬᠢᠯᠭᠠᠨ ᠤᠲᠠᠰᠤᠨ ᠳᠡᠭᠡᠷ᠎ᠡ ᠲᠠᠯᠪᠢᠵᠤ ᠮᠡᠳᠡᠨ᠎ᠡ᠃ ᠬᠥᠮᠦᠨ ᠤ ᠪᠡᠶ᠎ᠡ ᠪᠠᠯᠪᠠᠴᠢᠭᠳᠠᠭᠰᠠᠨ ᠴᠠᠬᠢᠯᠭᠠᠨ ᠤᠲᠠᠰᠤ ᠵᠢᠴᠢ ᠨᠣᠷᠣᠭᠳᠠᠭᠰᠠᠨ ᠮᠣᠳᠣ ᠪᠤᠶᠤ ᠲᠡᠮᠦᠷᠯᠢᠭ ᠵᠠᠷ ᠮᠡᠳᠡᠭᠡᠨ ᠤ ᠫᠠᠶᠢᠰᠠ ᠲᠠᠢ ᠬᠦᠷᠦᠯᠴᠡᠪᠡᠯ ᠲᠦᠢᠯ ᠤᠨ ᠠᠶᠤᠯᠲᠠᠶ ᠪᠠᠶᠢᠳᠠᠭ᠃   3. ᠴᠠᠬᠢᠯᠭᠠᠨ ᠤᠲᠠᠰᠤᠨ ᠤ ᠣᠷᠴᠢᠮ ᠤᠨ ᠮᠣᠳᠣᠨ ᠳᠤ ᠪᠢᠲᠡᠭᠡᠶ ᠭᠠᠷ ᠬᠥᠷ᠃ ᠮᠣᠳᠣᠨ ᠤ ᠵᠢᠯ ᠳᠠᠷᠠᠭᠠᠯᠠᠨ ᠥᠨᠳᠥᠷᠵᠢᠬᠦ ᠶᠢ ᠳᠠᠭᠠᠯᠳᠤᠨ᠂ ᠵᠠᠷᠢᠮ ᠴᠠᠬᠢᠯᠭᠠᠨ ᠤᠲᠠᠰᠤ ᠨᠢ ᠨᠢᠭᠡᠨᠲᠡ ᠮᠣᠳᠣᠨ ᠤ ᠣᠷᠣᠶ ᠳᠤ ᠬᠦᠷᠢᠶᠡᠯᠡᠭᠳᠡᠭᠰᠡᠨ ᠪᠥᠭᠡᠳ ᠴᠠᠬᠢᠯᠭᠠᠨ ᠤᠲᠠᠰᠤ ᠨᠢ ᠣᠷᠳᠣ ᠬᠤᠭᠤᠴᠠᠭᠠᠨ ᠤ ᠦᠷᠦᠯᠲᠡ ᠪᠠᠷ ᠳᠡᠮᠵᠢᠨ ᠬᠥᠨᠳᠡᠶᠢᠷᠡᠭᠦᠯᠦᠭᠴᠢ ᠳᠠᠪᠬᠤᠷᠭ᠎ᠠ ᠶᠢᠨ ᠡᠪᠳᠡᠭᠳᠡᠯ ᠲᠠᠢ ᠪᠣᠯᠵᠣ ᠮᠡᠳᠡᠨ᠎ᠡ᠃ ᠠᠶᠤᠩᠭᠠᠲᠤ ᠪᠣᠷᠣᠭᠠᠨ ᠶᠡᠭᠡ ᠰᠠᠯᠬᠢᠯᠠᠬᠤ ᠦᠶᠡᠰ᠂ ᠮᠣᠳᠣ ᠪᠠ ᠵᠠᠮ ᠱᠤᠭᠤᠮ ᠤᠨ ᠬᠤᠭᠤᠷᠣᠨᠳᠣ ᠬᠠᠷᠢᠯᠴᠠᠨ ᠮᠥᠷᠭᠦᠯᠳᠦᠵᠦ᠂ ᠦᠷᠦᠯᠲᠡ ᠡᠭᠦᠰᠴᠦ᠂ ᠳᠥᠲᠡᠯᠡᠯ ᠡᠭᠦᠰᠭᠡᠵᠦ᠂ ᠴᠠᠬᠢᠯᠭᠠᠨ ᠭᠠᠷᠭᠠᠨ᠎ᠠ᠃   4. ᠪᠢᠲᠡᠭᠡᠶ ᠴᠠᠬᠢᠯᠭᠠᠨ ᠤᠲᠠᠰᠤᠨ ᠤ ᠪᠠᠭᠠᠨ᠎ᠠ ᠪᠠ ᠲᠠᠰᠢᠭᠤ ᠲᠠᠲᠠᠬᠤ ᠲᠡᠮᠦᠷ ᠤᠲᠠᠰᠤ ᠲᠠᠢ ᠤᠶᠢᠷᠠᠳᠤᠭᠠᠷᠠᠢ᠃ ᠵᠢᠰᠢᠭᠦᠦ ᠲᠠᠲᠠᠮᠠᠯ ᠲᠡᠮᠦᠷ ᠤᠲᠠᠰᠤᠨ ᠤ ᠳᠡᠭᠡᠷ᠎ᠡ ᠲᠠᠯ᠎ᠠ ᠨᠢ ᠴᠠᠬᠢᠯᠭᠠᠨ ᠤᠲᠠᠰᠤ ᠠᠴᠠ ᠮᠠᠰᠢ ᠣᠶᠢᠷᠠᠬᠠᠨ ᠪᠠᠶᠢᠵᠤ᠂ ᠮᠠᠭᠤ ᠠᠭᠤᠷ ᠠᠮᠢᠰᠬᠤᠯ ᠳᠤ ᠰᠠᠨᠠᠭᠠᠨ ᠳᠤ ᠦᠭᠡᠢ ᠪᠠᠶᠢᠳᠠᠯ ᠭᠠᠷᠴᠤ ᠵᠢᠰᠢᠭᠦᠦ ᠲᠠᠲᠠᠮᠠᠯ ᠲᠡᠮᠦᠷ ᠤᠲᠠᠰᠤ ᠨᠢ ᠴᠠᠬᠢᠯᠭᠠᠨ ᠲᠠᠢ ᠪᠣᠯᠤᠨ᠎ᠠ᠃   5. ᠪᠢᠲᠡᠭᠡᠶ ᠤᠰᠤ ᠬᠤᠷᠠᠮᠳᠤᠭᠰᠠᠨ ᠭᠠᠵᠠᠷ ᠪᠠᠶᠢᠭᠠᠷᠠᠢ᠃ ᠤᠰᠤ ᠬᠤᠷᠠᠭᠰᠠᠨ ᠦᠭᠡᠢ ᠵᠠᠮ ᠢ ᠠᠯᠢ ᠴᠢᠳᠠᠬᠤ ᠪᠠᠷ ᠰᠣᠩᠭᠤᠵᠤ ᠶᠠᠪᠤᠬᠤ ᠬᠡᠷᠡᠭᠲᠡᠶ᠂ ᠬᠡᠷᠪᠡ ᠵᠠᠪᠠᠯ ᠤᠰᠤᠨ ᠳᠤ ᠣᠷᠣᠬᠤ ᠭᠡᠪᠡᠯ᠂ ᠵᠠᠪᠠᠯ  ᠬᠤᠷᠠᠭᠰᠠᠨᠤᠰᠤ ᠳᠣᠲᠣᠷ᠎ᠠ ᠴᠠᠬᠢᠯᠭᠠᠨ ᠤᠲᠠᠰᠤ ᠤᠨᠠᠭᠰᠠᠨ ᠦᠭᠡᠢ ᠪᠠᠶᠢᠬᠤ ᠶᠢ ᠪᠠᠲᠤᠯᠠᠵᠤ᠂ ᠤᠰᠤᠨ ᠴᠣᠭᠴᠠ ᠶᠢᠨ ᠴᠠᠬᠢᠯᠭᠠᠨ ᠳᠠᠮᠵᠢᠭᠤᠯᠬᠤ ᠠᠴᠠ ᠪᠣᠯᠤᠭᠰᠠᠨ ᠴᠠᠬᠢᠯᠭᠠᠨ ᠳᠤ ᠴᠣᠬᠢᠭᠳᠠᠬᠤ ᠠᠳᠡᠯ ᠠᠴᠠ ᠵᠠᠶᠢᠯᠠᠰᠬᠢᠬᠦ ᠬᠡᠷᠡᠭᠲᠡᠶ᠃ ᠬᠡᠷᠪᠡ ᠴᠠᠬᠢᠯᠭᠠᠨ ᠬᠠᠩᠭᠠᠬᠤ ᠱᠤᠭᠤᠮ ᠨᠢ ᠬᠤᠷᠠᠭᠰᠠᠨ ᠤᠰᠤᠨ ᠳᠣᠲᠣᠷ᠎ᠠ ᠲᠠᠰᠤᠷᠠᠭᠰᠠᠨ ᠢ ᠣᠯᠵᠤ ᠮᠡᠳᠡᠪᠡᠯ᠂ ᠶᠠᠭᠠᠬᠢᠭᠰᠠᠨ ᠴᠤ ᠥᠪᠡᠷᠲᠡᠭᠡᠨ ᠰᠢᠢᠳᠪᠦᠷᠢᠯᠡᠵᠤ ᠪᠣᠯᠬᠤ ᠦᠭᠡᠢ᠂ ᠳᠠᠷᠤᠶ ᠲᠦᠷᠭᠡᠨ ᠡᠷᠭᠢᠨ ᠲᠣᠭᠤᠷᠢᠨ ᠳᠤ ᠪᠠᠨ ᠲᠡᠮᠳᠡᠭ ᠲᠠᠯᠪᠢᠵᠤ᠂ ᠪᠤᠰᠤᠳ ᠶᠠᠪᠠᠭᠠᠨ ᠬᠥᠮᠦᠨ ᠢ ᠣᠶᠢᠷᠠᠲᠤᠵᠤ ᠪᠣᠯᠬᠤ ᠦᠭᠡᠢ ᠭᠡᠵᠦ ᠰᠠᠨᠠᠭᠤᠯᠬᠤ ᠶᠢᠨ ᠬᠠᠮᠲᠤ ᠴᠠᠭ ᠲᠤᠬᠠᠶ ᠳᠤᠨᠢ 95598 ᠳᠤ ᠤᠲᠠᠰᠤᠳᠠᠵᠤ ᠴᠠᠬᠢᠯᠭᠠᠨ ᠬᠠᠩᠭᠠᠬᠤ ᠰᠠᠯᠠᠭ᠎ᠠ ᠮᠥᠴᠢᠷ ᠲᠤ ᠪᠠᠴᠢᠮ ᠰᠢᠢᠳᠪᠦᠷᠢᠯᠡᠬᠦ ᠬᠡᠷᠡᠭᠲᠡᠶ᠃   6. ᠵᠠᠷᠢᠮ ᠬᠥᠮᠦᠨ ᠴᠠᠬᠢᠯᠭᠠᠨ ᠳᠤ ᠴᠣᠬᠢᠭᠳᠠᠵᠤ ᠭᠠᠵᠠᠷ ᠤᠨᠠᠬᠤ ᠦᠶᠡᠰ ᠲᠦᠰᠢᠬᠦ ᠪᠠᠷ ᠶᠠᠭᠠᠷᠠᠵᠤ ᠪᠣᠯᠬᠤ ᠦᠭᠡᠢ᠃ ᠬᠡᠷᠪᠡ ᠴᠠᠬᠢᠯᠭᠠᠨ ᠳᠤ ᠴᠣᠬᠢᠭᠳᠠᠭᠰᠠᠨ ᠬᠥᠮᠦᠨ ᠪᠠᠶᠢᠬᠤ ᠶᠢ ᠣᠯᠵᠤ ᠮᠡᠳᠡᠪᠡᠯ᠂ ᠡᠷᠬᠡᠪᠰᠢ ᠪᠠᠴᠢᠮ ᠠᠷᠭ᠎ᠠ ᠬᠡᠮᠵᠢᠶ᠎ᠡ ᠠᠪᠤᠭᠰᠠᠨ ᠤ ᠳᠠᠷᠠᠭ᠎ᠠ ᠰᠠᠶ᠋ᠢ ᠴᠠᠬᠢᠯᠭᠠᠨ ᠳᠤ ᠴᠣᠬᠢᠭᠳᠠᠭᠰᠠᠨ ᠬᠥᠮᠦᠨ ᠢ ᠠᠪᠤᠷᠠᠬᠤ ᠪᠤᠶᠤ 120 ᠳᠤ ᠤᠲᠠᠰᠤᠳᠠᠵᠤ ᠡᠮᠴᠢ ᠰᠤᠪᠢᠯᠠᠭᠴᠢ ᠶᠢ ᠲᠤᠬᠠᠶ ᠶᠢᠨ ᠲᠠᠯᠠᠪᠤᠷ ᠲᠤ ᠠᠪᠤᠷᠠᠨ ᠲᠤᠰᠠᠯᠠᠬᠤ ᠬᠡᠷᠡᠭᠲᠡᠶ᠃ ᠲᠡᠶᠢᠮᠦ ᠪᠢᠰᠢ ᠪᠣᠯ ᠪᠤᠰᠤᠳ ᠢ ᠠᠪᠤᠷᠠᠵᠤ ᠳᠡᠶᠢᠯᠬᠦ ᠦᠭᠡᠢ ᠮᠥᠷᠲᠡᠭᠡᠨ ᠥᠪᠡᠷ ᠢᠶᠠᠨ ᠴᠦ ᠴᠠᠬᠢᠯᠭᠠᠨ ᠳᠤ ᠴᠣᠬᠢᠭᠳᠠᠬᠤ ᠪᠣᠯᠤᠨ᠎ᠠ᠃ ᠪᠢᠲᠡᠭᠡᠢ ᠭᠠᠷ ᠨᠢᠴᠦᠭᠦᠨ ᠢᠶᠠᠷ ᠬᠥᠮᠦᠨ ᠢ ᠠᠪᠤᠷᠠ᠂ ᠪᠢᠲᠡᠭᠡᠢ ᠴᠢᠬᠢᠭ ᠲᠠᠢ ᠪᠠᠭᠠᠵᠢ ᠪᠤᠶᠤ ᠲᠡᠮᠦᠷᠯᠢᠭ ᠪᠣᠳᠠᠰ ᠢᠶᠠᠷ ᠴᠠᠬᠢᠯᠭᠠᠨ ᠤᠲᠠᠰᠤ ᠶᠢ  ᠵᠠᠶᠢᠯᠠᠭᠤᠯᠤᠨ᠂ ᠡᠷᠬᠡᠪᠰᠢ ᠬᠥᠨᠳᠡᠶᠢᠷᠡᠭᠦᠯᠦᠭᠴᠢ ᠪᠠᠭᠠᠵᠢ ᠪᠠᠷ ᠳᠠᠮᠵᠢᠭᠤᠯᠤᠭᠴᠢ ᠤᠲᠠᠰᠤ ᠶᠢ ᠰᠠᠯᠭᠠᠬᠤ ᠬᠡᠷᠡᠭᠳᠡᠢ᠃   7. ᠴᠠᠬᠢᠯᠭᠠᠨ ᠤᠲᠠᠰᠤ ᠥᠪᠡᠷ ᠤᠨ ᠬᠠᠵᠠᠭᠤ ᠳᠤ ᠤᠨᠠᠬᠤ ᠦᠶᠡᠰ ᠪᠢᠲᠡᠭᠡᠶ ᠰᠠᠨᠳᠤᠷ᠃ ᠬᠡᠷᠪᠡ ᠴᠠᠬᠢᠯᠭᠠᠨ ᠬᠦᠴᠦᠨ ᠤ ᠤᠲᠠᠰᠤ ᠶᠠᠭ ᠰᠠᠶᠢᠬᠠᠨ ᠥᠪᠡᠷ ᠤᠨ ᠪᠡᠶ᠎ᠡ ᠠᠴᠠ  ᠮᠠᠰᠢ ᠣᠶᠢᠷᠠᠬᠠᠨ ᠭᠠᠵᠠᠷ ᠳᠡᠭᠡᠷ᠎ᠡ ᠲᠠᠰᠤᠷᠠᠬᠤ ᠦᠶᠡᠰ ᠪᠢᠲᠡᠭᠡᠶ ᠰᠠᠨᠳᠤᠷ᠂ ᠨᠠᠩ ᠴᠤ ᠬᠥᠯ ᠢᠶᠠᠨ ᠰᠠᠵᠢᠨ ᠭᠦᠶᠦᠵᠦ ᠪᠣᠯᠬᠤ ᠦᠭᠡᠢ᠃ ᠡᠨᠡ ᠦᠶ᠎ᠡ ᠳᠤ ᠥᠷᠥᠭᠡᠰᠦᠨ ᠬᠦᠯ ᠢᠶᠠᠷ ᠦᠰᠦᠷᠴᠦ ᠲᠤᠬᠠᠶ ᠶᠢᠨ ᠭᠠᠵᠠᠷ ᠠᠴᠠ ᠰᠠᠯᠵᠤ ᠶᠠᠪᠤᠨ᠎ᠠ᠂ ᠡᠰᠡ ᠲᠡᠭᠡᠪᠡᠯ ᠠᠯᠭᠠᠰᠠᠯ ᠬᠦᠴᠦᠳᠡᠯ ᠤᠨ ᠦᠢᠯᠡᠳᠦᠯ ᠳᠣᠣᠷ᠎ᠠ ᠬᠥᠮᠦᠨ ᠤ ᠪᠡᠶ᠎ᠡ ᠴᠠᠬᠢᠯᠭᠠᠨ ᠳᠤ ᠴᠣᠬᠢᠭᠳᠠᠵᠤ ᠮᠡᠳᠡᠨ᠎ᠡ᠃   8. ᠴᠠᠬᠢᠯᠭᠠᠨ ᠡᠭᠦᠰᠭᠡᠭᠴᠢ ᠶᠢᠨ ᠶᠡᠷᠦᠩᠬᠡᠶ ᠨᠡᠭᠡᠭᠡᠯᠭᠡ ᠶᠢ ᠴᠠᠭ ᠲᠤᠬᠠᠶ ᠳᠤᠨᠢ ᠲᠠᠰᠤᠯᠬᠤ᠃ ᠭᠡᠷ ᠤᠨ ᠭᠠᠳᠠᠨ᠎ᠠ ᠤᠰᠤ ᠬᠤᠷᠠᠭᠠᠳ ᠭᠡᠷ ᠲᠤ ᠣᠷᠣᠬᠤ ᠦᠶᠡᠰ᠂ ᠴᠠᠬᠢᠯᠭᠠᠨ ᠬᠡᠷᠡᠭᠰᠡᠯ ᠤᠰᠤ ᠣᠷᠣᠵᠤ ᠴᠠᠬᠢᠯᠭᠠᠨ ᠠᠯᠳᠠᠬᠤ ᠠᠴᠠ ᠰᠡᠷᠭᠡᠶᠢᠯᠡᠬᠦ ᠶᠢᠨ ᠲᠥᠯᠥᠭᠡ᠂ ᠴᠠᠭ ᠲᠤᠬᠠᠶ ᠳᠤᠨᠢ ᠴᠠᠬᠢᠯᠭᠠᠨ ᠡᠭᠦᠰᠭᠡᠭᠴᠢ ᠶᠢᠨ ᠶᠡᠷᠦᠩᠬᠡᠶ ᠨᠡᠭᠡᠭᠡᠯᠭᠡ ᠶᠢ ᠲᠠᠰᠤᠯᠬᠤ ᠬᠡᠷᠡᠭᠲᠡᠶ᠃   9. ᠠᠶᠤᠩᠭᠠᠲᠤ ᠪᠣᠷᠣᠭᠠᠨ ᠲᠠᠢ ᠡᠳᠦᠷ ᠵᠠᠷᠢᠮ ᠶᠠᠭᠤᠮ᠎ᠠ ᠶᠢ ᠬᠡᠷᠡᠭᠯᠡᠬᠦ ᠳᠤ ᠲᠣᠬᠢᠷᠠᠮᠵᠢ ᠦᠭᠡᠢ᠃ ᠠᠶᠤᠩᠭᠠᠲᠤ ᠪᠣᠷᠣᠭᠠᠨ ᠲᠠᠢ ᠡᠳᠦᠷ ᠨᠡᠷᠡᠨ ᠤ ᠡᠨᠧᠷᠭᠢ ᠶᠢᠨ ᠤᠰᠤ ᠬᠠᠯᠠᠭᠠᠭᠤᠷ ᠬᠡᠷᠡᠭᠯᠡᠵᠦ ᠪᠣᠯᠬᠤ ᠥᠬᠡᠶ᠂ ᠨᠡᠭᠦᠷᠡᠰᠦᠨ ᠬᠡᠶ ᠶᠢᠨ ᠬᠤᠭᠤᠯᠠᠶ᠂ ᠲᠦᠭᠡᠭᠡᠯ ᠤᠰᠤᠨ ᠤ ᠬᠤᠭᠤᠯᠠᠶ ᠵᠡᠷᠭᠡ ᠲᠡᠮᠦᠷᠯᠢᠭ ᠪᠣᠳᠠᠰ ᠲᠠᠢ ᠣᠶᠢᠷᠠᠲᠤᠵᠤ ᠪᠣᠯᠬᠤ ᠥᠬᠡᠶ᠃ ᠠᠶᠤᠩᠭᠠᠲᠤ ᠪᠣᠷᠣᠭᠠᠨ ᠢᠷᠡᠬᠦ ᠠᠴᠠ ᠡᠮᠦᠨ᠎ᠡ᠂ ᠬᠠᠭᠠᠯᠲᠠ ᠶᠢ ᠲᠠᠲᠠᠵᠤ ᠴᠠᠬᠢᠯᠭᠠᠨ ᠡᠭᠦᠰᠭᠡᠭᠴᠢ ᠶᠢ ᠲᠠᠰᠤᠯᠬᠤ ᠬᠡᠷᠡᠭᠲᠡᠶ᠃ ᠠᠶᠤᠩᠭᠠᠲᠤ ᠪᠣᠷᠣᠭᠠᠨ ᠴᠠᠬᠢᠯᠭᠠᠨ ᠴᠠᠬᠢᠯᠠᠬᠤ ᠦᠶᠡᠰ᠂ ᠲᠧᠯᠸᠢᠰ᠂ ᠺᠣᠮᠫᠢᠦ᠋ᠲ᠋ᠧᠷ᠂ VCD ᠮᠠᠰᠢᠨ ᠵᠡᠷᠭᠡ ᠭᠡᠷ ᠤᠨ ᠴᠠᠬᠢᠯᠭᠠᠨ ᠬᠡᠷᠡᠭᠰᠡᠯ ᠢ ᠨᠡᠭᠡᠭᠡᠵᠦ ᠪᠣᠯᠬᠤ ᠦᠭᠡᠢ᠂ ᠴᠠᠬᠢᠯᠭᠠᠨ ᠡᠭᠦᠰᠭᠡᠭᠴᠢ ᠶᠢᠨ ᠤᠭᠯᠠᠭᠤᠷ ᠢ ᠠᠪᠴᠤ ᠬᠠᠶᠠᠬᠤ ᠬᠡᠷᠡᠭᠲᠡᠶ᠂ ᠠᠶᠤᠩᠭ᠎ᠠ ᠴᠠᠬᠢᠯᠭᠠᠨ ᠢᠶᠠᠷ ᠬᠥᠮᠦᠨ ᠢ ᠰᠢᠷᠬᠠᠲᠤᠭᠤᠯᠬᠤ ᠪᠠ ᠴᠠᠬᠢᠯᠭᠠᠨ ᠬᠡᠷᠡᠭᠰᠡᠯ ᠢ ᠡᠪᠳᠡᠬᠦ ᠠᠴᠠ ᠵᠠᠶᠢᠯᠠᠰᠬᠢᠬᠦ ᠬᠡᠷᠡᠭᠲᠡᠶ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号