ᠥᠪᠥᠷ ᠮᠣᠩᠭᠤᠯ ᠦᠶᠡᠷ ᠢ ᠰᠡᠷᠭᠡᠶᠢᠯᠡᠬᠦ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠢᠳᠡᠪᠬᠢᠲᠡᠶ ᠬᠢᠵᠦ ᠪᠣᠶ
ᠨᠡᠶᠢᠲᠡᠯᠡᠭᠰᠡᠨ ᠴᠠᠭ᠄
2024/7/24
    ᠰᠤᠷᠪᠤᠯᠵᠢᠯᠠᠭᠴᠢ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠶᠠᠭ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠭᠠᠮᠰᠢᠭ ᠤᠨ ᠴᠠᠭ ᠠᠭᠤᠷ ᠤᠨ ᠬᠡᠪ ᠤᠨ ᠪᠤᠰᠤ ᠴᠢᠨᠠᠷ᠂ ᠬᠡᠲᠦᠷᠡᠮᠡᠬᠡᠶ ᠴᠢᠨᠠᠷ ᠢᠯᠡᠳᠲᠡ ᠬᠦᠨᠳᠦᠷᠡᠵᠦ᠂ ᠥᠪᠥᠷ ᠮᠣᠩᠭᠤᠯ ᠤᠨ ᠬᠡᠰᠡᠭ ᠭᠠᠵᠠᠷ ᠣᠷᠣᠨ ᠳᠤ ᠠᠭᠤᠯᠠᠨ ᠦᠶᠡᠷ ᠤᠨ ᠭᠠᠮᠰᠢᠭ ᠣᠯᠠᠨ ᠡᠭᠦᠰᠬᠦ ᠪᠠ ᠠᠮᠠᠷᠬᠠᠨ ᠡᠭᠦᠰᠬᠦ ᠬᠤᠭᠤᠴᠠᠭᠠᠨ ᠳᠤ ᠣᠷᠣᠪᠠ᠃ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠨᠢᠭᠡᠨᠲᠡ ᠦᠶᠡᠷ ᠢ  ᠰᠡᠷᠭᠡᠶᠢᠯᠡᠬᠦ ᠬᠢᠨᠠᠨ ᠵᠢᠯᠣᠭᠤᠳᠴᠤ ᠪᠠᠶᠢᠴᠠᠭᠠᠬᠤ ᠳᠤᠭᠤᠶᠢᠯᠠᠩ ᠲᠣᠮᠢᠯᠠᠵᠤ᠂ ᠬᠥᠬᠡᠬᠤᠲᠠ ᠵᠡᠷᠭᠡ ᠥᠪᠥᠷ ᠮᠣᠩᠭᠤᠯ ᠣᠨ ᠵᠡᠭᠦᠨ ᠪᠠᠷᠠᠭᠤᠨ ᠬᠡᠰᠡᠭ ᠣᠨ 8 ᠠᠶᠢᠮᠠᠭ ᠬᠤᠳᠠ ᠶᠢᠨ ᠦᠶᠡᠷ ᠢ ᠰᠡᠷᠭᠡᠶᠢᠯᠡᠬᠦ ᠠᠵᠢᠯ ᠲᠤ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠥᠷᠨᠢᠭᠦᠯᠦᠨ᠂ ᠠᠭᠤᠯᠠᠨ ᠦᠶᠡᠷ ᠤᠨ ᠭᠤᠤ᠂ ᠲᠦᠭᠰᠢᠭᠦᠷᠢ ᠲᠠᠢ ᠤᠰᠤ ᠥᠩᠭᠡᠷᠡᠬᠦ ᠵᠠᠮ ᠤᠨ ᠭᠠᠳᠠᠷᠭᠤ ᠵᠡᠷᠭᠡ ᠭᠤᠣᠯᠳᠠᠯᠭ᠎ᠠ ᠲᠠᠢ ᠭᠠᠵᠠᠷ ᠤᠨ ᠰᠡᠷᠭᠡᠶᠢᠯᠡᠬᠦ ᠠᠵᠢᠯ ᠢ ᠭᠤᠣᠯᠳᠠᠯᠭ᠎ᠠ ᠲᠠᠢ ᠪᠠᠶᠢᠴᠠᠭᠠᠨ᠎ᠠ᠃    ᠰᠢᠮᠳᠠᠭᠤᠯᠤᠨ ᠵᠢᠯᠣᠭᠤᠳᠬᠤ ᠳᠤᠭᠤᠶᠢᠯᠠᠩ ᠨᠢ ᠲᠤᠬᠠᠶ ᠶᠢᠨ ᠭᠠᠵᠠᠷ ᠲᠤ ᠨᠢ ᠰᠤᠷᠪᠤᠯᠵᠢᠯᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢ ᠠᠪᠴᠤ᠂ ᠡᠯ᠎ᠡ ᠭᠤᠤᠯᠳᠠᠯᠭ᠎ᠠ ᠲᠠᠢ ᠭᠠᠵᠠᠷ ᠣᠷᠣᠨ ᠤ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠬᠠᠤ ᠡᠳ᠋ ᠪᠣᠳᠠᠰ ᠤᠨ ᠨᠥᠭᠡᠴᠡ᠂ ᠤᠰᠤ ᠲᠠᠢ ᠬᠤᠯᠪᠣᠭᠳᠠᠭᠰᠠᠨ ᠵᠠᠮ ᠤᠨ ᠨᠢᠭᠤᠷ ᠢ ᠵᠢᠵᠢᠭᠦᠷᠯᠡᠨ ᠰᠠᠬᠢᠬᠤ᠂ ᠵᠠᠰᠠᠭ ᠵᠠᠬᠢᠷᠭᠠᠨ ᠤ ᠲᠣᠰᠬᠤᠨ ᠤ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠣᠯᠤᠨ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠠᠵᠢᠯᠯᠠᠭᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠯ᠎ᠡ ᠭᠠᠵᠠᠷ ᠤᠨ ᠦᠶᠡᠷ ᠢ ᠰᠡᠷᠭᠡᠶᠢᠯᠡᠬᠦ ᠠᠵᠢᠯ ᠢ ᠥᠷᠨᠢᠭᠦᠯᠦᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠬᠦ ᠶᠢᠨ ᠬᠠᠮᠲᠤ᠂ ᠢᠯᠡᠷᠡᠭᠦᠯᠦᠭᠰᠡᠨ ᠠᠰᠠᠭᠤᠳᠠᠯ ᠢ ᠬᠠᠷᠢᠭᠤᠴᠠᠯᠭᠠᠲᠤ ᠨᠢᠭᠡᠴᠡ ᠶᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃    ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ᠂ ᠡᠯ᠎ᠡ ᠭᠠᠵᠠᠷ ᠤᠨ ᠬᠢᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠵᠠᠷᠴᠢᠮ ᠶᠣᠰᠣᠭᠠᠷ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠶ᠂ ᠲᠦᠢᠯᠰᠢᠷᠠᠯ ᠤᠨ ᠰᠡᠳᠬᠢᠬᠦᠶ ᠶᠢ ᠪᠠᠲᠤ ᠪᠣᠶ ᠪᠣᠯᠭᠠᠵᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠨᠠᠷᠢᠯᠢᠭ ᠪᠣᠳᠠᠲᠠᠶ ᠬᠢᠬᠦ ᠬᠡᠷᠡᠭᠲᠡᠶ᠃ ᠡᠯ᠎ᠡ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠲᠤᠬᠠᠶ ᠶᠢᠨ ᠭᠠᠵᠠᠷ ᠤᠨ ᠴᠠᠭ ᠠᠭᠤᠷ᠂ ᠤᠰᠤᠨ ᠵᠦᠶ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠴᠠᠭ ᠲᠤᠬᠠᠶ ᠳᠤᠨᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠵᠦ᠂ ᠡᠷᠭᠢᠯᠳᠦᠭᠦᠯᠦᠨ ᠵᠥᠪᠳᠡᠯᠴᠡᠵᠦ ᠰᠤᠳᠤᠯᠤᠨ ᠮᠠᠭᠠᠳᠯᠠᠵᠤ᠂ ᠪᠣᠷᠣᠭᠠᠨ ᠤ ᠲᠠᠷᠬᠠᠯᠲᠠ ᠪᠣᠯᠤᠨ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠲᠦᠪᠰᠢᠨ ᠤ ᠬᠤᠪᠢᠷᠠᠯᠲᠠ ᠶᠢ ᠣᠨᠣᠪᠴᠢᠲᠠᠶ ᠡᠵᠡᠮᠰᠢᠵᠦ᠂ ᠣᠯᠠᠨ ᠠᠷᠭ᠎ᠠ ᠵᠠᠮ ᠢᠶᠠᠷ ᠪᠦᠬᠦᠨ ᠢ ᠬᠠᠮᠤᠷᠴᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠵᠦ᠂ ᠭᠠᠮᠰᠢᠭ ᠲᠤ ᠤᠴᠠᠷᠠᠪᠠᠯ ᠭᠦᠨᠳᠡᠬᠦ ︽ᠳᠠᠭᠤᠳᠠᠬᠤ︾ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯ ᠲᠠᠢ ᠣᠷᠣᠨ ᠪᠦᠰᠡ ᠶᠢᠨ ᠣᠯᠠᠨ ᠲᠦᠮᠡᠨ ᠢ ᠰᠢᠯᠵᠢᠭᠦᠯᠦᠨ ᠠᠶᠤᠯ ᠠᠴᠠ ᠵᠠᠶᠢᠯᠠᠭᠤᠯᠬᠤ ᠠᠵᠢᠯ ᠢ ᠰᠢᠨᠵᠢᠯᠡᠬᠦ ᠤᠬᠠᠭᠠᠨᠴᠢ ᠡᠷᠡᠰ ᠰᠢᠭᠤᠷᠬᠠᠶ ᠪᠠᠷ ᠰᠠᠶᠢᠲᠤᠷ ᠬᠢᠬᠦ ᠬᠡᠷᠡᠭᠲᠡᠶ᠃    ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ᠂ ᠠᠭᠤᠯᠠᠨ ᠦᠶᠡᠷ ᠤᠨ ᠭᠤᠤ ᠪᠣᠯᠤᠨ ᠠᠶᠤᠯᠲᠠᠢ ᠤᠰᠤ ᠥᠩᠭᠡᠷᠡᠬᠦ ᠵᠠᠮ ᠵᠡᠷᠭᠡ ᠭᠤᠣᠯᠳᠠᠯᠭ᠎ᠠ ᠲᠠᠢ ᠣᠷᠣᠨ ᠳᠤ ᠡᠷᠬᠡᠪᠰᠢ ᠲᠣᠳᠣᠷᠬᠠᠢ ᠬᠠᠷᠠᠯᠲᠠ ᠲᠣᠭᠲᠠᠭᠠᠬᠤ ᠬᠡᠷᠡᠭᠲᠡᠢ ᠪᠥᠭᠡᠳ ᠪᠠᠷᠢᠮᠵᠢᠶ᠎ᠠ ᠶᠣᠰᠣᠭᠠᠷ ᠦᠶᠡᠷ ᠢ ᠰᠡᠷᠭᠡᠶᠢᠯᠡᠬᠦ ᠠᠵᠢᠯᠯᠠᠬᠤ ᠠᠩᠬᠢ ᠲᠤᠬᠢᠷᠠᠭᠤᠯᠵᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠢ᠃ ᠪᠠᠴᠢᠮ ᠪᠠᠶᠢᠳᠠᠯ ᠭᠠᠷᠤᠭᠰᠠᠭᠠᠷ ᠡᠷᠬᠡᠪᠰᠢ ᠴᠠᠭ ᠲᠤᠬᠠᠶ ᠳᠤᠨᠢ ᠬᠠᠷᠢᠭᠤ ᠮᠡᠳᠡᠭᠦᠯᠵᠦ᠂ ᠦᠶᠡᠷ ᠤᠨ ᠬᠤᠭᠤᠴᠠᠭᠠᠨ ᠳᠤ ᠬᠦᠨᠳᠦ ᠶᠡᠭᠡ ᠠᠳᠡᠯ ᠥᠯᠥ ᠭᠠᠷᠬᠤ ᠬᠤᠷᠢᠭ᠎ᠠ ᠱᠤᠭᠤᠮ ᠢ ᠡᠷᠡᠰ ᠰᠠᠬᠢᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠶ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号