ᠬᠡᠤᠬᠡᠳ ᠤᠨ ᠬᠢᠵᠢᠭ ᠢ ᠰᠡᠷᠭᠡᠶᠢᠯᠡᠬᠦ ᠠᠮᠤᠷ ᠲᠦᠪᠰᠢᠨ ᠤ ᠭᠠᠷ ᠤᠨ ᠠᠪᠤᠯᠭ᠎ᠠ
ᠨᠡᠶᠢᠲᠡᠯᠡᠭᠰᠡᠨ ᠴᠠᠭ᠄
2024/7/19
   1 . ᠬᠡᠦᠬᠡᠳ ᠢ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠲᠠᠢ ᠪᠣᠯᠭᠠᠵᠤ᠂ ᠭᠠᠷ ᠤᠨ ᠠᠷᠢᠭᠤᠨ ᠴᠡᠪᠡᠷ ᠢ ᠠᠩᠬᠠᠷᠬᠤ ᠬᠡᠷᠡᠭᠲᠡᠶ᠃ ᠵᠢᠱᠢᠶᠡᠯᠡᠪᠡᠯ ᠬᠤᠭᠤᠯᠠᠨ ᠠᠴᠠ ᠡᠮᠦᠨ᠎ᠡ᠂ ᠬᠤᠭ ᠨᠣᠪᠰᠢ ᠲᠠᠢ ᠣᠶᠢᠷᠠᠲᠤᠭᠰᠠᠨ ᠤ ᠳᠠᠷᠠᠭ᠎ᠠ᠂ ᠭᠠᠳᠠᠭᠰᠢ ᠭᠠᠷᠴᠤ ᠬᠠᠷᠢᠵᠤ ᠢᠷᠡᠪᠡᠯ ᠴᠥᠮ ᠭᠠᠷ ᠢᠶᠠᠨ ᠰᠠᠶᠢᠲᠤᠷ ᠤᠬᠢᠶᠠᠵᠤ᠂ ᠡᠩ ᠤᠨ ᠴᠠᠭ ᠲᠠᠭᠠᠨ ᠴᠥᠭᠡᠨ ᠴᠤᠭᠯᠠᠷᠠᠬᠤ ᠬᠡᠷᠡᠭᠲᠡᠶ᠃    2 . ᠬᠢᠵᠢᠭ ᠤᠨ ᠬᠤᠭᠤᠴᠠᠭᠠᠨ ᠳᠤ ᠠᠮᠠᠪᠴᠢ᠂ ᠭᠠᠷ ᠤᠬᠢᠶᠠᠬᠤ ᠰᠢᠩᠭᠡᠨ ᠵᠡᠷᠭᠡ ᠪᠠᠨ ᠪᠠᠶᠢᠩᠭᠤ ᠪᠡᠯᠡᠳᠬᠡᠵᠦ᠂ ᠰᠤᠷᠭᠠᠭᠤᠯᠢ ᠳᠤ ᠣᠴᠢᠵᠤ ᠢᠷᠡᠬᠦ ᠵᠠᠮ ᠵᠠᠭᠤᠷ᠎ᠠ ᠬᠥᠮᠦᠨ ᠣᠯᠠᠨ ᠲᠠᠯᠠᠪᠤᠷ ᠲᠤ ᠠᠮᠠᠪᠴᠢ ᠵᠡᠭᠦᠵᠦ᠂ ᠰᠡᠷᠭᠡᠶᠢᠯᠡᠨ ᠬᠠᠮᠠᠭᠠᠯᠠᠬᠤ ᠶᠢ ᠠᠩᠬᠠᠷᠬᠤ ᠬᠡᠷᠡᠭᠲᠡᠶ᠃    3 . ᠰᠣᠷᠣᠭᠴᠢ ᠪᠠ ᠬᠡᠷ ᠤᠨ ᠠᠬᠠᠮᠠᠳ ᠪᠡᠶ᠎ᠡ ᠶᠢᠨ ᠬᠠᠯᠠᠭᠤᠨ ᠵᠡᠷᠭᠡ ᠡᠷᠡᠭᠦᠯ ᠮᠡᠨᠳᠦ ᠶᠢᠨ ᠪᠠᠶᠢᠳᠠᠯ ᠢ ᠪᠠᠶᠢᠴᠠᠭᠠᠬᠤ ᠳᠠᠳᠬᠠᠯ ᠲᠠᠢ ᠪᠣᠯᠵᠣ᠂ ᠪᠡᠶ᠎ᠡ ᠮᠠᠬᠠᠪᠣᠳ ᠨᠢ ᠬᠡᠪ ᠤᠨ ᠪᠤᠰᠤ ᠪᠠᠶᠢᠳᠠᠯ ᠭᠠᠷᠪᠠᠯ ᠴᠠᠭ ᠲᠤᠬᠠᠶ ᠳᠤᠨᠢ ᠪᠠᠭᠰᠢ ᠪᠠ ᠰᠤᠷᠭᠠᠭᠤᠯᠢ ᠳᠤ ᠮᠡᠳᠡᠭᠦᠯᠦᠨ ᠳᠠᠩᠰᠠᠯᠠᠭᠤᠯᠵᠤ᠂ ᠰᠤᠷᠭᠠᠭᠤᠯᠢ ᠶᠢᠨ ᠲᠣᠬᠢᠷᠠᠭᠤᠯᠤᠯᠲᠠ ᠶᠢ ᠳᠠᠭᠠᠬᠤ ᠬᠡᠷᠡᠭᠲᠡᠶ᠃    4 . ᠡᠳᠦᠷ ᠪᠦᠷᠢ ᠡᠷᠡᠭᠦᠯ ᠢᠳᠡᠭᠡᠨ ᠤᠮᠳᠠᠭᠠᠨ ᠢᠶᠠᠨ ᠪᠠᠲᠤᠯᠠᠵᠤ᠂ ᠰᠥᠨᠢᠵᠢᠨ ᠰᠠᠭᠤᠵᠤ ᠪᠣᠯᠬᠤ ᠥᠬᠡᠶ᠂ ᠵᠣᠬᠢᠰᠲᠠᠶ ᠬᠥᠳᠡᠯᠭᠡᠭᠡᠨ ᠬᠢᠵᠦ᠂ ᠡᠭᠡᠯᠢᠯᠡᠭᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃    5 . ᠭᠡᠷ ᠤᠨ ᠠᠬᠠᠮᠠᠳ ᠡᠳᠦᠷ ᠲᠤᠲᠤᠮ ᠤᠨ ᠬᠠᠮᠠᠭᠠᠯᠠᠯᠲᠠ ᠪᠠᠨ ᠠᠩᠬᠠᠷᠬᠤ ᠬᠡᠷᠡᠭᠲᠡᠢ᠂ ᠤᠴᠢᠷ ᠨᠢ ᠬᠡᠦᠬᠡᠳ ᠤᠨ ᠡᠷᠡᠭᠦᠯ ᠮᠡᠨᠳᠦ ᠨᠢ ᠭᠡᠷ ᠤᠨ ᠠᠬᠠᠮᠠᠳ ᠲᠠᠢ ᠨᠢᠭᠲᠠ ᠬᠤᠯᠪᠣᠭ᠎ᠠ ᠲᠠᠢ ᠪᠠᠶᠢᠳᠠᠭ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号