ᠬᠦᠳᠡᠯᠭᠡᠭᠡᠨ ᠦ ᠠᠮᠤᠷ ᠲᠦᠪᠰᠢᠨ ᠤ ᠭᠠᠷ  ᠤᠨ ᠠᠪᠤᠯᠭ᠎ᠠ
ᠨᠡᠶᠢᠲᠡᠯᠡᠭᠰᠡᠨ ᠴᠠᠭ᠄
2024/7/19
   ᠵᠠᠯᠠᠭᠤ ᠪᠠᠭᠠᠴᠤᠳ ᠴᠣᠪᠣᠭᠤ ᠳᠡᠭᠵᠢᠨ᠂ ᠨᠠᠭᠠᠳᠬᠤ ᠳᠤᠷᠠᠲᠠᠢ ᠠᠭᠠᠰᠢᠯᠠᠬᠤ ᠳᠤᠷᠠᠲᠠᠢ ᠱᠠᠲᠤᠨ ᠳᠤ ᠣᠷᠣᠰᠢᠵᠤ ᠪᠠᠶᠢᠳᠠᠭ᠃ ᠡᠨᠡ ᠪᠣᠯ ᠬᠡᠦᠬᠡᠳ ᠤᠨ ᠲᠥᠷᠥᠯᠬᠢ ᠴᠢᠨᠠᠷ ᠮᠥᠨ᠂ ᠭᠡᠪᠡᠴᠦ ᠠᠯᠢᠪᠠ ᠬᠥᠳᠡᠯᠭᠡᠭᠡᠨ ᠨᠢ ᠡᠷᠬᠡᠪᠰᠢ ᠠᠮᠤᠷ ᠲᠦᠪᠰᠢᠨ ᠢᠶᠠᠷ ᠤᠷᠢᠲᠠᠯ ᠪᠣᠯᠭᠠᠬᠤ ᠬᠡᠷᠡᠭᠲᠡᠢ᠃    1 . ᠬᠡᠷᠡᠮ ᠠᠪᠠᠷᠢᠬᠤ ᠥᠬᠡᠶ᠂ ᠣᠶ ᠮᠣᠳᠣ ᠵᠢᠴᠢ ᠠᠶᠤᠯᠲᠠᠶ ᠪᠣᠳᠠᠰ ᠠᠪᠠᠷᠢᠬᠤ ᠥᠬᠡᠶ᠃    2 . ᠬᠢᠴᠢᠶᠡᠯ ᠤᠨ ᠭᠡᠷ ᠨᠢ ᠳᠡᠭᠡᠳᠦ ᠳᠠᠪᠬᠤᠷᠭ᠎ᠠ ᠳᠤ ᠪᠠᠶᠢᠭᠰᠠᠨ ᠡᠰᠡᠬᠦ ᠬᠠᠮᠢᠶ᠎ᠠ ᠦᠭᠡᠢ᠂ ᠪᠡᠶ᠎ᠡ ᠪᠠᠨ ᠴᠣᠩᠬᠤᠨ ᠭᠠᠳᠠᠨ᠎ᠠ ᠪᠤᠶᠤ ᠬᠡᠷᠡᠰᠬᠡ ᠶᠢᠨ ᠭᠠᠳᠠᠨ᠎ᠠ ᠭᠠᠷᠭᠠᠵᠤ ᠪᠣᠯᠬᠤ ᠦᠭᠡᠢ᠃ ᠨᠡᠩ ᠴᠤ ᠥᠨᠳᠥᠷ ᠭᠠᠵᠠᠷ ᠮᠥᠯᠬᠦᠨ ᠣᠴᠢᠵᠤ ᠨᠠᠭᠠᠳᠴᠤ ᠪᠣᠯᠬᠤ ᠦᠭᠡᠢ᠃ ᠠᠰᠠᠷ ᠤᠨ ᠱᠠᠲᠤᠨ ᠤ ᠬᠡᠷᠡᠰᠬᠡ ᠶᠢ ᠲᠦᠰᠢᠵᠦ ᠪᠣᠯᠬᠤ ᠦᠭᠡᠢ᠂ ᠤᠴᠢᠷ ᠨᠢ ᠵᠠᠷᠢᠮ ᠬᠡᠷᠡᠰᠬᠡ ᠶᠢᠨ ᠬᠤᠭᠤᠷᠣᠨᠳᠣᠬᠢ ᠵᠠᠶ ᠨᠢ ᠬᠡᠲᠦᠷᠬᠡᠶ ᠶᠡᠭᠡ᠂ ᠵᠠᠷᠢᠮ ᠬᠡᠷᠡᠰᠬᠡ ᠶᠢᠨ ᠥᠨᠳᠥᠷ ᠤᠨ ᠬᠡᠮᠵᠢᠶ᠎ᠡ ᠨᠢ ᠬᠦᠷᠦᠯᠴᠡᠬᠦ ᠦᠭᠡᠢ᠂ ᠵᠠᠷᠢᠮ ᠬᠡᠷᠡᠰᠬᠡ ᠰᠠᠯᠬᠢᠨ ᠳᠤ ᠦᠯᠢᠶᠡᠭᠳᠡᠵᠦ ᠨᠡᠷᠡᠨ ᠳᠤ ᠰᠢᠷᠠᠭᠳᠠᠪᠠᠯ ᠵᠢᠪᠡᠷᠡᠵᠦ ᠭᠡᠮᠲᠦᠵᠦ ᠮᠡᠳᠡᠨ᠎ᠡ᠂ ᠪᠦᠷ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠨ᠎ᠠ᠃    3 . ᠰᠢᠯ ᠵᠦᠯᠭᠦᠬᠦ ᠵᠡᠷᠭᠡ ᠴᠡᠪᠡᠷᠯᠡᠭᠡ ᠬᠢᠬᠦ ᠳᠤ ᠠᠮᠤᠷ ᠲᠦᠪᠰᠢᠨ ᠢ ᠠᠩᠬᠠᠷᠴᠤ᠂ ᠥᠪᠡᠷ ᠢᠶᠠᠨ ᠤᠨᠠᠵᠤ ᠢᠷᠡᠬᠦ ᠠᠴᠠ ᠰᠡᠷᠭᠡᠶᠢᠯᠡᠬᠦ ᠬᠡᠷᠡᠭᠲᠡᠢ ᠮᠥᠷᠲᠡᠭᠡᠨ ᠪᠠᠰᠠ ᠴᠡᠪᠡᠷᠯᠡᠬᠦ ᠪᠠᠭᠠᠵᠢ ᠬᠡᠷᠡᠭᠰᠡᠯ ᠤᠨᠠᠵᠤ ᠢᠷᠡᠬᠦ ᠠᠴᠠ ᠰᠡᠷᠭᠡᠶᠢᠯᠡᠵᠦ᠂ ᠥᠨᠳᠥᠷ ᠳᠡᠭᠡᠷ᠎ᠡ ᠠᠴᠠ ᠤᠨᠠᠵᠤ ᠢᠷᠡᠬᠦ ᠪᠣᠳᠠᠰ ᠤᠨ ᠠᠶᠤᠯ ᠢ ᠰᠡᠷᠭᠡᠶᠢᠯᠡᠬᠦ ᠬᠡᠷᠡᠭᠲᠡᠢ᠃    4 . ᠬᠢᠴᠢᠶᠡᠯ ᠤᠨ ᠵᠠᠪᠰᠠᠷᠯᠠᠭ᠎ᠠ ᠳᠤ ᠪᠣᠯᠪᠠᠰᠤᠨ ᠢᠶᠠᠷ ᠠᠮᠠᠷᠠᠵᠤ᠂ ᠬᠢᠴᠢᠶᠡᠯ ᠤᠨ ᠬᠡᠷ᠂ ᠠᠰᠠᠷ ᠤᠨ ᠬᠤᠩᠭᠢᠯ᠂ ᠠᠰᠠᠷ ᠤᠨ ᠱᠠᠲᠤ ᠶᠢᠨ ᠠᠮᠠᠰᠠᠷ᠂ ᠠᠰᠠᠷ ᠤᠨ ᠬᠤᠩᠭᠢᠯ ᠤᠨ ᠮᠤᠷᠦ᠋ᠢᠯᠲᠠ ᠶᠢᠨ ᠬᠡᠰᠡᠭ ᠲᠤ ᠲᠠᠭᠤᠵᠤ ᠴᠤᠭᠢᠬᠤ ᠥᠬᠡᠶ᠂ ᠬᠢᠴᠢᠶᠡᠯ ᠤᠨ ᠵᠠᠪᠰᠠᠷᠯᠠᠭ᠎ᠠ ᠳᠤ ᠰᠢᠷᠦᠭᠦᠨ ᠭᠦᠶᠦᠬᠦ ᠥᠬᠡᠶ᠃    5 . ᠰᠤᠷᠭᠠᠭᠤᠯᠢ ᠶᠢᠨ ᠣᠯᠠᠨ ᠨᠡᠶᠢᠲᠡ ᠶᠢᠨ ᠪᠡᠯᠡᠳᠬᠡᠮᠵᠢ ᠶᠢ ᠨᠠᠭᠠᠳᠤᠮ ᠴᠡᠩᠭᠡᠯ ᠤᠨ ᠪᠡᠯᠡᠳᠬᠡᠮᠵᠢ ᠪᠣᠯᠭᠠᠵᠤ ᠪᠣᠯᠬᠤ ᠦᠭᠡᠶ᠂ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠤᠨ ᠡᠷᠭᠢᠨ ᠲᠣᠭᠤᠷᠢᠨ ᠳᠤ ᠬᠥᠭᠡᠭᠡᠴᠡᠯᠳᠦᠨ ᠲᠣᠭᠯᠠᠵᠤ ᠪᠣᠯᠬᠤ ᠦᠭᠡᠶ᠂ ᠠᠶᠤᠯ ᠲᠠᠢ ᠲᠣᠭᠯᠠᠭᠠᠮ ᠨᠠᠭᠠᠳᠴᠤ ᠪᠣᠯᠬᠤ ᠦᠭᠡᠶ᠃    6 . ᠬᠢᠴᠢᠶᠡᠯ ᠤᠨ ᠭᠡᠷ ᠤᠨ ᠡᠭᠦᠳᠡ ᠴᠣᠩᠬᠤ ᠵᠡᠷᠭᠡ ᠶᠢᠨ ᠵᠠᠪᠰᠠᠷ ᠨᠢ ︽ᠬᠥᠮᠦᠨ ᠢ ᠬᠠᠵᠠᠳᠠᠭ︾ ᠪᠣᠯᠬᠤᠷ᠂ ᠮᠠᠰᠢ ᠠᠶᠤᠯᠲᠠᠶ ᠶᠤᠮ᠃ ᠢᠯᠠᠩᠭᠤᠶ᠎ᠠ ᠡᠭᠦᠳᠡ ᠴᠣᠩᠬᠤ ᠶᠢ ᠨᠡᠭᠡᠭᠡᠵᠦ ᠬᠠᠭᠠᠬᠤ ᠳᠠᠭᠠᠨ ᠬᠤᠷᠤᠭᠤ ᠵᠡᠷᠭᠡ ᠪᠡᠶ᠎ᠡ ᠶᠢᠨ ᠵᠠᠪᠰᠠᠷ ᠲᠤ ᠲᠠᠯᠪᠢᠵᠤ ᠪᠣᠯᠬᠤ ᠦᠭᠡᠶ᠃    7 . ᠠᠮᠠᠷᠠᠯᠲᠠ ᠪᠠᠷ ᠣᠷᠳᠣ ᠬᠤᠭᠤᠴᠠᠭ᠎ᠠ ᠠᠮᠠᠷᠠᠭᠰᠠᠨ ᠤ ᠳᠠᠷᠠᠭ᠎ᠠ᠂ ᠰᠤᠷᠤᠭᠴᠢᠳ ᠭᠡᠨᠡᠳᠲᠡ ᠰᠤᠷᠭᠠᠭᠤᠯᠢ ᠡᠬᠢᠯᠡᠬᠦ ᠪᠠᠶᠢᠳᠠᠯ ᠳᠤ ᠪᠤᠴᠠᠵᠤ᠂ ᠪᠡᠶ᠎ᠡ ᠶᠢᠨ ᠲᠠᠮᠢᠷ ᠪᠠ ᠣᠶᠤᠨ ᠴᠢᠳᠠᠯ ᠨᠢ ᠬᠦᠷᠦᠯᠴᠡᠬᠦ ᠥᠬᠡᠶ ᠪᠠᠶᠢᠵᠤ᠂ ᠪᠡᠶ᠎ᠡ ᠶᠢᠨ ᠲᠠᠮᠢᠷ ᠤᠨ ᠴᠤᠭᠯᠠᠭᠠᠨ᠂ ᠴᠡᠷᠢᠭ ᠤᠨ ᠪᠣᠯᠪᠠᠰᠤᠷᠠᠯ᠂ ᠪᠡᠶ᠎ᠡ ᠶᠢᠨ ᠲᠠᠮᠢᠷ ᠤᠨ ᠪᠣᠯᠪᠠᠰᠤᠷᠠᠯ ᠵᠡᠷᠭᠡ ᠬᠥᠳᠡᠯᠭᠡᠭᠡᠨ ᠳᠤ ᠣᠷᠣᠯᠴᠠᠬᠤ ᠳᠠᠭᠠᠨ ᠨᠠᠷᠠᠰᠢᠬᠤ᠂ ᠮᠥᠴᠢ ᠪᠠᠨ ᠰᠢᠷᠬᠠᠲᠤᠭᠤᠯᠬᠤ ᠠᠴᠠ ᠵᠠᠶᠢᠯᠠᠰᠬᠢᠵᠦ᠂ ᠴᠠᠭ ᠲᠤᠬᠠᠶ ᠳᠤᠨᠢ ᠤᠰᠤ ᠨᠥᠬᠦᠪᠥᠷᠢᠯᠡᠵᠦ᠂ ᠠᠮᠠᠷᠠᠬᠤ ᠴᠠᠭ ᠢ ᠪᠠᠲᠤᠯᠠᠬᠤ ᠬᠡᠷᠡᠭᠲᠡᠶ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号