ᠬᠡᠤᠬᠡᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠭᠠᠷ  ᠤᠨ ᠠᠪᠤᠯᠭ᠎ᠠ
ᠨᠡᠶᠢᠲᠡᠯᠡᠭᠰᠡᠨ ᠴᠠᠭ᠄
2024/7/19
    ᠰᠤᠷᠭᠠᠭᠤᠯᠢ ᠡᠬᠢᠯᠡᠭᠰᠡᠨ ᠤ ᠳᠠᠷᠠᠭ᠎ᠠ᠂ ᠬᠡᠦᠬᠡᠳ ᠤᠳ ᠡᠳᠦᠷ ᠪᠦᠷᠢ ᠰᠤᠷᠭᠠᠭᠤᠯᠢ ᠳᠤ ᠶᠠᠪᠤᠬᠤ᠂ ᠰᠤᠷᠭᠠᠭᠤᠯᠢ ᠲᠠᠷᠬᠠᠬᠤ ᠳᠤ ᠪᠦᠷ ᠡᠯ᠎ᠡ  ᠵᠦᠢᠯ ᠤᠨ ᠪᠤᠳᠤᠯᠢᠶᠠᠨᠲᠠᠶ ᠵᠠᠮ ᠬᠠᠷᠢᠯᠴᠠᠭᠠᠨ ᠤ ᠣᠷᠴᠢᠨ ᠲᠣᠭᠤᠷᠢᠨ ᠲᠣᠬᠢᠶᠠᠯᠳᠤᠨ᠎ᠠ᠃ ᠵᠠᠷᠢᠮ ᠪᠢᠴᠢᠬᠠᠨ ᠨᠠᠶᠢᠵᠠ ᠴᠤᠭ ᠵᠢᠪᠬᠤᠭ᠎ᠠ ᠲᠡᠭᠦᠯᠳᠡᠷ᠂ ᠪᠡᠶ᠎ᠡ ᠪᠠᠨ ᠪᠠᠷᠢᠬᠤ ᠴᠢᠳᠠᠪᠤᠷᠢ ᠪᠠᠷ ᠳᠤᠲᠠᠮᠠᠭ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠨᠡᠯᠢᠶᠡᠳ ᠪᠠᠭᠤᠷᠠᠶ ᠪᠠᠶᠢᠵᠤ᠂ ᠠᠮᠤᠷ ᠲᠦᠪᠰᠢᠨ ᠤ ᠠᠳᠡᠯ ᠢ ᠠᠮᠠᠷᠬᠠᠨ ᠡᠭᠦᠰᠭᠡᠳᠡᠭ᠃    1 . ᠵᠠᠮ ᠤᠨ ᠪᠠᠶᠢᠳᠠᠯ ᠢ ᠠᠩᠬᠠᠷᠴᠤ᠂ ᠭᠡᠨᠡᠳᠲᠡ ᠲᠡᠷᠭᠡᠨ ᠠᠴᠠ ᠪᠠᠭᠤᠵᠤ ᠪᠣᠯᠬᠤ ᠦᠭᠡᠶ᠃    2 . ᠪᠢᠲᠡᠭᠡᠢ ᠵᠠᠮ ᠬᠥᠨᠳᠡᠯᠡᠨ ᠭᠡᠲᠦᠯᠦᠭᠡᠳ ᠲᠦᠷᠭᠡᠨ ᠭᠦᠶᠦᠵᠦ ᠭᠠᠷ᠂ ᠪᠢᠲᠡᠭᠡᠶ ᠵᠠᠰᠠᠮᠠᠯ ᠵᠠᠮ ᠳᠡᠭᠡᠷ᠎ᠡ ᠨᠠᠭᠠᠳᠤᠭᠠᠳ ᠪᠠᠶ᠂ ᠬᠡᠷᠡᠰᠬᠡ ᠶᠢ ᠪᠢᠲᠡᠭᠡᠶ ᠳᠠᠪᠠᠭᠠᠷᠠᠶ᠂ ᠪᠢᠲᠡᠭᠡᠶ ᠠᠯᠬᠤᠬᠤ ᠦᠶᠡᠰ ᠲᠣᠯᠣᠭᠠᠶ ᠪᠥᠬᠦ᠋ᠢᠨ ᠳᠠᠭᠤᠤ ᠰᠣᠨᠣᠰᠬᠤ ᠪᠤᠶᠤ ᠨᠣᠮ ᠦᠵᠡ᠃    3 . ᠨᠡᠶᠢᠲᠡ ᠶᠢᠨ ᠮᠠᠰᠢᠨ ᠲᠡᠷᠭᠡ᠂ ᠭᠠᠵᠠᠷ ᠳᠣᠣᠷᠠᠬᠢ ᠲᠡᠮᠦᠷ ᠵᠠᠮ ᠳᠤ ᠰᠠᠭᠤᠬᠤ ᠳᠠᠭᠠᠨ ᠳᠡᠭᠡᠷ᠎ᠡ ᠳᠣᠣᠷ᠎ᠠ ᠶᠢ ᠪᠤᠯᠢᠶᠠᠯᠳᠤᠵᠤ ᠪᠣᠯᠬᠤ ᠦᠭᠡᠢ︔ ᠲᠡᠷᠭᠡᠨ ᠳᠤ ᠰᠠᠭᠤᠬᠤ ᠳᠤ ᠴᠣᠩᠬᠤ ᠪᠠᠷ ᠲᠣᠯᠣᠭᠠᠶ ᠪᠠᠨ ᠪᠤᠯᠲᠠᠶᠢᠯᠭᠠᠬᠤ ᠥᠬᠡᠶ᠂ ᠲᠡᠷᠭᠡᠨ ᠳᠤ ᠰᠠᠭᠤᠬᠤ ᠳᠤ ᠪᠠᠷᠢᠭᠤᠯ ᠢ ᠴᠢᠩᠭ᠎ᠠ ᠪᠠᠷᠢᠵᠤ᠂ ᠲᠡᠷᠭᠡ ᠪᠠᠨ ᠯᠠᠪᠳᠠᠭᠤᠨ ᠵᠣᠭᠰᠣᠭᠠᠭᠰᠠᠨ ᠤ ᠳᠠᠷᠠᠭ᠎ᠠ ᠰᠠᠶ᠋ᠢ ᠲᠡᠷᠭᠡᠨ ᠠᠴᠠ ᠪᠠᠭᠤᠨ᠎ᠠ᠃    4 . ᠮᠠᠰᠢᠨ ᠲᠡᠷᠭᠡ ᠲᠠᠢ ᠵᠠᠮ ᠪᠤᠯᠢᠶᠠᠯᠳᠤᠵᠤ ᠪᠤᠯᠬᠤ ᠦᠬᠡᠢ᠂ ᠵᠠᠮ ᠤᠨ ᠠᠭᠤᠯᠵᠠᠷ ᠲᠤ ᠭᠠᠵᠠᠷ ᠪᠣᠯᠭᠠᠨ ᠳᠤ ᠪᠠᠶᠢᠳᠠᠯ ᠢ ᠠᠵᠢᠭᠯᠠᠵᠤ᠂ ᠠᠮᠤᠷ ᠲᠦᠪᠰᠢᠨ ᠢ ᠨᠤᠲᠠᠯᠠᠭᠰᠠᠨ ᠤ ᠳᠠᠷᠠᠭ᠎ᠠ ᠰᠠᠶ᠋ᠢ ᠥᠩᠭᠡᠷᠡᠵᠦ ᠪᠤᠯᠤᠨ᠎ᠠ᠃ ᠪᠢᠲᠡᠭᠡᠶ ᠮᠠᠰᠢᠨ ᠲᠡᠷᠭᠡᠨ ᠤ ᠵᠠᠮ ᠢᠶᠠᠷ ᠳᠤᠭᠤᠶ ᠤᠨᠤ᠂ ᠪᠢᠲᠡᠭᠡᠶ ᠳᠤᠭᠤᠶ ᠤᠨᠤᠬᠤ ᠦᠶᠡᠰ ᠳᠠᠭᠤᠤ ᠰᠣᠨᠣᠰ᠃    5 . ᠫᠠᠶᠢᠰᠠ ᠦᠨᠡᠮᠯᠡᠯ ᠦᠭᠡᠶ ᠲᠡᠷᠭᠡᠨ ᠳᠤ ᠰᠠᠭᠤᠬᠤ ᠦᠭᠡᠶ᠂ ᠬᠡᠲᠦᠷᠡᠲᠡᠯ᠎ᠡ ᠲᠡᠭᠡᠭᠡᠪᠦᠷᠢᠯᠡᠭᠰᠡᠨ ᠲᠡᠷᠭᠡᠨ ᠳᠤ ᠰᠠᠭᠤᠬᠤ ᠦᠭᠡᠶ᠃    6 . ᠮᠠᠰᠢᠨ ᠲᠡᠷᠭᠡᠨ ᠤ ᠪᠠᠯᠠᠶ ᠣᠷᠣᠨ ᠢ ᠰᠡᠷᠡᠮᠵᠢᠯᠡᠬᠦ ᠬᠡᠷᠡᠭᠲᠡᠶ᠃ ᠭᠡᠷ ᠤᠨ ᠠᠬᠠᠮᠠᠳ ᠬᠡᠦᠬᠡᠳ ᠲᠡᠭᠡᠨ ᠮᠠᠰᠢᠨ ᠲᠡᠷᠭᠡ ᠵᠢᠯᠣᠭᠤᠳᠬᠤ ᠪᠠ ᠲᠡᠷᠭᠡ ᠤᠬᠤᠷᠢᠭᠤᠯᠬᠤ ᠦᠶ᠎ᠡ ᠶᠢᠨ ᠪᠠᠯᠠᠢ ᠭᠠᠵᠠᠷ ᠲᠤ ᠬᠡᠦᠬᠡᠳ ᠢᠶᠠᠨ ᠨᠠᠭᠠᠳᠤᠭᠤᠯᠵᠤ ᠪᠣᠯᠬᠤ ᠦᠭᠡᠢ᠂ ᠰᠠᠨᠠᠭᠠᠨ ᠳᠤ ᠤᠷᠤᠭᠤᠯᠵᠤ ᠪᠠᠶᠢᠬᠤ  ᠬᠡᠷᠡᠭᠳᠡᠢ᠃    7 . ᠬᠡᠦᠬᠡᠳ ᠢ ᠲᠡᠷᠭᠡᠨ ᠳᠣᠲᠣᠷ᠎ᠠ ᠮᠠᠷᠲᠠᠬᠤ ᠠᠴᠠ ᠰᠡᠷᠡᠮᠵᠢᠯᠡᠬᠦ ᠬᠡᠷᠡᠭᠲᠡᠶ᠃ ᠭᠡᠷ ᠤᠨ ᠠᠬᠠᠮᠠᠳ ᠪᠠᠭᠰᠢ ᠲᠡᠷᠭᠡ ᠠᠴᠠ ᠪᠠᠨ ᠰᠠᠯᠬᠤ ᠠᠴᠠ ᠪᠠᠨ ᠡᠮᠦᠨ᠎ᠡ ᠵᠠᠪᠠᠯ ᠰᠡᠳᠬᠢᠯ ᠲᠠᠯᠪᠢᠨ ᠪᠠᠶᠢᠴᠠᠭᠠᠵᠤ᠂ ᠬᠡᠦᠬᠡᠳ ᠨᠢ ᠵᠣᠬᠢᠬᠤ ᠴᠢᠳᠠᠪᠤᠷᠢ ᠶᠢ ᠪᠦᠷᠢᠯᠳᠦᠭᠦᠯᠦᠭᠰᠡᠨ ᠪᠠᠶᠢᠳᠠᠯ ᠳᠣᠣᠷ᠎ᠠ᠂ ᠲᠡᠳᠡᠨ ᠳᠤ ᠵᠠᠷᠢᠮ ᠠᠪᠤᠷᠠᠬᠤ ᠠᠷᠭ᠎ᠠ ᠵᠢᠭᠠᠵᠤ ᠥᠭᠬᠦ ᠬᠡᠷᠡᠭᠲᠡᠢ᠃ ᠵᠢᠱᠢᠶᠡᠯᠡᠪᠡᠯ ᠪᠦᠷᠢᠶ᠎ᠡ ᠳᠠᠷᠤᠬᠤ᠂ ᠬᠤᠣᠰ ᠭᠢᠯᠪᠡᠭᠡᠨ ᠴᠣᠬᠢᠬᠤ ᠵᠢᠴᠢ ᠲᠡᠷᠭᠡᠨ ᠴᠣᠩᠬᠤ ᠴᠣᠬᠢᠬᠤ ᠵᠡᠷᠭᠡ ᠠᠷᠭ᠎ᠠ ᠨᠢ ᠡᠷᠭᠢᠨ ᠲᠣᠭᠤᠷᠢᠨ ᠤ ᠬᠥᠮᠦᠰ ᠤᠨ ᠠᠩᠬᠠᠷᠤᠯ ᠢ ᠲᠠᠲᠠᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号