ᠰᠤᠷᠪᠤᠯᠵᠢᠯᠠᠭᠴᠢ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠣᠶᠢᠯᠠᠭᠠᠭᠰᠠᠨ ᠢᠶᠠᠷ᠂ | ᠣᠳᠣᠬᠠᠨ ᠳᠤ ᠶᠠᠭ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠭᠠᠮᠰᠢᠭ ᠤᠨ ᠴᠠᠭ | ᠠᠭᠤᠷ ᠤᠨ ᠬᠡᠪ ᠤᠨ ᠪᠤᠰᠤ ᠴᠢᠨᠠᠷ᠂ ᠬᠡᠲᠦᠷᠡᠮᠡᠬᠡᠶ ᠴᠢᠨᠠᠷ ᠢᠯᠡᠳᠲᠡ ᠬᠦᠨᠳᠦᠷᠡᠵᠦ᠂ ᠥᠪᠥᠷ ᠮᠣᠩᠭᠤᠯ ᠤᠨ ᠬᠡᠰᠡᠭ | ᠭᠠᠵᠠᠷ ᠣᠷᠣᠨ ᠳᠤ ᠠᠭᠤᠯᠠᠨ ᠦᠶᠡᠷ ᠤᠨ ᠭᠠᠮᠰᠢᠭ ᠣᠯᠠᠨ ᠡᠭᠦᠰᠬᠦ ᠪᠠ ᠠᠮᠠᠷᠬᠠᠨ ᠡᠭᠦᠰᠬᠦ ᠬᠤᠭᠤᠴᠠᠭᠠᠨ ᠳᠤ | ᠣᠷᠣᠪᠠ᠃ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ | ᠵᠢᠯᠣᠭᠤᠳᠬᠤ ᠭᠠᠵᠠᠷ ᠨᠢᠭᠡᠨᠲᠡ ᠦᠶᠡᠷ ᠢ ᠰᠡᠷᠭᠡᠶᠢᠯᠡᠬᠦ ᠶᠢᠨ ᠬᠢᠨᠠᠨ ᠵᠢᠯᠣᠭᠤᠳᠴᠤ ᠪᠠᠶᠢᠴᠠᠭᠠᠬᠤ ᠳᠤᠭᠤᠶᠢᠯᠠᠩ | ᠲᠣᠮᠢᠯᠠᠵᠤ᠂ ᠬᠥᠬᠡᠬᠤᠲᠠ ᠵᠡᠷᠭᠡ ᠥᠪᠥᠷ ᠮᠣᠩᠭᠤᠯ ᠤᠨ ᠵᠡᠭᠦᠨ ᠪᠠᠷᠠᠭᠤᠨ ᠬᠡᠰᠡᠭ ᠤᠨ 8 ᠠᠶᠢᠮᠠᠭ ᠬᠤᠳᠠ ᠶᠢᠨ | ᠦᠶᠡᠷ ᠢ ᠰᠡᠷᠭᠡᠶᠢᠯᠡᠬᠦ ᠠᠵᠢᠯ ᠲᠤ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠥᠷᠨᠢᠭᠦᠯᠦᠨ᠂ ᠠᠭᠤᠯᠠᠨ | ᠦᠶᠡᠷ ᠤᠨ ᠭᠤᠤ᠂ ᠲᠦᠭᠰᠢᠭᠦᠷᠢ ᠲᠠᠢ ᠤᠰᠤ ᠥᠩᠭᠡᠷᠡᠬᠦ ᠵᠠᠮ ᠤᠨ ᠭᠠᠳᠠᠷᠭᠤ ᠵᠡᠷᠭᠡ ᠭᠤᠣᠯᠳᠠᠯᠭ᠎ᠠ ᠲᠠᠢ | ᠭᠠᠵᠠᠷ ᠤᠨ ᠰᠡᠷᠭᠡᠶᠢᠯᠡᠬᠦ ᠠᠵᠢᠯ ᠢ ᠭᠤᠣᠯᠳᠠᠯᠭ᠎ᠠ ᠲᠠᠢ ᠪᠠᠶᠢᠴᠠᠭᠠᠨ᠎ᠠ᠃ | ᠰᠢᠮᠳᠠᠭᠤᠯᠤᠨ ᠵᠢᠯᠣᠭᠤᠳᠬᠤ ᠳᠤᠭᠤᠶᠢᠯᠠᠩ ᠨᠢ ᠲᠤᠬᠠᠶ ᠶᠢᠨ ᠭᠠᠵᠠᠷ ᠲᠤ ᠨᠢ ᠰᠤᠷᠪᠤᠯᠵᠢᠯᠠᠬᠤ᠂ ᠮᠠᠲ᠋ᠧᠷᠢᠶᠠᠯ ᠢ | ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢ ᠠᠪᠴᠤ᠂ ᠡᠯ᠎ᠡ ᠭᠤᠤᠯᠳᠠᠯᠭ᠎ᠠ ᠲᠠᠢ ᠭᠠᠵᠠᠷ ᠣᠷᠣᠨ ᠤ ᠦᠶᠡᠷ ᠢ | ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠬᠠᠤ ᠡᠳ᠋ ᠪᠣᠳᠠᠰ ᠤᠨ ᠨᠥᠭᠡᠴᠡ᠂ ᠤᠰᠤ ᠲᠠᠢ | ᠬᠤᠯᠪᠣᠭᠳᠠᠭᠰᠠᠨ ᠵᠠᠮ ᠤᠨ ᠨᠢᠭᠤᠷ ᠢ ᠵᠢᠵᠢᠭᠦᠷᠯᠡᠨ ᠰᠠᠬᠢᠬᠤ᠂ ᠵᠠᠰᠠᠭ ᠵᠠᠬᠢᠷᠭᠠᠨ ᠤ ᠲᠣᠰᠬᠤᠨ ᠤ ᠦᠶᠡᠷ ᠢ | ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠣᠯᠤᠨ ᠴᠠᠭ ᠠᠭᠤᠷ ᠤᠨ ᠤᠷᠢᠳᠴᠢᠯᠠᠨ | ᠰᠡᠷᠡᠮᠵᠢᠯᠡᠭᠦᠯᠬᠦ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠠᠵᠢᠯᠯᠠᠭᠠᠨ ᠵᠡᠷᠭᠡ ᠪᠠᠶᠢᠳᠠᠯ ᠢ ᠨᠠᠷᠢᠨ | ᠣᠶᠢᠯᠠᠭᠠᠵᠤ᠂ ᠡᠯ᠎ᠡ ᠭᠠᠵᠠᠷ ᠤᠨ ᠦᠶᠡᠷ ᠢ ᠰᠡᠷᠭᠡᠶᠢᠯᠡᠬᠦ ᠠᠵᠢᠯ ᠢ ᠥᠷᠨᠢᠭᠦᠯᠦᠨ ᠨᠠᠶᠢᠳᠠᠪᠤᠷᠢᠵᠢᠭᠤᠯᠤᠭᠰᠠᠨ | ᠪᠠᠶᠢᠳᠠᠯ ᠢ ᠪᠥᠬᠦ ᠲᠠᠯ᠎ᠠ ᠪᠠᠷ ᠡᠵᠡᠮᠰᠢᠬᠦ ᠶᠢᠨ ᠬᠠᠮᠲᠤ᠂ ᠢᠯᠡᠷᠡᠭᠦᠯᠦᠭᠰᠡᠨ ᠠᠰᠠᠭᠤᠳᠠᠯ ᠢ ᠬᠠᠷᠢᠭᠤᠴᠠᠯᠭᠠᠲᠤ | ᠨᠢᠭᠡᠴᠡ ᠶᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ᠂ ᠡᠯ᠎ᠡ ᠭᠠᠵᠠᠷ ᠤᠨ ᠬᠢᠨ ︽ᠨᠠᠮ ᠵᠠᠰᠠᠭ ᠠᠳᠠᠯᠢ ᠬᠠᠷᠢᠭᠤᠴᠠᠯᠭ᠎ᠠ | ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠵᠠᠷᠴᠢᠮ ᠶᠣᠰᠣᠭᠠᠷ᠂ ᠦᠶᠡᠷ ᠢ | ᠰᠡᠷᠭᠡᠶᠢᠯᠡᠬᠦ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠶ᠂ | ᠲᠦᠢᠯᠰᠢᠷᠠᠯ ᠤᠨ ᠰᠡᠳᠬᠢᠬᠦᠶ ᠶᠢ ᠪᠠᠲᠤ ᠪᠣᠶ ᠪᠣᠯᠭᠠᠵᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠪᠡᠯᠡᠳᠬᠡᠯ | ᠠᠵᠢᠯ ᠢ ᠪᠥᠬᠦ ᠬᠦᠴᠦᠨ ᠢᠶᠠᠷ ᠢᠶᠠᠨ ᠨᠠᠷᠢᠯᠢᠭ ᠪᠣᠳᠠᠲᠠᠶ ᠬᠢᠬᠦ ᠬᠡᠷᠡᠭᠲᠡᠶ᠃ ᠡᠯ᠎ᠡ ᠭᠠᠵᠠᠷ ᠤᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠲᠤᠬᠠᠶ ᠶᠢᠨ ᠭᠠᠵᠠᠷ ᠤᠨ ᠴᠠᠭ ᠠᠭᠤᠷ᠂ ᠤᠰᠤᠨ | ᠵᠦᠶ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠴᠠᠭ ᠲᠤᠬᠠᠶ ᠳᠤᠨᠢ ᠤᠷᠢᠳᠴᠢᠯᠠᠨ | ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠵᠦ᠂ ᠡᠷᠭᠢᠯᠳᠦᠭᠦᠯᠦᠨ ᠵᠥᠪᠳᠡᠯᠴᠡᠵᠦ ᠰᠤᠳᠤᠯᠤᠨ ᠮᠠᠭᠠᠳᠯᠠᠵᠤ᠂ | ᠪᠣᠷᠣᠭᠠᠨ ᠤ ᠲᠠᠷᠬᠠᠯᠲᠠ ᠪᠣᠯᠤᠨ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠲᠦᠪᠰᠢᠨ ᠤ ᠬᠤᠪᠢᠷᠠᠯᠲᠠ ᠶᠢ | ᠣᠨᠣᠪᠴᠢᠲᠠᠶ ᠡᠵᠡᠮᠰᠢᠵᠦ᠂ ᠣᠯᠠᠨ ᠠᠷᠭ᠎ᠠ ᠵᠠᠮ ᠢᠶᠠᠷ ᠪᠦᠬᠦᠨ ᠢ ᠬᠠᠮᠤᠷᠴᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ | ᠵᠠᠩᠭᠢ ᠶᠢ ᠨᠡᠶᠢᠲᠡᠯᠡᠵᠦ᠂ ᠭᠠᠮᠰᠢᠭ ᠲᠤ ᠤᠴᠠᠷᠠᠪᠠᠯ ᠭᠦᠨᠳᠡᠬᠦ ︽ᠳᠠᠭᠤᠳᠠᠬᠤ︾ ᠲᠣᠭᠲᠠᠴᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠠᠶᠤᠯ ᠲᠠᠢ ᠣᠷᠣᠨ ᠪᠦᠰᠡ ᠶᠢᠨ ᠣᠯᠠᠨ ᠲᠦᠮᠡᠨ ᠢ ᠰᠢᠯᠵᠢᠭᠦᠯᠦᠨ ᠠᠶᠤᠯ ᠠᠴᠠ | ᠵᠠᠶᠢᠯᠠᠭᠤᠯᠬᠤ ᠠᠵᠢᠯ ᠢ ᠰᠢᠨᠵᠢᠯᠡᠬᠦ ᠤᠬᠠᠭᠠᠨᠴᠢ ᠡᠷᠡᠰ ᠰᠢᠭᠤᠷᠬᠠᠶ ᠪᠠᠷ ᠰᠠᠶᠢᠲᠤᠷ ᠬᠢᠬᠦ ᠬᠡᠷᠡᠭᠲᠡᠶ᠃ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ᠂ ᠠᠭᠤᠯᠠᠨ ᠦᠶᠡᠷ ᠤᠨ ᠭᠤᠤ ᠪᠣᠯᠤᠨ ᠠᠶᠤᠯᠲᠠᠢ ᠤᠰᠤ | ᠥᠩᠭᠡᠷᠡᠬᠦ ᠵᠠᠮ ᠵᠡᠷᠭᠡ ᠭᠤᠣᠯᠳᠠᠯᠭ᠎ᠠ ᠲᠠᠢ ᠣᠷᠣᠨ ᠳᠤ ᠡᠷᠬᠡᠪᠰᠢ ᠲᠣᠳᠣᠷᠬᠠᠢ ᠬᠠᠷᠠᠯᠲᠠ ᠲᠣᠭᠲᠠᠭᠠᠬᠤ ᠬᠡᠷᠡᠭᠲᠡᠢ | ᠪᠥᠭᠡᠳ ᠪᠠᠷᠢᠮᠵᠢᠶ᠎ᠠ ᠶᠣᠰᠣᠭᠠᠷ ᠦᠶᠡᠷ ᠢ ᠰᠡᠷᠭᠡᠶᠢᠯᠡᠬᠦ ᠠᠵᠢᠯᠯᠠᠬᠤ ᠠᠩᠬᠢ ᠲᠤᠬᠢᠷᠠᠭᠤᠯᠵᠤ᠂ ᠦᠶᠡᠷ ᠢ ᠰᠡᠷᠭᠡᠶᠢᠯᠡᠬᠦ | ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠢ᠃ ᠪᠠᠴᠢᠮ | ᠪᠠᠶᠢᠳᠠᠯ ᠭᠠᠷᠤᠭᠰᠠᠭᠠᠷ ᠡᠷᠬᠡᠪᠰᠢ ᠴᠠᠭ ᠲᠤᠬᠠᠶ ᠳᠤᠨᠢ ᠬᠠᠷᠢᠭᠤ ᠮᠡᠳᠡᠭᠦᠯᠵᠦ᠂ ᠦᠶᠡᠷ ᠤᠨ ᠬᠤᠭᠤᠴᠠᠭᠠᠨ ᠳᠤ | ᠬᠦᠨᠳᠦ ᠶᠡᠭᠡ ᠠᠳᠡᠯ ᠥᠯᠥ ᠭᠠᠷᠬᠤ ᠬᠤᠷᠢᠭ᠎ᠠ ᠱᠤᠭᠤᠮ ᠢ ᠡᠷᠡᠰ ᠰᠠᠬᠢᠵᠤ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠶ᠃ |