ᠠᠯᠠᠱᠠ ᠠᠶᠢᠮᠠᠭ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠶᠤᠯᠭᠦᠶ ᠦᠢᠯᠡᠳᠪᠦᠷᠢᠯᠡᠯ ᠤᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2024/7/24
    ᠨᠢᠭᠡ ᠳᠤ ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠬᠤ ᠬᠡᠷᠡᠭᠲᠡᠶ᠃ 7 ᠳ᠋ᠤᠭᠠᠷ ᠰᠠᠷ᠎ᠠ ᠶᠢᠨ 6 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠠᠶᠤᠯ ᠥᠬᠡᠶ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠵᠤ᠂ ᠰᠢᠨ ᠵᠢᠩ ᠨᠡᠭᠦᠷᠡᠰᠦᠨ ᠠᠭᠤᠷᠬᠠᠶ ᠶᠢᠨ ︽222︾ ᠤᠨ ᠠᠳᠡᠯ ᠤᠨ ᠰᠡᠷᠡᠮᠵᠢᠯᠡᠭᠦᠯᠬᠦ ᠬᠥᠮᠦᠵᠢᠯ ᠤᠨ ᠣᠷᠳᠣᠨ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠤᠨ ᠠᠵᠤ ᠠᠬᠤᠶᠢᠯᠠᠯ ᠤᠨ ᠠᠵᠢᠯᠲᠠᠨ ᠢ ᠪᠠᠶᠢᠩᠭᠤ ᠵᠣᠬᠢᠶᠠᠨ ᠪᠠᠶᠢᠭᠤᠯᠤᠨ ᠰᠡᠷᠡᠮᠵᠢᠯᠡᠭᠦᠯᠬᠦ ᠬᠥᠮᠦᠵᠢᠯ ᠥᠷᠨᠢᠭᠦᠯᠵᠦ᠂ ᠲᠡᠳᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠠᠶᠤᠯ ᠥᠬᠡᠶ ᠦᠢᠯᠡᠳᠪᠦᠷᠢᠯᠡᠯ ᠤᠨ ᠣᠶᠢᠯᠠᠭᠠᠭᠳᠠᠬᠤᠨ ᠢ ᠨᠠᠩ ᠪᠠᠲᠤ ᠪᠠᠬᠢ ᠪᠣᠶ ᠪᠣᠯᠭᠠᠵᠤ᠂ ᠠᠶᠤᠯ ᠥᠬᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠩ ᠪᠣᠳᠠᠲᠠᠶ ᠨᠠᠶᠢᠳᠠᠪᠤᠷᠢᠵᠢᠭᠤᠯᠵᠤ᠂ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠨᠠᠩ ᠴᠢᠩᠭ᠎ᠠ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠶᠠᠷ ᠲᠤ᠂ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠤᠨ᠎ᠠ᠃ ᠪᠥᠬᠦ ᠠᠶᠢᠮᠠᠭ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠪᠠᠷ ᠭᠤᠤᠯᠳᠠᠯᠭ᠎ᠠ ᠪᠣᠯᠭᠠᠨ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠭᠤᠯᠤᠯ ᠢ 177 ᠬᠤᠭᠤᠴᠠᠭ᠎ᠠ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠮᠤᠷ ᠲᠦᠪᠰᠢᠨ ᠤ ᠪᠣᠯᠪᠠᠰᠤᠷᠠᠭᠤᠯᠤᠯ ᠢ 556 ᠬᠤᠭᠤᠴᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ 812 ᠬᠤᠭᠤᠴᠠᠭ᠎ᠠ ᠤᠬᠠᠭᠤᠯᠪᠠ︔ 54 ᠵᠦᠢᠯ ᠤᠨ ᠬᠦᠨᠳᠦ ᠶᠡᠭᠡ ᠠᠳᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ 49 ᠵᠦᠢᠯ ᠢ ᠨᠢ ᠨᠢᠭᠡᠨᠲᠡ ᠴᠡᠭᠴᠡᠯᠡᠨ ᠰᠠᠶᠢᠵᠢᠷᠠᠭᠤᠯᠪᠠ᠃    ᠭᠤᠷᠪᠠ ᠳᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠰᠢᠯᠤᠭᠤᠳᠬᠠᠨ᠎ᠠ᠃ ᠠᠭᠤᠷᠬᠠᠶ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠪᠠᠶᠢᠭᠤᠯᠤᠨ᠂ ᠠᠭᠤᠷᠬᠠᠶ ᠶᠢᠨ ᠠᠶᠤᠯ ᠦᠭᠡᠶ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠶᠢ ᠨᠡᠮᠡᠨ ᠪᠠᠶᠢᠭᠤᠯᠵᠤ᠂ ᠵᠣᠬᠢᠴᠠᠩᠭᠤᠶ ᠪᠦᠬᠦᠢ ᠡᠭᠦᠷᠭᠡ ᠴᠢᠳᠠᠪᠤᠷᠢ ᠬᠢᠭᠡᠳ 12 ᠣᠷᠣᠨ ᠲᠤᠭ᠎ᠠ ᠵᠢᠴᠢ ᠠᠵᠢᠯᠲᠠᠨ ᠢ ᠬᠤᠪᠢᠶᠠᠷᠢᠯᠠᠨ ᠰᠢᠯᠵᠢᠭᠦᠯᠵᠦ᠂ 23 ᠣᠷᠣᠨ ᠲᠤᠭ᠎ᠠ ᠶᠢ ᠲᠣᠬᠢᠷᠠᠭᠤᠯᠤᠨ ᠬᠤᠰᠢᠭᠤ ᠲᠣᠭᠤᠷᠢᠭ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠦᠴᠦᠨ ᠢ ᠲᠡᠭᠦᠯᠳᠡᠷᠵᠢᠭᠦᠯᠵᠦ᠂ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠤᠢᠭᠡᠢ ᠴᠢᠩᠭᠠᠳᠬᠠᠬᠤ ᠬᠡᠷᠡᠭᠲᠡᠶ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号