ᠪᠠᠶᠢᠷᠢ ᠶᠢᠨ ᠠᠮᠤᠷ ᠲᠦᠪᠰᠢᠨ ᠤ ᠭᠠᠷ  ᠤᠨ ᠠᠪᠤᠯᠭ᠎ᠠ
ᠨᠡᠶᠢᠲᠡᠯᠡᠭᠰᠡᠨ ᠴᠠᠭ᠄
2024/7/19
     ᠰᠤᠷᠭᠠᠭᠤᠯᠢ ᠡᠬᠢᠯᠡᠭᠰᠡᠨ ᠤ ᠳᠠᠷᠠᠭ᠎ᠠ᠂ ᠪᠠᠶᠢᠷᠢ ᠶᠢᠨ ᠡᠯ᠎ᠡ ᠵᠦᠢᠯ ᠤᠨ ᠴᠠᠬᠢᠯᠭᠠᠨ ᠬᠡᠷᠡᠭᠰᠡᠯ ᠵᠢᠴᠢ ᠰᠤᠷᠤᠭᠴᠢᠳ ᠤᠨ ᠠᠮᠢᠳᠤᠷᠠᠯ ᠤᠨ ᠬᠡᠷᠡᠭᠰᠡᠯ ᠨᠡᠮᠡᠭᠳᠡᠵᠦ᠂ ᠠᠮᠤᠷ ᠲᠦᠪᠰᠢᠨ ᠤ ᠳᠠᠯᠳᠠ ᠬᠡᠮ ᠢᠯᠡᠳᠲᠡ ᠨᠡᠮᠡᠭᠳᠡᠳᠡᠭ᠃ ᠪᠠᠶᠢᠷᠢ ᠳᠤ ᠰᠠᠭᠤᠭ᠎ᠠ ᠰᠤᠷᠤᠭᠴᠢᠳ ᠡᠷᠬᠡᠪᠰᠢ ᠰᠠᠶᠢᠲᠤᠷ ᠰᠡᠷᠭᠡᠶᠢᠯᠡᠬᠦ ᠬᠡᠷᠡᠭᠲᠡᠶ᠃    1 . ᠠᠮᠠᠷᠬᠠᠨ ᠰᠢᠲᠠᠵᠤ ᠳᠡᠯᠪᠡᠷᠡᠬᠦ ᠡᠳ᠋ ᠪᠣᠳᠠᠰ ᠢ ᠪᠠᠶᠢᠷᠢ ᠳᠤ ᠬᠠᠳᠠᠭᠠᠯᠠᠬᠤ ᠥᠬᠡᠶ᠃    2 . ᠪᠠᠶᠢᠷᠢ ᠶᠢᠨ ᠬᠡᠷ ᠲᠡᠭᠡᠨ ᠴᠠᠬᠢᠯᠭᠠᠨ ᠤᠲᠠᠰᠤ ᠲᠣᠰᠬᠤ ᠥᠬᠡᠶ᠃    3 . ᠶᠡᠭᠡ ᠴᠢᠳᠠᠮᠵᠢᠲᠤ ᠴᠠᠬᠢᠯᠭᠠᠨ ᠴᠡᠨᠡᠭᠯᠡᠭᠦᠷ᠂ ᠴᠠᠬᠢᠯᠭᠠᠨ ᠬᠡᠷᠡᠭᠰᠡᠯ ᠢ ᠲᠣᠭᠲᠠᠭᠠᠯ ᠠᠴᠠ ᠵᠥᠷᠢᠴᠡᠨ ᠬᠡᠷᠡᠭᠯᠡᠬᠦ ᠥᠬᠡᠶ ᠪᠠᠶᠢᠵᠤ ᠬᠡᠪ ᠤᠨ ᠪᠤᠰᠤ ᠪᠠᠶᠢᠳᠠᠯ ᠢᠯᠡᠷᠡᠪᠡᠯ᠂ ᠪᠠᠶᠢᠷᠢ ᠶᠢᠨ ᠬᠠᠮᠢᠶᠠᠷᠤᠭᠴᠢ ᠪᠠᠭᠰᠢ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃    4 . ᠪᠠᠶᠢᠷᠢ ᠠᠴᠠ ᠪᠠᠨ ᠰᠠᠯᠬᠤ ᠦᠶᠡᠰ᠂ ᠡᠷᠬᠡᠪᠰᠢ ᠡᠭᠦᠳᠡ ᠴᠣᠩᠬᠤ ᠵᠢᠴᠢ ᠴᠠᠬᠢᠯᠭᠠᠨ ᠳ᠋ᠧᠩ᠂ ᠴᠠᠬᠢᠯᠭᠠᠨ ᠰᠠᠩᠰᠠ᠂ ᠴᠠᠬᠢᠯᠭᠠᠨ ᠴᠡᠨᠡᠭᠯᠡᠭᠦᠷ ᠵᠡᠷᠭᠡ ᠪᠤᠢ ᠪᠦᠬᠦᠢ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ ᠶᠢᠨ ᠴᠠᠬᠢᠯᠭᠠᠨ ᠡᠭᠦᠰᠭᠡᠭᠴᠢ ᠶᠢ ᠪᠠᠶᠢᠴᠠᠭᠠᠵᠤ ᠬᠠᠭᠠᠬᠤ ᠬᠡᠷᠡᠭᠲᠡᠢ᠃    5 . ᠦᠨᠡᠲᠦ ᠡᠳ᠋ ᠪᠣᠳᠠᠰ ᠤᠨ ᠬᠠᠳᠠᠭᠠᠯᠠᠯᠲᠠ ᠶᠢ ᠣᠨᠴᠠᠭᠠᠶᠢᠯᠠᠨ ᠴᠢᠩᠭᠠᠳᠬᠠᠨ᠎ᠠ᠃    6 . ᠪᠠᠶᠢᠷᠢ ᠶᠢᠨ ᠠᠰᠠᠷ ᠲᠤ ᠪᠤᠶᠤ ᠡᠷᠬᠢᠨ ᠲᠣᠭᠤᠷᠢᠨ ᠳᠤ ᠶᠠᠪᠤᠵᠤ ᠰᠠᠭᠤᠬᠤ ᠨᠢ ᠰᠡᠵᠢᠭᠯᠡᠯᠲᠡᠶ ᠬᠥᠮᠦᠨ ᠢ ᠣᠯᠵᠤ ᠮᠡᠳᠡᠪᠡᠯ᠂ ᠰᠣᠨᠣᠷ ᠰᠡᠷᠡᠮᠵᠢ ᠪᠠᠨ ᠴᠢᠩᠭᠠᠳᠬᠠᠵᠤ᠂ ᠢᠯᠡᠭᠦᠬᠡᠨ ᠠᠩᠬᠠᠷᠬᠤ ᠬᠡᠷᠡᠭᠲᠡᠶ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号