ᠰᠡᠳᠬᠢᠯ ᠵᠢᠷᠦᠬᠡ ᠪᠠᠨ ᠬᠤᠯᠪᠣᠵᠤ ᠦᠷ᠎ᠡ ᠵᠢᠷᠦᠬᠡ ᠪᠠᠨ ᠨᠢᠭᠡᠳᠭᠡᠨ ᠬᠠᠮᠳᠤᠳᠬᠠᠶ᠎ᠠ — ︽ᠲᠤᠮᠳᠠᠳᠤᠴᠤᠳ ᠨᠢᠬᠡ ᠬᠡᠷ ᠮᠡᠳᠤ ᠲᠤᠳᠤᠨᠤ᠂ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠶ᠎ᠠ︾ ᠬᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠡᠬᠢᠯᠡᠭᠦᠯᠵᠡᠢ
ᠨᠡᠶᠢᠲᠡᠯᠡᠭᠰᠡᠨ ᠴᠠᠭ᠄
2024/7/22
       ︽ᠵᠢᠭᠠᠬᠠᠨ ᠰᠢᠷᠭ᠎ᠠ︾ ᠶᠢᠨ ᠤᠶᠠᠩᠭ᠎ᠠ ᠢᠷᠠᠭᠤ ᠡᠬᠡᠰᠢᠭ ᠰᠤᠨᠤᠷ ᠪᠠᠶᠠᠰᠬᠠᠬᠤ ᠳᠤ ᠦᠵᠡᠰᠬᠦᠯᠡᠩᠲᠦ ᠰᠠᠶᠢᠬᠠᠨ ᠠᠭᠤᠳᠠᠮ ᠲᠠᠯ᠎ᠠ ᠨᠢᠳᠦᠨ ᠤ ᠡᠮᠤᠨ᠎ᠡ ᠢᠯᠡᠷᠡᠬᠦ ᠮᠡᠳᠤ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠡᠯᠢᠬᠡ ᠬᠠᠯᠠᠭᠤᠨ ᠬᠠᠶᠢᠷ᠎ᠠ ᠶᠢ ᠢᠯᠡᠳᠭᠡᠭᠰᠡᠨ ︽ᠪᠢ ᠡᠬᠡ ᠤᠯᠤᠰ ᠲᠠᠢ ᠪᠠᠨ︾ ︽ᠬᠦᠳᠡᠭᠡ ᠲᠠᠯ᠎ᠠ ᠳᠤ ᠮᠦᠡᠭᠭᠡ ᠶᠢᠨ ᠨᠠᠷᠨ ᠮᠠᠨᠳᠤᠯ᠎ᠠ︾ ᠬᠡᠬᠦ ᠲᠠᠭᠤᠤ ᠰᠡᠳᠬᠢᠯ ᠢ ᠬᠡᠵᠢᠬᠡᠳᠡᠨ ᠬᠠᠨᠭ᠍ᠭᠢᠨᠠᠨ᠎ᠠ᠃ ︽ᠤᠮᠠᠷᠠᠳᠤ ᠬᠢᠯᠢ ᠶᠢᠨ ᠮᠠᠬᠳᠠᠭᠠᠯ ᠲᠠᠭᠤᠤ︾ ᠬᠡᠬᠦ ᠲᠡᠭᠵᠢᠨ ᠴᠤᠪᠤᠭᠤ ᠪᠦᠵᠢᠭ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠵᠣᠯ ᠵᠢᠷᠭᠠᠯᠲᠤ ᠠᠮᠢᠳᠤᠷᠠᠯ ᠢ ᠠᠮᠢᠳᠤᠯᠢᠭ ᠢᠶᠠᠷ ᠢᠯᠡᠷᠡᠬᠦᠯᠤᠨ᠎ᠡ ᠁    ᠵᠤᠨ ᠤ ᠳᠡᠯᠭᠡᠷ ᠤᠯᠠᠷᠢᠯ ᠳᠤ ᠬᠢᠩᠭᠠᠨ ᠳᠠᠪᠠᠭ᠎ᠠ ᠶᠢᠨ ᠥᠩᠭᠡ ᠦᠵᠡᠮᠵᠢ ᠭᠤᠶᠣᠬᠠᠨ ᠪᠠᠶᠢᠳᠠᠭ᠃ 6 ᠳ᠋ᠤᠭᠠᠷ ᠰᠠᠷ᠎ᠠ ᠶᠢᠨ 24 ᠤ ᠡᠳᠦᠷ ᠲᠥᠪ ᠤᠨ ᠤᠬᠠᠭᠤᠯᠬᠤ ᠬᠡᠯᠲᠡᠰ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠤᠨ ᠬᠢᠨ ᠤ ᠬᠠᠮᠲᠤᠷᠠᠨ ᠡᠷᠭᠢᠯᠡᠭᠰᠡᠨ ︽ᠲᠤᠮᠳᠠᠳᠤᠴᠤᠳ ᠨᠢᠬᠡ ᠬᠡᠷ ᠮᠡᠳᠤ ᠲᠤᠳᠤᠨᠤ᠂ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠶ᠎ᠠ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠤᠯᠠᠭᠠᠨᠬᠤᠲᠠ ᠶᠢᠨ ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠳᠤ ᠡᠬᠢᠯᠡᠪᠡ᠃ ᠲᠥᠪ ᠤᠨ ᠪᠠ ᠬᠡᠰᠡᠭ ᠭᠠᠵᠠᠷ ᠣᠷᠣᠨ ᠤ ᠭᠤᠣᠯ ᠰᠣᠨᠢᠨ ᠮᠡᠳᠡᠭᠡᠨ ᠤ ᠵᠠᠭᠤᠴᠢᠯᠠᠭᠤᠷ᠂ ᠬᠡᠰᠡᠭ ᠠᠵᠢᠯ ᠲᠦᠷᠦᠯ ᠤᠨ ᠵᠠᠭᠤᠴᠢᠯᠠᠭᠤᠷ ᠤᠨ ᠨᠠᠶᠢᠷᠠᠭᠤᠯᠤᠭᠴᠢ ᠰᠤᠷᠪᠤᠯᠵᠢᠯᠠᠭᠴᠢ ᠶᠢᠨ ᠲᠥᠯᠥᠭᠡᠯᠡᠭᠴᠢ 120 ᠭᠠᠷᠤᠢ ᠬᠥᠮᠥᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃     ᠲᠤᠰ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠤᠷᠢᠯᠭ᠎ᠠ ᠪᠠᠷ ᠭᠤᠣᠯ ᠵᠠᠭᠤᠴᠢᠯᠠᠭᠤᠷ ᠤᠨ ᠬᠢᠨ ᠢ ᠵᠣᠬᠢᠶᠠᠨ ᠪᠠᠶᠢᠭᠤᠯᠤᠨ ᠥᠪᠥᠷ ᠮᠣᠩᠭᠤᠯ᠂ ᠭᠤᠸᠠᠩᠰᠢ᠂ ᠲᠥᠪᠡᠳ᠂ ᠨᠢᠩᠰᠢᠶᠠ᠂ ᠰᠢᠨᠵᠢᠶᠠᠩ ᠵᠡᠷᠭᠡ ᠭᠠᠵᠠᠷ ᠲᠤ ᠬᠦᠷᠴᠦ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠤᠬᠰᠠᠨ ᠠᠮᠢᠳᠤᠯᠢᠭ ᠦᠢᠯᠡᠳᠦᠯᠭᠡ ᠪᠣᠯᠣᠨ ᠰᠢᠨ᠎ᠡ ᠶᠢ ᠡᠭᠦᠳᠦᠭᠰᠡᠨ ᠲᠤᠷᠰᠢᠯᠭ᠎ᠠ ᠶᠢ ᠣᠯᠠᠨ ᠲᠠᠯ᠎ᠠ ᠠᠴᠠ᠂ ᠪᠦᠬᠦ ᠲᠠᠯ᠎ᠠ ᠪᠠᠷ ᠮᠡᠳᠡᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠤᠭᠰᠠᠨ ᠣᠨᠴᠠᠯᠢᠭᠲᠤ ᠠᠷᠭ᠎ᠠ ᠬᠡᠮᠵᠢᠶ᠎ᠡ ᠪᠠ ᠨᠡᠶᠢᠲᠡᠯᠢᠭ ᠵᠢᠱᠢᠶ᠎ᠡ ᠶᠢ ᠭᠦᠨᠵᠡᠭᠡᠢ ᠮᠡᠳᠡᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠨᠤᠯ ᠤᠨ ᠯᠣᠭᠢᠭ᠂ ᠲᠡᠦᠬᠡ ᠶᠢᠨ ᠯᠣᠭᠢᠭ ᠪᠣᠯᠣᠨ ᠪᠣᠳᠠᠲᠤ ᠠᠬᠤᠢ ᠶᠢᠨ ᠯᠣᠭᠢᠭ ᠢ ᠲᠣᠳᠣᠷᠬᠠᠶᠢᠯᠠᠨ ᠪᠠᠳᠤᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠶᠢ ᠪᠦᠬᠦ ᠲᠠᠯ᠎ᠠ ᠪᠠᠷ ᠬᠠᠷᠠᠭᠤᠯᠵᠤ᠂ ᠳᠤᠮᠳᠠᠳᠤ ᠶᠢᠨ ᠦᠨᠳᠦᠰᠦᠲᠡᠨ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠲᠠᠢ ᠭᠠᠷ ᠭᠠᠷ ᠢᠶᠠᠨ ᠬᠤᠯᠪᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠶᠡᠭᠡ ᠪᠠᠷ ᠤᠬᠠᠭᠤᠯᠪᠠ᠃    ᠡᠨᠡ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠦᠴᠦᠲᠡᠢ ᠠᠷᠭ᠎ᠠ ᠬᠡᠮᠵᠢᠶ᠎ᠡ ᠮᠥᠨ᠂ ᠨᠡᠩ ᠴᠤ ᠰᠢᠨ᠎ᠡ ᠴᠠᠭ ᠦᠶ᠎ᠡ ᠶᠢᠨ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠤᠨ ᠠᠮᠢᠳᠤᠯᠢᠭ ᠦᠵᠡᠭᠦᠯᠦᠯᠭᠡ ᠪᠣᠯᠣᠨ᠎ᠠ᠃    ᠬᠤᠪᠢᠰᠬᠠᠯᠳᠤ ᠬᠢᠩᠭᠠᠨ ᠤ ᠪᠣᠬᠢᠷᠲᠤᠯ ᠦᠭᠡᠢ ᠬᠥᠭᠵᠢᠯᠲᠡ᠃ ᠥᠪᠥᠷ ᠮᠣᠩᠭᠤᠯ ᠢ ᠣᠶᠢᠯᠠᠭᠠᠬᠤ ᠳᠤ ᠬᠢᠩᠭᠠᠨ ᠠᠶᠢᠮᠠᠭ ᠠᠴᠠ ᠡᠬᠢᠯᠡᠬᠦ ᠶᠤᠰᠤᠳᠠᠢ᠃ ᠬᠢᠩᠭᠠᠨ ᠠᠶᠢᠮᠠᠭ ᠨᠢ ᠨᠠᠮ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠤᠨ ᠬᠠᠮᠤᠭ ᠤᠨ ᠡᠷᠲᠡᠨ ᠤ ᠦᠢᠯᠡᠳᠦᠯᠭᠡ ᠶᠢᠨ ᠭᠠᠵᠠᠷ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ᠂ ᠪᠦᠬᠦ ᠤᠯᠤᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠪᠣᠯᠤᠭᠰᠠᠨ ᠤ ᠬᠤᠪᠢ ᠳᠤ ᠰᠢᠯᠢᠳᠡᠭ ᠰᠠᠶᠢᠨ ᠬᠤᠪᠢᠰᠬᠠᠯ ᠤᠨ ᠤᠳᠤᠮᠰᠢᠯ ᠪᠠ ᠭᠦᠨ ᠵᠤᠵᠠᠭᠠᠨ ᠪᠠᠶᠢᠭᠠᠯᠢᠯᠢᠭ ᠰᠠᠭᠤᠷᠢ ᠲᠠᠢ ᠶᠤᠮ᠃ ᠬᠢᠩᠭᠠᠨ ᠠᠶᠢᠮᠠᠭ ᠨᠢ ᠬᠤᠶᠠᠷ ᠤᠳᠠᠭ᠎ᠠ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ︾ ᠢᠶᠠᠷ ᠦᠨᠡᠯᠡᠭᠳᠡᠭᠰᠡᠨ ᠰᠠᠭᠤᠷᠢᠨ ᠳᠡᠭᠡᠷ᠎ᠡ ᠪᠠᠰᠠ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠣᠭᠴᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠱᠢᠶ᠎ᠡ ᠦᠵᠡᠭᠦᠯᠬᠦ ᠣᠷᠣᠨ ᠢᠶᠠᠷ ᠲᠣᠭᠲᠠᠭᠠᠭᠳᠠᠵᠠᠢ᠃    ᠡᠬᠢᠯᠡᠯᠲᠡ ᠶᠢᠨ ᠶᠣᠰᠣᠯᠠᠯ ᠤᠨ ᠲᠠᠷᠠᠭ᠎ᠠ ᠡᠯ᠎ᠡ ᠵᠠᠭᠤᠴᠢᠯᠠᠭᠤᠷ ᠤᠨ ᠬᠢᠨ ᠬᠥᠬᠡᠬᠤᠲᠠ᠂ ᠪᠤᠭᠤᠲᠤ ᠬᠤᠳᠠ᠂ ᠬᠢᠩᠭᠠᠨ ᠠᠶᠢᠮᠠᠭ᠂ ᠤᠯᠠᠭᠠᠨᠬᠠᠳᠠ ᠬᠤᠳᠠ᠂ ᠣᠷᠳᠣᠰ ᠬᠤᠳᠠ ᠳᠤ ᠭᠦᠨᠵᠡᠭᠡᠶᠢᠷᠡᠨ ᠲᠥᠪᠯᠡᠷᠡᠩᠭᠦᠢ ᠰᠣᠷᠪᠤᠯᠵᠢᠯᠠᠭ᠎ᠠ ᠥᠷᠨᠢᠭᠦᠯᠵᠦ᠂ ᠡᠷᠳᠡᠨ ᠠᠴᠠ ᠡᠳᠦᠭᠡ ᠪᠣᠯᠲᠠᠯ᠎ᠠ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠳᠤ ᠪᠠᠷ ᠴᠤᠭᠯᠠᠷᠠᠨ ᠬᠠᠮᠳᠤ ᠪᠠᠷ ᠰᠤᠷᠤᠯᠴᠠᠬᠤ᠂ ᠬᠠᠮᠳᠤ ᠪᠠᠷ ᠪᠠᠶᠢᠭᠤᠯᠵᠤ ᠬᠠᠮᠳᠤ ᠪᠠᠷ ᠡᠳ᠋ᠯᠡᠬᠦ᠂ ᠬᠠᠮᠳᠤ ᠪᠠᠷ ᠠᠵᠢᠯᠯᠠᠵᠤ ᠬᠠᠮᠳᠤ ᠪᠠᠷ ᠪᠠᠶᠠᠰᠬᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠵᠢᠷᠤᠭ ᠲᠥᠰᠥᠪ ᠢ ᠳᠡᠯᠭᠡᠨ ᠦᠵᠡᠭᠦᠯᠬᠦ ᠪᠣᠯᠣᠨ᠎ᠠ᠃ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠶᠠᠩ ᠬᠤᠤ᠄ ︽ᠥᠷᠭᠡᠨ ᠠᠭᠤᠳᠠᠮ ᠥᠪᠥᠷ ᠮᠣᠩᠭᠤᠯ ᠤᠨ ᠥᠨᠳᠦᠷᠯᠢᠭ ᠢᠶᠠᠷ ᠠᠶᠠᠯᠠᠬᠤ ᠪᠠᠷ ᠳᠠᠮᠵᠢᠨ ᠦᠨᠳᠦᠰᠦᠲᠡᠨ ᠤ ᠭᠠᠵᠠᠷ ᠣᠷᠣᠨ ᠤ ᠨᠢᠰᠬᠦ ᠮᠡᠲᠦ ᠲᠦᠷᠭᠡᠨ ᠬᠥᠭᠵᠢᠯᠲᠡ ᠶᠢᠨ ᠬᠤᠷᠢᠶᠠᠩᠭᠤᠢ ᠳᠦᠷᠰᠦ ᠶᠢ ᠭᠡᠷᠡᠴᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠯᠢᠭᠡᠷ ᠢ ᠰᠠᠶᠢᠲᠤᠷ ᠶᠠᠷᠢᠵᠤ᠂ ᠠᠯᠢ ᠤᠯᠠᠨ ᠬᠦᠴᠦᠲᠡᠢ ᠪᠣᠳᠠᠲᠤ ᠬᠡᠷᠡᠭ᠂ ᠠᠯᠢ ᠤᠯᠠᠨ ᠠᠮᠢᠳᠤᠯᠢᠭ ᠬᠡᠷᠡᠭ ᠤᠨ ᠵᠢᠱᠢᠶ᠎ᠡ᠂ ᠠᠯᠢ ᠤᠯᠠᠨ ᠨᠠᠷᠢᠨ ᠪᠣᠳᠠᠲᠠᠢ ᠮᠡᠳᠡᠭᠡᠯᠡᠯ ᠢᠶᠠᠷ ᠭᠤᠣᠯ ᠬᠦᠭ ᠠᠶᠠᠰ ᠢ ᠬᠠᠩᠭᠢᠨᠠᠭᠤᠯᠵᠤ᠂ ᠢᠷᠠᠭᠤ ᠰᠠᠶᠢᠬᠠᠨ ᠬᠦᠭ ᠠᠶᠠᠰ ᠢ ᠬᠠᠩᠭᠢᠨᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠪᠠᠲᠤᠳᠬᠠᠬᠤ ᠶᠢ ᠪᠢᠳᠡ ᠬᠦᠰᠡᠨ ᠬᠦᠯᠢᠶᠡᠵᠦ ᠪᠠᠶᠢᠨ᠎ᠠ︾ ᠭᠡᠵᠦ ᠶᠠᠷᠢᠪᠠ᠃    ᠳᠤᠮᠳᠠᠳᠤ ᠤᠯᠤᠰ ᠤᠨ ᠦᠨᠳᠦᠰᠦᠲᠡᠨ ᠤ ᠰᠣᠨᠢᠨ ᠤ ᠬᠤᠷᠢᠶ᠎ᠠ ᠶᠢᠨ ᠰᠤᠷᠪᠤᠯᠵᠢᠯᠠᠭᠴᠢ ᠠᠨ ᠫᠢᠩ ᠨᠢᠩ ᠥᠪᠥᠷ ᠮᠣᠩᠭᠤᠯ ᠳᠤ ᠤᠯᠠᠨᠳᠠ ᠢᠷᠡᠭᠰᠡᠨ ᠪᠣᠯᠪᠠᠴᠤ ᠪᠠᠰᠠ᠄ ︽ᠣᠳᠣᠬᠠᠨ ᠳᠤ ᠲᠠᠯ᠎ᠠ ᠨᠤᠲᠤᠭ ᠤᠨ ᠦᠵᠡᠰᠬᠦᠯᠡᠩᠲᠦ ᠰᠠᠶᠢᠬᠠᠨ ᠤᠯᠠᠷᠢᠯ ᠪᠣᠯᠵᠤ᠂ ᠬᠥᠬᠡ ᠣᠭᠲᠠᠷᠭᠤᠢ᠂ ᠴᠠᠭᠠᠨ ᠡᠭᠦᠯᠡ᠂ ᠨᠣᠭᠤᠭᠠᠨ ᠲᠠᠯ᠎ᠠ᠂ ᠴᠡᠴᠡᠭ ᠤᠨ ᠲᠠᠯᠠᠢ᠂ ᠪᠠᠰᠠ ᠲᠠᠷᠬᠠᠨ ᠪᠡᠯᠴᠢᠬᠦ ᠮᠠᠯ ᠰᠦᠷᠦᠭ ᠢ ᠬᠠᠷᠠᠬᠤ ᠳᠤ ᠪᠦᠷ ᠦᠵᠡᠮᠵᠢ ᠪᠣᠯᠵᠤ ᠪᠠᠶᠢᠨ᠎ᠠ᠃ ᠦᠪᠤᠷ ᠮᠤᠩᠭᠤᠯ ᠳᠤ ᠤᠯᠠᠨ ᠤᠳᠠᠭ᠎ᠠ ᠢᠷᠡᠵᠦ ᠥᠩᠭᠡᠷᠡᠭᠰᠡᠨ ᠪᠣᠯᠪᠠᠴᠤ ︿ᠦᠵᠡᠰᠬᠦᠯᠡᠩᠲᠦ ᠰᠠᠶᠢᠬᠠᠨ ᠥᠪᠥᠷ ᠮᠣᠩᠭᠤᠯ﹀ ᠮᠥᠨ ᠯᠡ ᠨᠠᠮᠠᠶᠢ ᠰᠣᠭᠲᠣᠭᠤᠷᠠᠭᠤᠯᠵᠤ᠂ ᠬᠦᠰᠡᠯ ᠡᠷᠡᠮᠡᠯᠵᠡᠯ ᠢᠶᠠᠷ ᠪᠢᠯᠬᠠᠨ᠎ᠠ᠃ ᠠᠳᠡᠬᠢ ᠪᠠᠶᠢᠭᠠᠯᠢ ᠶᠢᠨ ᠭᠤᠸ᠎ᠠ ᠰᠠᠶᠢᠬᠠᠨ᠂ ᠰᠣᠶᠣᠯ ᠤᠨ ᠭᠤᠸ᠎ᠠ ᠰᠠᠶᠢᠬᠠᠨ᠂ ᠪᠦᠯᠬᠦᠮᠳᠡᠯ ᠤᠨ ᠭᠤᠸ᠎ᠠ ᠰᠠᠶᠢᠬᠠᠨ᠂ ᠡᠶ᠎ᠡ ᠵᠣᠬᠢᠴᠠᠯ ᠤᠨ ᠭᠤᠸ᠎ᠠ ᠰᠠᠶᠢᠬᠠᠨ ᠮᠢᠨᠤ ᠢᠯᠡᠷᠡᠭᠦᠯᠬᠦ᠂ ᠰᠦᠪᠡᠭᠴᠢᠯᠡᠬᠦ᠂ ᠲᠡᠮᠳᠡᠭᠯᠡᠬᠦ ᠶᠢ ᠬᠦᠯᠢᠶᠡᠵᠦ ᠪᠠᠶᠢᠨ᠎ᠠ︾ ᠭᠡᠵᠦ ᠭᠦᠨ ᠲᠥᠷᠥᠭᠳᠡᠯ ᠲᠠᠢ ᠶᠠᠷᠢᠵᠤ ᠪᠠᠶᠢᠯ᠎ᠠ᠃    ᠡᠬᠢᠯᠡᠯᠲᠡ ᠶᠢᠨ ᠶᠣᠰᠣᠯᠠᠯ ᠲᠡᠭᠦᠰᠦᠭᠰᠡᠨ ᠤ ᠲᠠᠷᠠᠭ᠎ᠠ ᠬᠤᠷᠠᠯ ᠳᠤ ᠣᠷᠣᠯᠴᠠᠭᠰᠠᠳ ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠳᠤ ᠢᠷᠡᠵᠥ᠂ ᠭᠡᠷᠡᠯ ᠵᠢᠷᠤᠭ ᠤᠳ᠂ ᠲᠡᠦᠬᠡ ᠶᠢᠨ ᠳᠤᠷᠠᠰᠬᠠᠯᠲᠤ ᠵᠦᠢᠯᠡᠰ ᠤᠳ ᠢᠶᠠᠷ ᠲᠠᠮᠵᠢᠨ ᠰᠦᠷ ᠳᠠᠯᠠᠶᠢᠴᠠᠲᠠᠢ ᠬᠤᠪᠢᠰᠬᠠᠯᠲᠤ ᠲᠡᠮᠡᠴᠡᠯ ᠤᠨ ᠲᠡᠦᠬᠡ ᠶᠢ ᠲᠠᠬᠢᠨ ᠡᠷᠭᠢᠴᠡᠭᠦᠯᠪᠡ᠃ ᠤᠯᠠᠭᠠᠨᠬᠤᠲᠠ ᠶᠢᠨ ᠬᠤᠩ ᠶᠦᠨ ᠬᠦᠰᠡᠯᠡᠩᠲᠦ ᠪᠠᠭ᠎ᠠ ᠰᠤᠷᠭᠠᠭᠤᠯᠢ ᠶᠢᠨ ︽ᠪᠢᠴᠢᠬᠠᠨ ᠲᠠᠶᠢᠯᠪᠤᠷᠢᠯᠠᠭᠴᠢ︾ ᠹᠠᠨ ᠶᠤᠸᠠᠢ ᠴᠧᠨ᠄ ︽ᠮᠠᠨ ᠤ ᠠᠩᠭᠢ ᠶᠢᠨ ᠰᠤᠷᠤᠭᠴᠢᠳ ᠤᠨ ᠵᠠᠷᠢᠮ ᠨᠢ ᠬᠢᠲᠠᠳ ᠦᠨᠳᠦᠰᠦᠲᠡᠨ᠂ ᠵᠠᠷᠢᠮ ᠨᠢ ᠮᠣᠩᠭᠤᠯ ᠦᠨᠳᠦᠰᠦᠲᠡᠨ᠂ ᠵᠠᠷᠢᠮ ᠨᠢ ᠮᠠᠨᠵᠤ ᠦᠨᠳᠦᠰᠦᠲᠡᠨ ᠁ ᠪᠢᠳᠡ ᠪᠣᠯ ᠴᠥᠮ ᠰᠠᠶᠢᠨ ᠨᠠᠶᠢᠵᠠ᠃ ᠪᠢᠳᠡ ᠬᠠᠮᠲᠤ ᠪᠠᠷ ᠰᠣᠶᠣᠯ ᠮᠡᠳᠡᠯᠭᠡ ᠶᠢ ᠰᠤᠷᠤᠯᠴᠠᠵᠤ᠂ ᠬᠠᠮᠲᠤ ᠪᠠᠷ ᠦᠰᠤᠨ ᠳᠠᠪᠰᠢᠵᠤ ᠪᠠᠶᠢᠨ᠎ᠠ᠃ ᠮᠢᠨᠤ ᠲᠠᠶᠢᠯᠤᠮᠵᠢ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠨᠡᠩ ᠤᠯᠠᠨ ᠬᠥᠮᠥᠨ ᠳᠤ ᠡᠳᠡᠭᠡᠷ ᠲᠡᠦᠬᠡ ᠶᠢᠨ ᠮᠡᠳᠡᠯᠭᠡ ᠪᠣᠯᠣᠨ ᠬᠤᠪᠢᠰᠬᠠᠯ ᠤᠨ ᠦᠯᠢᠭᠡᠷ ᠢ ᠮᠡᠳᠡᠭᠦᠯᠬᠦ ᠶᠢ ᠬᠦᠰᠡᠵᠦ ᠪᠠᠶᠢᠨ᠎ᠠ︾ ᠭᠡᠵᠦ ᠬᠡᠯᠡᠪᠡ᠃ ᠰᠡᠳᠬᠢᠯ ᠵᠢᠷᠦᠬᠡ ᠪᠠᠨ ᠬᠤᠯᠪᠣᠵᠤ᠂ ᠦᠷ᠎ᠡ ᠵᠢᠷᠦᠬᠡ ᠪᠠᠨ ᠬᠠᠮᠳᠤᠳᠬᠠᠨ᠎ᠠ᠃ ᠦᠨᠳᠦᠰᠦᠲᠡᠨ ᠨᠦᠭᠦᠳ ᠤᠨ ᠡᠶ᠎ᠡ ᠨᠠᠶᠢᠷᠲᠠᠢ ᠪᠠᠷ ᠬᠠᠮᠲᠤ ᠣᠷᠣᠰᠢᠵᠤ᠂ ᠬᠠᠮᠳᠤ ᠪᠠᠷ ᠬᠥᠭᠵᠢᠬᠦ ᠰᠡᠳᠬᠢᠯ ᠬᠥᠳᠡᠯᠭᠡᠮ᠎ᠡ ᠪᠠᠶᠢᠳᠠᠯ ᠤᠮᠠᠷᠠᠲᠤ ᠬᠢᠯᠢ ᠶᠢᠨ ᠡᠬᠡ ᠭᠠᠵᠠᠷ ᠲᠤ ᠭᠠᠵᠠᠷ ᠪᠣᠯᠭᠠᠨ ᠳᠤ ᠬᠠᠷᠠᠭᠳᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠨᠢ ᠠᠯᠢ ᠬᠡᠳᠦ᠋ᠢᠨ ᠴᠢᠰᠤᠨ ᠳᠤ ᠠᠭᠤᠰᠴᠤ᠂ ᠬᠦᠨ᠎ᠡ ᠦᠨᠳᠤᠰᠤᠯᠡᠭᠰᠡᠨ ᠪᠠᠶᠢᠨ᠎ᠠ᠃ ᠰᠢᠨ᠎ᠡ ᠠᠶᠠᠨ ᠵᠠᠮ ᠳᠤ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠪᠦᠯᠬᠦᠮᠳᠡᠨ ᠲᠡᠮᠡᠴᠡᠵᠦ᠂ ᠬᠠᠮᠳᠤ ᠪᠠᠷ ᠴᠡᠴᠡᠭᠯᠡᠨ ᠬᠥᠭᠵᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠬᠦᠬᠦ ᠪᠤᠯᠤᠨ᠎ᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号