ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠭᠠᠷ  ᠤᠨ ᠠᠪᠤᠯᠭ᠎ᠠ
ᠨᠡᠶᠢᠲᠡᠯᠡᠭᠰᠡᠨ ᠴᠠᠭ᠄
2024/7/19
    ᠭᠠᠵᠠᠷ ᠬᠥᠳᠡᠯᠦᠯᠲᠡ ᠶᠢ ᠰᠡᠷᠬᠡᠶᠢᠯᠡᠵᠤ ᠠᠶᠤᠯ ᠠᠴᠠ ᠵᠶᠢᠯᠠᠬᠤ   1 . ᠭᠠᠵᠠᠷ ᠬᠥᠳᠡᠯᠦᠯᠲᠡ ᠠᠴᠠ ᠵᠠᠶᠢᠯᠠᠬᠤ ᠵᠠᠷᠴᠢᠮ᠄ ᠭᠠᠵᠠᠷ ᠬᠥᠳᠡᠯᠦᠭᠰᠡᠨ ᠤ ᠬᠤᠶᠢᠨ᠎ᠠ  ᠤᠶᠢᠷ᠎ᠠ ᠬᠠᠪᠢ ᠳᠠᠭᠠᠨ  ᠵᠠᠶᠢᠯᠠᠵᠤ᠂ ᠭᠠᠵᠠᠷ ᠬᠥᠳᠡᠯᠦᠭᠰᠡᠨ ᠤ  ᠬᠤᠶᠢᠨ᠎ᠠ ᠠᠮᠤᠷ ᠲᠦᠪᠰᠢᠨ ᠭᠠᠵᠠᠷ ᠲᠤ ᠵᠠᠶᠢᠯᠠᠬᠤ ᠬᠡᠷᠡᠭᠲᠡᠢ᠃    2 . ᠬᠡᠷᠪᠡ ᠠᠩᠭᠢ ᠶᠢᠨ ᠭᠡᠷ᠂ ᠪᠠᠭᠰᠢ ᠪᠠ ᠬᠠᠮᠤᠭ ᠡᠮᠦᠨ᠎ᠡ᠂ ᠠᠷᠤ ᠮᠥᠷ ᠤᠨ ᠰᠤᠷᠤᠭᠴᠢᠳ ᠠᠩᠭᠢ ᠶᠢᠨ ᠭᠡᠷ ᠤᠨ ᠡᠮᠦᠨ᠎ᠡ᠂ ᠠᠷᠤ ᠡᠭᠦᠳᠡ ᠶᠢ ᠳᠠᠷᠤᠶ ᠲᠦᠷᠭᠡᠨ ᠨᠡᠭᠡᠭᠡᠬᠦ ᠬᠡᠷᠡᠭᠲᠡᠶ᠃ ᠪᠦᠭᠦᠳᠡᠭᠡᠷ ᠢᠶᠠᠨ ᠬᠤᠷᠳᠤᠨ ᠪᠢᠴᠢᠭ ᠤᠨ ᠰᠢᠷᠡᠭᠡᠨ ᠤ ᠳᠤᠤᠷ᠎ᠠ ᠪᠤᠶᠤ  ᠲᠠᠶᠢᠰᠠᠨ ᠤ ᠬᠠᠵᠠᠭᠤ ᠳᠤ ᠨᠢᠭᠤᠬᠤ ᠬᠡᠷᠡᠭᠳᠡᠢ᠃    3 . ᠬᠡᠷᠪᠡ ᠶᠣᠰᠣᠯᠠᠯ ᠤᠨ ᠲᠠᠩᠬᠢᠮ᠂ ᠬᠤᠭᠤᠯᠠᠨ ᠬᠡᠷ᠂ ᠪᠡᠶ᠎ᠡ ᠶᠢᠨ ᠲᠠᠮᠢᠷ ᠤᠨ ᠲᠠᠯᠠᠪᠤᠷ ᠲᠠᠩᠬᠢᠮ ᠳᠤ ᠪᠠᠶᠢᠪᠠᠯ᠂ ᠲᠤᠯᠭᠠᠭᠤᠷᠢ ᠬᠡᠷᠡᠮ ᠤᠨ ᠪᠤᠯᠤᠩ ᠪᠤᠶᠤ ᠪᠠᠲᠤ ᠪᠠᠬᠢ ᠲᠥᠬᠦᠭᠡᠷᠦᠮᠵᠢ ᠶᠢᠨ ᠬᠠᠵᠠᠭᠤ ᠳᠤ ᠳᠠᠯᠳᠠᠯᠠᠬᠤ ᠬᠡᠷᠡᠭᠲᠡᠶ᠃    4 . ᠬᠡᠷᠪᠡ  ᠪᠠᠶᠢᠷᠢ ᠳᠤ ᠪᠠᠶᠢᠪᠠᠯ ᠵᠢᠵᠢᠭ ᠲᠠᠰᠤᠯᠭ᠎ᠠ ᠳᠣᠲᠣᠷ᠎ᠠ ᠳᠠᠯᠳᠠᠯᠠᠵᠤ᠂ ᠲᠤᠯᠭᠠᠭᠤᠷᠢ ᠬᠡᠷᠡᠮ ᠤᠨ ᠥᠨᠴᠥᠭ ᠪᠤᠶᠤ ᠣᠷᠣ ᠶᠢᠨ ᠬᠠᠵᠠᠭᠤ ᠳᠤ  ᠪᠠᠶᠢᠬᠤ ᠬᠡᠷᠡᠭᠲᠡᠢ᠃    5 . ᠭᠡᠷ ᠤᠨ ᠭᠠᠳᠠᠨ᠎ᠠ ᠪᠠᠶᠢᠪᠠᠯ ᠳᠠᠷᠦ᠋ᠢᠬᠠᠨ ᠣᠴᠦ᠋ᠢᠬᠤ ᠪᠤᠶᠤ ᠬᠡᠪᠲᠡᠵᠦ ᠬᠦᠨᠳᠦ ᠶᠢᠨ ᠲᠥᠪ ᠢᠶᠠᠨ ᠳᠣᠷᠣᠭᠰᠢᠯᠠᠭᠤᠯᠤᠨ᠂ ᠲᠣᠯᠣᠭᠠᠢ ᠶᠢᠨ ᠬᠡᠰᠡᠭ ᠢᠶᠠᠨ ᠬᠠᠮᠠᠭᠠᠯᠠᠵᠤ᠂ ᠠᠮᠠᠷᠬᠠᠨ ᠨᠤᠷᠠᠬᠤ ᠥᠨᠳᠥᠷ ᠪᠠᠷᠢᠯᠭ᠎ᠠ ᠠᠴᠠ ᠵᠠᠶᠢᠯᠠᠬᠤ ᠬᠡᠷᠡᠭᠲᠡᠢ᠃ ᠶᠠᠭᠠᠬᠢᠭᠰᠠᠨ ᠴᠤ ᠨᠤᠷᠠᠭᠰᠠᠨ ᠦᠭᠡᠢ ᠪᠠᠷᠢᠯᠭ᠎ᠠ ᠳᠤ ᠪᠤᠴᠠᠵᠤ ᠪᠣᠯᠬᠤ ᠦᠭᠡᠢ᠂ ᠤᠴᠢᠷ ᠨᠢ ᠦᠯᠡᠳᠡᠪᠦᠷᠢ ᠬᠥᠳᠡᠯᠦᠯᠲᠡ ᠴᠠᠭ ᠢᠮᠠᠭᠲᠠ ᠡᠭᠦᠰᠬᠦ ᠪᠣᠯᠤᠯᠴᠠᠭ᠎ᠠ ᠲᠠᠢ᠃    ᠭᠠᠯ ᠤᠨ ᠠᠶᠤᠯ ᠠᠴᠠ ᠠᠮᠢ ᠵᠢᠭᠤᠲᠠᠬᠤ    6 . ᠭᠠᠯ ᠤᠨ ᠠᠶᠤᠯ ᠲᠣᠬᠢᠶᠠᠯᠳᠤᠪᠠᠯ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠴᠠᠭ ᠮᠥᠴᠡ ᠶᠢ ᠠᠮᠵᠢᠨ ᠲᠦᠷᠭᠡᠨ ᠵᠠᠶᠢᠯᠠᠬᠤ ᠬᠡᠷᠡᠭᠲᠡᠶ᠃ ᠬᠡᠷᠪᠡ ᠭᠠᠯ ᠳᠤ ᠪᠦᠰᠡᠯᠡᠭᠳᠡᠪᠡᠯ᠂ ᠪᠠᠶᠢᠳᠠᠯ ᠢ ᠦᠵᠡᠵᠦ᠂ ᠠᠷᠭ᠎ᠠ ᠪᠣᠳᠣᠵᠤ ᠠᠶᠤᠯ ᠠᠴᠠ ᠮᠤᠯᠲᠤᠷᠠᠬᠤ ᠬᠡᠷᠡᠭᠲᠡᠶ᠃    7 . ᠤᠨᠲᠠᠵᠤ ᠪᠠᠶᠢᠬᠤ ᠳᠠᠭᠠᠨ ᠤᠲᠤᠭᠠᠨ ᠳᠤ ᠬᠠᠭ᠋ᠠᠵᠤ ᠰᠡᠷᠡᠪᠡᠯ᠂ ᠣᠷᠣᠨ ᠠᠴᠠ ᠪᠠᠨ ᠲᠦᠷᠭᠡᠨ ᠪᠠᠭᠤᠵᠤ ᠥᠷᠥᠭᠡ ᠠᠴᠠ ᠳᠠᠭᠠᠷᠢᠨ ᠭᠠᠷᠬᠤ ᠬᠡᠷᠡᠭᠲᠡᠢ᠂ ᠬᠤᠪᠴᠠᠰᠤ ᠪᠠᠨ ᠡᠮᠦᠰᠴᠦ ᠪᠠᠷᠠᠭᠠᠳ ᠰᠠᠶ᠋ᠢ ᠭᠠᠳᠠᠭᠰᠢ ᠭᠦᠶᠦᠵᠦ ᠪᠣᠯᠬᠤ ᠦᠭᠡᠢ᠃    8 . ᠬᠡᠷᠪᠡ ᠪᠦᠬᠦ ᠥᠷᠥᠭᠡᠨ ᠳᠤ ᠭᠠᠯ ᠭᠠᠷᠪᠠᠯ ᠡᠭᠦᠳᠡᠨ ᠳᠡᠭᠡᠷ᠎ᠡ ᠮᠥᠯᠬᠦᠨ ᠭᠠᠷᠴᠤ᠂ ᠨᠦᠢᠲᠠᠨ ᠠᠯᠴᠢᠭᠤᠷ ᠢᠶᠠᠷ ᠠᠮᠠ ᠬᠠᠮᠠᠷ ᠢᠶᠠᠨ ᠪᠥᠭᠯᠡᠪᠡᠯ ᠬᠠᠮᠤᠭ ᠰᠠᠶᠢᠨ᠃    9 . ᠡᠭᠦᠳᠡ ᠪᠠᠨ ᠴᠦᠯᠲᠦ ᠮᠥᠯᠲᠥ ᠨᠡᠭᠡᠭᠡᠵᠦ ᠪᠣᠯᠬᠤ ᠦᠭᠡᠢ᠂ ᠪᠤᠰᠤᠳ ᠭᠠᠷᠬᠤ ᠡᠭᠦᠳᠡ ᠪᠠᠷ ᠭᠠᠷᠬᠤ ᠬᠡᠷᠡᠭᠲᠡᠢ ᠪᠥᠭᠡᠳ ᠥᠩᠭᠡᠷᠡᠬᠦ ᠡᠭᠦᠳᠡ ᠴᠣᠩᠬᠤ ᠶᠢ ᠭᠠᠷ ᠤᠨ ᠠᠶ᠎ᠠ ᠪᠠᠷ ᠬᠠᠭᠠᠵᠤ᠂ ᠭᠠᠯ ᠢ ᠤᠳᠠᠭᠠᠰᠢᠷᠠᠭᠤᠯᠤᠨ ᠪᠤᠰᠤᠳ ᠭᠡᠷ ᠵᠦᠭ ᠥᠷᠭᠡᠳᠬᠡᠬᠦ ᠦᠬᠡᠢ ᠪᠠᠶᠢᠬᠤ ᠬᠡᠷᠡᠭᠲᠡᠢ᠃    10 . ᠬᠡᠷᠪᠡ ᠤᠲᠤᠭ᠎ᠠ ᠪᠠᠷ ᠭᠡᠷ ᠳᠣᠲᠣᠷ᠎ᠠ ᠬᠤᠷᠢᠭᠳᠠᠭᠰᠠᠨ ᠪᠤᠯ᠂ ᠬᠥᠨᠵᠢᠯᠡ ᠳᠡᠪᠢᠰᠬᠡᠷ ᠢᠶᠠᠨ ᠤᠰᠤᠨ ᠳᠤ ᠨᠣᠷᠭᠠᠵᠤ᠂ ᠪᠡᠶ᠎ᠡ ᠳᠤ ᠪᠠᠨ ᠨᠥᠮᠥᠷᠴᠦ᠂ ᠢᠯᠠᠩᠭᠤᠶ᠎ᠠ ᠲᠣᠯᠣᠭᠠᠶ ᠶᠢᠨ ᠬᠡᠰᠡᠭ ᠢᠶᠠᠨ ᠰᠠᠶᠢᠲᠤᠷ ᠪᠣᠭᠤᠵᠤ᠂ ᠨᠦᠢᠲᠠᠨ ᠠᠯᠴᠢᠭᠤᠷ ᠢᠶᠠᠷ ᠠᠮᠠ ᠬᠠᠮᠠᠷ ᠢᠶᠠᠨ ᠪᠦᠲᠡᠭᠡᠵᠦ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠤᠭᠰᠠᠨ ᠤ ᠳᠠᠷᠠᠭ᠎ᠠ ᠰᠠᠶ᠋ᠢ ᠳᠤᠲᠠᠭᠠᠨ᠎ᠠ᠃    11 . ᠶᠠᠭᠠᠬᠢᠭᠰᠠᠨ ᠴᠤ ᠣᠷᠣ ᠳᠣᠣᠷ᠎ᠠ ᠬᠡᠪᠲᠡᠵᠦ ᠪᠣᠯᠬᠤ ᠦᠭᠡᠢ᠂ ᠰᠢᠷᠡᠭᠡᠨ ᠳᠣᠣᠷ᠎ᠠ ᠪᠤᠶᠤ ᠬᠠᠨ᠎ᠠ ᠶᠢᠨ ᠬᠤᠷᠭᠤᠨ ᠳᠤ ᠰᠢᠷᠭᠤᠨ ᠣᠷᠣᠵᠤ ᠳᠠᠯᠳᠠᠯᠠᠵᠤ ᠪᠣᠯᠬᠤ ᠦᠭᠡᠢ᠂ ᠦᠨᠡᠲᠦ ᠪᠣᠳᠠᠰ ᠢ ᠠᠪᠤᠷᠠᠬᠤ ᠶᠢᠨ ᠲᠥᠯᠥᠭᠡ ᠰᠢᠲᠠᠵᠤ ᠪᠠᠶᠢᠭ᠎ᠠ ᠥᠷᠥᠭᠡᠨ ᠳᠡᠭᠡᠨ ᠭᠡᠨᠡᠨ ᠢᠶᠠᠷ ᠪᠤᠴᠠᠵᠤ ᠢᠷᠡᠵᠦ ᠪᠣᠯᠬᠤ ᠦᠭᠡᠢ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号