︽ᠤᠮᠠᠷᠠᠲᠤ ᠬᠢᠯᠢ ᠶᠢᠨ ᠠᠮᠤᠷ ᠲᠦᠪᠰᠢᠨ ᠢ ᠰᠠᠬᠢᠨ ᠬᠠᠮᠠᠭᠠᠯᠠᠬᠤ 2024︾ ᠪᠠᠶᠠᠨᠨᠠᠭᠤᠷ ᠬᠤᠲᠠ ᠶᠢᠨ ᠭᠠᠵᠠᠷ ᠬᠥᠳᠡᠯᠦᠯᠲᠡ ᠶᠢᠨ ᠭᠠᠮᠰᠢᠭ ᠤᠨ ᠶᠡᠷᠦᠩᠬᠡᠶᠢᠯᠡᠭᠰᠡᠨ ᠪᠣᠳᠠᠲᠤ ᠪᠠᠶᠢᠯᠳᠤᠭᠠᠨ ᠤ ᠰᠣᠷᠢᠯᠲᠠ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/7/22
    7 ᠳ᠋ᠤᠭᠠᠷ ᠰᠠᠷ᠎ᠠ ᠶᠢᠨ 20 ᠤ ᠡᠳᠦᠷ᠂ ᠪᠠᠶᠠᠨᠨᠠᠭᠤᠷ ᠬᠤᠲᠠ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠢᠯᠣᠭᠤᠳᠬᠤ ᠭᠠᠵᠠᠷ ᠠᠴᠠ ᠭᠤᠤᠯᠯᠠᠨ ᠡᠷᠭᠢᠯᠡᠵᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠭᠠᠵᠠᠷ ᠬᠥᠳᠡᠯᠦᠯᠲᠡ ᠶᠢᠨ ᠲᠣᠪᠴᠢᠶ᠎ᠠ᠂ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠵᠦ᠂ ᠬᠤᠲᠠ ᠶᠢᠨ ᠬᠠᠮ ᠵᠠᠭᠤᠴᠢᠯᠠᠭᠤᠷ ᠤᠨ ᠲᠥᠪ ᠠᠴᠠ ᠬᠠᠮᠵᠢᠨ ᠡᠷᠭᠢᠯᠡᠭᠰᠡᠨ ︽ᠤᠮᠠᠷᠠᠲᠤ ᠬᠢᠯᠢ ᠶᠢᠨ ᠠᠮᠤᠷ ᠲᠦᠪᠰᠢᠨ ᠢ ᠰᠠᠬᠢᠨ ᠬᠠᠮᠠᠭᠠᠯᠠᠬᠤ 2024︾ ᠪᠠᠶᠠᠨᠨᠠᠭᠤᠷ ᠬᠤᠲᠠ ᠶᠢᠨ ᠭᠠᠵᠠᠷ ᠬᠥᠳᠡᠯᠦᠯᠲᠡ ᠶᠢᠨ ᠭᠠᠮᠰᠢᠭ ᠤᠨ ᠶᠡᠷᠦᠩᠬᠡᠶᠢᠯᠡᠭᠰᠡᠨ ᠪᠣᠳᠠᠲᠤ ᠰᠣᠷᠢᠯᠲᠠ ᠠᠮᠵᠢᠯᠲᠠ ᠲᠠᠢ ᠶᠠᠪᠤᠭᠳᠠᠪᠠ᠃
W020240722549307729557.jpg
    ᠤᠷᠠᠳ ᠤᠨ ᠬᠤᠶᠢᠲᠤ ᠬᠤᠰᠢᠭᠤᠨ ᠤ ᠬᠦᠬᠡ ᠪᠠᠯᠭᠠᠰᠤᠨ ᠳᠤ 5 . 9 ᠲᠡᠰ ᠤᠨ ᠭᠠᠵᠠᠷ ᠬᠥᠳᠡᠯᠦᠯᠲᠡ ᠡᠭᠦᠰᠴᠦ᠂ ᠭᠡᠷ ᠪᠠᠶᠢᠰᠢᠩ ᠨᠤᠷᠠᠵᠤ᠂ ᠬᠥᠮᠦᠨ ᠬᠠᠷ᠎ᠠ ᠳᠠᠷᠤᠭᠳᠠᠵᠤ᠂ ᠬᠡᠰᠡᠭ ᠴᠠᠬᠢᠯᠭᠠᠨ ᠬᠦᠴᠦ᠂ ᠴᠢᠮᠡᠭᠡ ᠬᠤᠯᠪᠣᠭ᠎ᠠ᠂ ᠰᠠᠭᠤᠭᠠᠯᠢ ᠠᠷᠠᠳ ᠤᠨ ᠤᠰᠤᠨ ᠤ ᠬᠠᠩᠭᠠᠯᠭ᠎ᠠ ᠲᠠᠰᠤᠷᠠᠵᠤ᠂ ᠰᠢᠲᠠᠮᠠᠬᠠᠢ ᠬᠡᠢ ᠶᠢᠨ ᠬᠤᠭᠤᠯᠠᠢ ᠡᠪᠳᠡᠭᠳᠡᠵᠦ᠂ ᠰᠠᠭᠤᠷᠢ ᠲᠥᠬᠦᠭᠡᠷᠦᠮᠵᠢ ᠶᠢᠨ ᠤᠯᠠᠨ ᠭᠠᠵᠠᠷ ᠡᠪᠳᠡᠭᠳᠡᠵᠦ᠂ ᠵᠠᠮ ᠬᠥᠭᠦᠷᠭᠡ ᠡᠪᠳᠡᠭᠳᠡᠵᠦ᠂ ᠵᠠᠮ ᠬᠠᠷᠢᠯᠴᠠᠭ᠎ᠠ ᠬᠠᠷᠰᠢᠯᠠᠭᠳᠠᠵᠤ᠂ ᠭᠠᠮᠰᠢᠭᠳᠠᠭᠰᠠᠨ ᠬᠥᠮᠦᠰ ᠢ ᠪᠠᠴᠢᠮ ᠲᠥᠪᠬᠢᠨᠡᠭᠦᠯᠬᠦ ᠴᠢᠬᠤᠯᠠᠲᠠᠢ ᠪᠣᠯᠪᠠ᠃ ᠭᠠᠵᠠᠷ ᠬᠥᠳᠡᠯᠦᠯᠲᠡ ᠭᠠᠷᠤᠭᠰᠠᠨ ᠤ ᠳᠠᠷᠠᠭ᠎ᠠ᠂ ᠬᠤᠲᠠ ᠬᠤᠰᠢᠭᠤ ᠬᠤᠶᠠᠷ ᠱᠠᠲᠤᠨ ᠤ ᠵᠠᠰᠠᠭ ᠤᠨ ᠣᠷᠳᠣᠨ ᠲᠡᠷᠡ ᠳᠠᠷᠤᠶ ᠳᠤᠨᠢ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠬᠦᠴᠦᠨ ᠢ ᠵᠣᠬᠢᠶᠠᠨ ᠪᠠᠶᠢᠭᠤᠯᠤᠨ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯᠯᠠᠭ᠎ᠠ ᠶᠢ ᠦᠳᠲᠡᠷ ᠲᠦᠷᠭᠡᠨ ᠥᠷᠨᠢᠭᠦᠯᠪᠡ᠃
W020240722549307762890.jpg
    ᠰᠣᠷᠢᠯᠲᠠ ᠨᠢ ᠭᠠᠵᠠᠷ ᠬᠥᠳᠡᠯᠦᠯᠲᠡ ᠶᠢᠨ ᠰᠢᠭᠤᠳ ᠭᠠᠮᠰᠢᠭ᠂ ᠡᠭᠦᠰᠦᠮᠡᠯ ᠭᠠᠮᠰᠢᠭ ᠢ ᠰᠢᠢᠳᠪᠦᠷᠢᠯᠡᠬᠦ ᠪᠥᠬᠦ ᠶᠠᠪᠤᠴᠠ ᠶᠢ ᠬᠠᠮᠤᠷᠴᠤ᠂ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠪᠣᠶ ᠪᠥᠬᠦᠶ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠠᠪᠤᠷᠠᠨ ᠲᠤᠰᠠᠯᠠᠬᠤ ᠬᠦᠴᠦᠨ ᠳᠤ ᠬᠤᠯᠪᠣᠭᠳᠠᠨ᠎ᠠ᠃ ᠰᠣᠷᠢᠯᠲᠠ ᠶᠢ ᠭᠤᠷᠪᠠᠨ ᠱᠠᠲᠤ ᠬᠤᠪᠢᠶᠠᠵᠤ᠂ 20 ᠭᠠᠷᠤᠶ ᠬᠢᠴᠢᠶᠡᠯ ᠲᠥᠷᠥᠯ ᠢ ᠲᠣᠬᠢᠷᠠᠭᠤᠯᠵᠤ᠂ ᠵᠢᠯᠣᠭᠤᠳᠬᠤ ᠭᠠᠵᠠᠷ ᠤᠨ ᠰᠢᠷᠡᠭᠡᠨ ᠳᠡᠭᠡᠷᠡᠬᠢ ᠰᠣᠷᠢᠯᠲᠠ ᠶᠢ ᠪᠣᠳᠠᠲᠤ ᠪᠠᠶᠢᠯᠳᠤᠭᠠᠨ ᠤ ᠰᠣᠷᠢᠯᠲᠠ ᠲᠠᠢ ᠤᠶᠠᠯᠳᠤᠭᠤᠯᠬᠤ ᠬᠡᠯᠪᠡᠷᠢ ᠪᠠᠷ ᠥᠷᠨᠢᠭᠦᠯᠵᠦ᠂ ᠡᠮᠦᠨ᠎ᠡ ᠹᠷᠣᠨᠲ ᠪᠠ ᠠᠷᠤ ᠲᠠᠯ᠎ᠠ ᠶᠢᠨ ᠵᠢᠯᠣᠭᠤᠳᠬᠤ ᠭᠠᠵᠠᠷ ᠤᠨ ᠬᠤᠯᠪᠣᠭᠠᠯᠠᠨ ᠬᠥᠳᠡᠯᠦᠯᠴᠡᠬᠦ᠂ ᠵᠢᠯᠣᠭᠤᠳᠬᠤ ᠭᠠᠵᠠᠷ ᠪᠠ ᠠᠪᠤᠷᠠᠨ ᠲᠤᠰᠠᠯᠠᠬᠤ ᠲᠤᠬᠠᠶ ᠶᠢᠨ ᠭᠠᠵᠠᠷ ᠤᠨ ᠬᠤᠯᠪᠣᠭᠠᠯᠠᠨ ᠬᠥᠳᠡᠯᠦᠯᠴᠡᠬᠦ ᠵᠢᠴᠢ ᠭᠠᠵᠠᠷ ᠬᠥᠳᠡᠯᠦᠯᠲᠡ ᠶᠢᠨ ᠳᠠᠷᠠᠭᠠᠬᠢ ᠬᠥᠮᠦᠰ ᠢ ᠡᠷᠢᠵᠦ ᠠᠪᠤᠷᠬᠠᠤ ᠂ ᠡᠮᠴᠢᠯᠡᠭᠡ ᠪᠠᠷ ᠠᠪᠤᠷᠠᠨ ᠵᠠᠰᠠᠬᠤ᠂ ᠣᠯᠠᠨ ᠲᠦᠮᠡᠨ ᠢ ᠲᠥᠪᠬᠢᠨᠡᠭᠦᠯᠬᠦ᠂ ᠲᠣᠨᠤᠭ ᠲᠥᠬᠦᠭᠡᠷᠦᠮᠵᠢ ᠶᠢ ᠱᠠᠯᠠᠪᠳᠠᠨ ᠵᠠᠰᠠᠬᠤ ᠵᠡᠷᠭᠡ ᠡᠯ᠎ᠡ ᠵᠠᠩᠭᠢᠯᠠᠭ᠎ᠠ ᠶᠢᠨ ᠭᠤᠭᠴᠤᠭ᠎ᠠ ᠪᠠ ᠠᠭᠤᠯᠭ᠎ᠠ ᠶᠢ ᠭᠦᠶ᠋ᠴᠡᠳ ᠢᠯᠡᠷᠡᠭᠦᠯᠵᠦ᠂ ᠵᠢᠯᠣᠭᠤᠳᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠰᠢᠯᠭᠠᠨ ᠪᠠᠶᠢᠴᠠᠭᠠᠭᠰᠠᠨ ᠢᠶᠠᠷ ᠪᠠᠷᠠᠬᠤ ᠥᠬᠡᠶ ᠪᠠᠰᠠ ᠡᠩᠨᠡᠭᠡᠨ ᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠠᠪᠲᠠᠨ ᠪᠣᠯᠪᠠᠰᠤᠷᠠᠭᠤᠯᠪᠠ᠃ ᠰᠣᠷᠢᠯᠲᠠ ᠶᠢᠨ ᠵᠢᠷᠤᠭ ᠲᠥᠯᠥᠪᠯᠡᠭᠡ ᠨᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ᠂ ᠬᠡᠷᠡᠭᠵᠢᠭᠦᠯᠬᠦ ᠶᠠᠪᠤᠴᠠ ᠨᠢ ᠤᠷᠤᠰᠤᠮ᠎ᠠ ᠠᠪᠰᠠᠷᠬᠠᠨ᠂ ᠰᠣᠷᠢᠯᠲᠠ ᠳᠤ ᠣᠷᠣᠯᠴᠠᠬᠤ ᠡᠩᠨᠡᠭᠡ ᠨᠢ ᠰᠡᠳᠬᠢᠯ ᠰᠠᠨᠠᠭ᠎ᠠ ᠨᠢᠭᠡᠲᠡᠢ᠂ ᠰᠣᠷᠢᠯᠲᠠ ᠳᠤ ᠣᠷᠣᠯᠴᠠᠬᠤ ᠬᠥᠮᠦᠰ ᠨᠢ ᠪᠣᠯᠪᠠᠰᠤᠷᠠᠯ ᠰᠠᠶᠢᠲᠠᠢ ᠪᠠᠶᠢᠵᠤ᠂ ᠵᠢᠱᠢᠭᠰᠡᠨ ᠬᠠᠷᠠᠯᠲᠠ ᠳᠠᠭᠠᠨ ᠬᠦᠷᠴᠡᠢ᠃ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠴᠡᠷᠢᠭ ᠴᠠᠭᠳᠠᠭ᠎ᠠ᠂ ᠵᠠᠮ ᠬᠠᠷᠢᠯᠴᠠᠭ᠎ᠠ᠂ ᠡᠮ ᠡᠮᠨᠡᠯᠭᠡ᠂ ᠴᠢᠮᠡᠭᠡ ᠬᠤᠯᠪᠣᠭ᠎ᠠ ᠵᠡᠷᠭᠡ ᠡᠩᠨᠡᠭᠡᠨ ᠤ 500 ᠭᠠᠷᠤᠢ ᠬᠥᠮᠦᠨ ᠢ ᠲᠠᠶᠢᠴᠢᠯᠠᠵᠥ᠂ 60 ᠲᠤᠮᠤ ᠬᠡᠯᠪᠡᠷᠢ ᠶᠢᠨ ᠲᠡᠷᠭᠡ ᠬᠥᠰᠬᠡ᠂ 1000 ᠭᠠᠷᠤᠢ ᠢᠵᠢ ᠠᠪᠤᠷᠠᠨ ᠲᠤᠰᠠᠯᠠᠬᠤ ᠲᠥᠬᠦᠭᠡᠷᠦᠮᠵᠢ᠂ 1 ᠡᠭᠴᠡ ᠨᠢᠰᠬᠡᠯ᠂ 5 ᠵᠢᠯᠣᠭᠤᠴᠢ ᠦᠬᠡᠢ ᠨᠢᠰᠬᠡᠯ ᠢ ᠬᠥᠳᠡᠯᠭᠡᠨ ᠬᠡᠷᠡᠭᠯᠡᠪᠡ᠃
W020240722549307824089.jpg
    ᠲᠣᠰ ᠤᠳᠠᠭᠠᠨ ᠤ ᠰᠣᠷᠢᠯᠲᠠ ᠶᠢᠨ ᠲᠠᠯᠠᠪᠤᠷ ᠤᠨ ᠲᠣᠬᠢᠷᠠᠭᠤᠯᠤᠯᠲᠠ ᠪᠥᠬᠦ ᠲᠠᠯ᠎ᠠ ᠶᠢᠨ᠂ ᠬᠢᠴᠢᠶᠡᠯ ᠲᠥᠷᠥᠯ ᠤᠨ ᠲᠣᠬᠢᠷᠠᠭᠤᠯᠤᠯᠲᠠ ᠵᠦᠶ ᠵᠣᠬᠢᠰᠲᠠᠶ᠂ ᠲᠥᠰᠦᠯ ᠲᠣᠭᠲᠠᠭᠠᠭᠰᠠᠨ ᠨᠢ ᠣᠨᠣᠪᠴᠢᠲᠠᠶ᠂ ᠠᠪᠤᠷᠠᠨ ᠲᠤᠰᠠᠯᠠᠬᠤ ᠠᠵᠢᠯᠯᠠᠭ᠎ᠠ ᠨᠢ ᠥᠨᠳᠥᠷ ᠪᠦᠲᠦᠮᠵᠢᠲᠡᠶ᠂ ᠡᠯ᠎ᠡ ᠲᠣᠭᠯᠠᠯᠲᠠ ᠳᠤ ᠣᠷᠣᠯᠴᠠᠭᠰᠠᠨ ᠨᠢᠭᠡᠴᠡ ᠨᠠᠷᠢᠨ ᠨᠢᠮᠪᠠᠶ ᠪᠡᠯᠡᠳᠬᠡᠵᠦ᠂ ᠨᠢᠭᠲᠠ ᠬᠠᠮᠵᠢᠯᠴᠠᠨ᠂ ᠭᠡᠨᠡᠳᠲᠡ ᠶᠢᠨ ᠬᠡᠷᠡᠭ ᠢ ᠠᠷᠭᠠᠴᠠᠭᠠᠨ ᠰᠢᠢᠳᠪᠦᠷᠢᠯᠡᠬᠦ ᠰᠠᠶᠢᠨ ᠰᠠᠶᠢᠬᠠᠨ ᠴᠢᠳᠠᠪᠤᠷᠢ ᠶᠢ ᠢᠯᠡᠷᠡᠭᠦᠯᠪᠡ᠂ ᠡᠨᠡ ᠨᠢ ᠪᠠᠶᠠᠨᠨᠠᠭᠤᠷ ᠬᠤᠲᠠ ᠶᠢᠨ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠬᠠᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮᠵᠢ ᠶᠢᠨ ᠨᠢᠭᠡ ᠤᠳᠠᠭᠠᠨ ᠤ ᠪᠥᠬᠦ ᠲᠠᠯ᠎ᠠ ᠶᠢᠨ ᠰᠢᠯᠭᠠᠨ ᠪᠠᠶᠢᠴᠠᠭᠠᠯᠲᠠ ᠪᠣᠯᠬᠤ ᠪᠥᠭᠡᠳ ᠪᠥᠬᠦ ᠨᠡᠶᠢᠭᠡᠮ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠬᠤᠲᠠ ᠶᠢᠨ ᠭᠠᠵᠠᠷ ᠬᠥᠳᠡᠯᠦᠯᠲᠡ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠪᠣᠯᠤᠨ᠎ᠠ᠃
W020240722549308015345.jpg
 
ᠢᠷᠡᠯᠲᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号