ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ᠂ ᠪᠠᠶᠢᠭᠤᠯᠭ᠎ᠠ ᠶᠢᠨ ᠨᠠᠮ ᠤᠨ ᠭᠡᠰᠢᠭᠦᠨ | ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠢ ᠮᠡᠳᠡᠷᠡᠬᠦ ᠰᠡᠳᠬᠢᠯᠭᠡ ᠪᠠ ᠣᠮᠣᠭᠰᠢᠯᠲᠤ ᠰᠡᠳᠬᠢᠯᠭᠡ ᠶᠢ | ᠨᠡᠮᠡᠭᠳᠡᠭᠦᠯᠵᠦ᠂ ︽ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠦᠯᠤᠬᠡ 5 ᠰᠠᠷ᠎ᠠ ᠶᠢᠨ 29 ᠤ ᠡᠳᠦᠷ ᠦᠪᠤᠷ | ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠠᠮ ᠤᠨ ᠭᠡᠰᠢᠭᠦᠨ | ᠺᠠᠳ᠋ᠷᠴᠤᠳ ᠢ ᠵᠣᠬᠢᠶᠠᠨ ᠪᠠᠶᠢᠭᠤᠯᠵᠤ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠳᠤ ᠬᠦᠷᠴᠦ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠤᠨ ᠣᠷᠳᠣᠨ | ᠳᠤ ᠲᠤᠭᠤᠷᠢᠨ ᠦᠵᠡᠬᠦᠯᠪᠡ᠃ | ᠦᠵᠡᠭᠦᠯᠦᠯᠭᠡ ᠨᠢ ᠦᠨᠳᠦᠰᠦᠲᠡᠨ ᠨᠦᠭᠦᠳ ᠤᠨ ᠠᠭᠤᠰᠤᠯᠴᠠᠨ ᠴᠤᠭᠯᠠᠷᠠᠭᠰᠠᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠡᠭᠦᠰᠦᠯ᠂ ᠪᠦᠷᠢᠯᠳᠦᠯ ᠪᠠ ᠬᠥᠭᠵᠢᠯᠲᠡ ᠪᠠᠷ ᠦᠯᠢᠭᠡᠷ ᠤᠨ ᠭᠤᠣᠯ | ᠰᠢᠵᠢᠮ ᠪᠣᠯᠭᠠᠵᠤ᠂ ︽ᠪᠢᠳᠡ ᠬᠠᠮᠢᠭ᠎ᠠ ᠠᠴᠠ ᠢᠷᠡᠭᠰᠡᠨ ᠪᠤᠶ︾ ︽ᠪᠢᠳᠡ ᠬᠡᠨ ᠪᠤᠶ︾ ︽ᠪᠢᠳᠡ ᠬᠠᠮᠢᠭ᠎ᠠ | ᠣᠴᠢᠬᠤ ᠪᠤᠶ︾ ᠭᠡᠬᠦ ᠭᠤᠷᠪᠠᠨ ᠬᠡᠰᠡᠭ ᠠᠴᠠ ᠳᠤᠮᠳᠠᠳᠤ ᠶᠢᠨ ᠦᠨᠳᠦᠰᠦᠲᠡᠨ ᠤ ᠪᠤᠶᠢᠵᠢᠯᠲᠠ ᠪᠠ ᠡᠭᠦᠰᠦᠯ᠂ | ᠳᠤᠮᠳᠠᠳᠤ ᠶᠢᠨ ᠦᠨᠳᠦᠰᠦᠲᠡᠨ ᠠᠶᠠᠨᠳᠠᠭᠠᠨ ᠪᠠᠶᠢᠭᠰᠠᠨ ᠠᠴᠠ ᠪᠠᠨ ᠤᠬᠠᠮᠰᠠᠷ ᠲᠠᠢ ᠲᠡᠶᠢᠰᠢ ᠠᠶᠠᠯᠠᠬᠰᠠᠨ᠂ | ᠳᠤᠮᠳᠠᠳᠤ ᠶᠢᠨ ᠦᠨᠳᠦᠰᠦᠲᠡᠨ ᠠᠭᠤᠤ ᠶᠡᠭᠡ ᠰᠡᠷᠭᠦᠨ ᠮᠠᠨᠳᠤᠯᠲᠠ ᠵᠦᠭ ᠤᠷᠤᠭᠰᠢᠯᠠᠭᠰᠠᠨ ᠲᠡᠤᠬᠡ ᠶᠢ ᠲᠤᠭᠠᠴᠢᠨ | ᠦᠬᠦᠯᠡᠵᠡᠢ᠃ ᠲᠣᠭᠤᠷᠢᠨ ᠦᠵᠡᠬᠦ ᠶᠠᠪᠤᠴᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠪᠠᠷ | ᠳᠠᠮᠵᠢᠭᠤᠯᠤᠨ ᠬᠥᠭᠵᠢᠯᠲᠡ ᠶᠢᠨ ᠲᠡᠦᠬᠡ ᠪᠠ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠦᠯᠢᠭᠡᠷ᠂ ᠦᠨᠡᠨ ᠪᠣᠳᠠᠲᠠᠢ ᠰᠢᠨ᠎ᠡ ᠰᠣᠷᠭᠤᠭ ᠭᠡᠷᠡᠯ ᠵᠢᠷᠤᠭ ᠢ ᠪᠦᠷᠢᠯᠳᠦᠭᠦᠯᠵᠦ᠂ ᠨᠠᠮ ᠤᠨ | ᠭᠡᠰᠢᠭᠦᠨ ᠺᠠᠳ᠋ᠷᠴᠤᠳ ᠢ ᠰᠦᠷ ᠳᠠᠯᠠᠶᠢᠴᠠᠲᠠᠢ ᠲᠡᠦᠬᠡ ᠶᠢᠨ ᠤᠷᠳᠤ ᠠᠶᠠᠨ ᠳᠤ ᠣᠷᠣᠭᠤᠯᠵᠤ᠂ | ᠦᠨᠳᠦᠰᠦᠲᠡᠨ ᠨᠦᠭᠦᠳ ᠤᠨ ᠣᠯᠣᠭᠰᠠᠨ ᠭᠡᠷᠡᠯ ᠰᠠᠴᠤᠷᠠᠩᠭᠤᠢ ᠠᠮᠵᠢᠯᠲᠠ ᠶᠢ ᠭᠦᠨ ᠰᠠᠭᠤᠭᠳᠠᠯ ᠲᠠᠢ ᠪᠠᠷ | ᠡᠷᠭᠢᠴᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ | ᠠᠭᠤᠯᠤᠭᠳᠠᠬᠤᠨ ᠪᠠ ᠱᠠᠭᠠᠷᠳᠠᠯᠭ᠎ᠠ ᠶᠢ ᠨᠡᠩ ᠰᠢᠭᠤᠳ ᠲᠣᠳᠣᠷᠬᠠᠢ ᠮᠡᠳᠡᠷᠡᠬᠦᠯᠵᠡᠢ᠃ | ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ ᠨᠠᠮ ᠤᠨ ᠭᠡᠰᠢᠭᠦᠨ ᠺᠠᠳ᠋ᠷᠴᠤᠳ᠄ ︽ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠠᠴᠢ ᠶᠢ | ᠮᠡᠳᠡᠷᠡᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠬᠦᠷᠬᠡ ᠬᠠᠷᠢᠭᠤᠴᠠᠯᠭᠠᠲᠤ | ᠰᠡᠳᠬᠢᠯᠭᠡ ᠪᠠᠨ ᠤᠯᠠᠮ ᠪᠠᠲᠤᠳᠬᠠᠵᠤ᠂ ᠬᠠᠷᠠᠯᠲᠠ ᠪᠠᠨ ᠲᠤᠬᠳᠠᠭᠠᠨ ᠡᠷᠡᠯᠬᠡᠭᠯᠡᠨ ᠤᠷᠤᠭᠰᠢᠯᠠᠵᠤ᠂ | ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠠᠷᠠᠳ ᠤᠨ ᠶᠠᠪᠤᠳᠠᠯ ᠤᠨ ᠠᠵᠢᠯ ᠢ ᠠᠬᠢᠭᠤᠯᠬᠤ ᠬᠦᠴᠦᠷᠬᠡᠭ ᠶᠡᠭᠡ | ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ︾ ᠭᠡᠵᠦ ᠢᠯᠡᠳᠬᠡᠵᠡᠭᠡᠪᠡ᠃ ᠲᠢᠩᠬᠢᠮ ᠤᠨ ᠤᠳᠤᠷᠢᠳᠤᠯᠭ᠎ᠠ᠂ | ᠡᠯ᠎ᠡ ᠭᠠᠵᠠᠷ ᠲᠠᠰᠤᠭ ᠤᠨ ᠰᠢᠭᠤᠳ ᠬᠠᠷᠢᠶ᠎ᠠ ᠨᠢᠬᠡᠴᠢ ᠶᠢᠨ ᠳᠡᠳ᠋ ᠭᠠᠵᠠᠷ ᠤᠨ ᠲᠡᠰ ᠠᠴᠠ ᠳᠡᠭᠡᠭᠰᠢᠬᠢ ᠨᠠᠮ ᠤᠨ | ᠭᠡᠰᠢᠭᠦᠨ ᠺᠠᠳ᠋ᠷ 30 ᠭᠠᠷᠤᠢ ᠬᠥᠮᠥᠨ ᠠᠵᠢᠯᠯᠠᠭ᠎ᠠ ᠳᠤ ᠣᠷᠣᠯᠴᠠᠪᠠ᠃ |