ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠴᠢᠬᠤᠯᠠ ᠡᠬᠢ ᠪᠠᠶᠠᠯᠢᠭ ᠪᠣᠯᠭᠠᠪᠠᠯ ᠵᠣᠬᠢᠨ᠎ᠠ — ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ  ᠤ ᠰᠤᠳᠤᠷ ᠪᠢᠴᠢᠭ ᠢ ᠡᠮᠬᠢᠳᠬᠡᠨ ᠰᠤᠳᠤᠯᠬᠤ ᠲᠠᠰᠤᠭ ᠤᠨ ᠡᠷᠬᠢᠯᠡᠭᠴᠢ ᠵᠠᠩ ᠮᠸᠦ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2024/7/25
    ᠨᠠᠶᠢᠷᠠᠭᠤᠯᠤᠭᠴᠢ ᠶᠢᠨ ᠦᠭᠡ᠄ 2019 ᠣᠨ ᠤ 7 ᠳ᠋ᠤᠭᠠᠷ ᠰᠠᠷ᠎ᠠ ᠶᠢᠨ 16 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠣᠮ ᠤᠨ ᠰᠠᠩ ᠳᠤ ᠰᠢᠨᠵᠢᠯᠡᠨ ᠪᠠᠶᠢᠴᠠᠭᠠᠬᠤ ᠦᠶ᠎ᠡ ᠳᠤ᠄ ︽ᠮᠣᠩᠭᠤᠯ ᠬᠡᠯᠡᠨ ᠤ ᠰᠤᠳᠤᠷ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠬᠤ ᠠᠵᠢᠯ ᠢ ᠴᠢᠩᠭᠠᠳᠬᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭᠠᠨ ᠤ ᠠᠭᠤᠯᠤᠭᠳᠠᠬᠤᠨ ᠢ ᠠᠭᠤᠳᠠᠯᠤᠨ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠵᠣᠷᠢᠭᠵᠢᠭᠤᠯᠬᠤ ᠬᠡᠷᠡᠭᠲᠡᠶ︾ ᠬᠡᠵᠤ ᠵᠢᠭᠠᠨ ᠭᠠᠷᠭᠠᠵᠡᠢ᠃ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠳᠤ ᠰᠢᠨ᠎ᠡ ᠴᠠᠭ ᠦᠶ᠎ᠡ ᠶᠢᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠢ ᠰᠠᠶᠢᠲᠤᠷ ᠬᠢᠬᠦ ᠲᠣᠳᠣᠷᠬᠠᠢ ᠱᠠᠭᠠᠷᠳᠠᠯᠭ᠎ᠠ ᠶᠢ ᠳᠤᠷᠠᠳᠴᠤ᠂ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠠᠨ ᠲᠠᠯᠪᠢᠵᠠᠢ᠃ ᠨᠢᠭᠡ ᠵᠢᠯ ᠤᠨ ᠲᠤᠷᠰᠢ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠯᠪᠣᠭᠳᠠᠯ ᠪᠥᠬᠦᠶ ᠲᠠᠯ᠎ᠠ ᠶᠢᠨ ᠬᠦᠴᠦᠲᠡᠶ ᠳᠡᠮᠵᠢᠯᠭᠡ ᠪᠠᠷ᠂ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ  ᠤᠨ ᠠᠵᠢᠯ ᠤᠨ ᠰᠢᠰᠲ᠋ᠧᠮ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠡᠯ᠎ᠡ ᠵᠦᠶ᠋ᠯ ᠤᠨ ᠠᠵᠢᠯ ᠴᠣ ᠰᠢᠨ᠎ᠡ ᠠᠬᠢᠴᠠ ᠲᠠᠢ ᠪᠣᠯᠪᠠ᠃ ᠣᠶᠢᠷ᠎ᠠ ᠳᠤ᠂ ᠲᠤᠰ ᠰᠣᠨᠢᠨ ᠤ ᠰᠤᠷᠪᠤᠯᠵᠢᠯᠠᠭᠴᠢ ᠰᠢᠨ᠎ᠡ ᠴᠠᠭ ᠦᠶ᠎ᠡ ᠶᠢᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠢ ᠡᠮᠬᠢᠳᠬᠡᠬᠦ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠢ ᠡᠮᠬᠢᠳᠬᠡᠨ ᠰᠤᠳᠤᠯᠬᠤ ᠲᠠᠰᠤᠭ ᠤᠨ ᠡᠷᠬᠢᠯᠡᠭᠴᠢ ᠵᠠᠩ ᠮᠸᠤ ᠶᠢ ᠲᠤᠰᠬᠠᠶᠢᠯᠠᠨ ᠰᠤᠷᠪᠤᠯᠵᠢᠯᠠᠪᠠ᠃    ᠰᠤᠷᠪᠤᠯᠵᠢᠯᠠᠭᠴᠢ᠄ 2019 ᠣᠨ ᠤ 7 ᠳ᠋ᠤᠭᠠᠷ ᠰᠠᠷ᠎ᠠ ᠶᠢᠨ 16 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠬᠢᠪᠠ᠃ ᠨᠢᠬᠡ ᠵᠢᠯ ᠤᠨ ᠳᠠᠷᠠᠭ᠎ᠠ᠂ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠶᠢ ᠳᠠᠬᠢᠨ ᠡᠷᠭᠢᠴᠡᠭᠦᠯᠪᠡᠯ᠂ ᠲᠠᠨ ᠳᠤ ᠶᠠᠮᠠᠷ ᠶᠠᠮᠠᠷ ᠰᠢᠨ᠎ᠡ ᠣᠶᠢᠯᠠᠭᠠᠯᠲᠠ ᠪᠠ ᠲᠠᠨᠢᠯᠲᠠ ᠲᠠᠢ ᠪᠣᠯᠣᠭᠰᠠᠨ ᠪᠣᠶ︖    ᠵᠠᠩ ᠮᠸᠤ᠄ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠨᠢ ᠨᠠᠮ ᠤᠨ ᠲᠥᠪ ᠬᠤᠷᠢᠶ᠎ᠠ ᠠᠴᠠ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠤ ᠪᠠᠶᠢᠬᠤ ᠶᠢ ᠭᠦᠢᠴᠡᠳ ᠬᠠᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯᠲᠠᠳ ᠲᠤ ᠯᠤᠲᠤ ᠶᠡᠭᠡ ᠵᠣᠷᠢᠭᠵᠢᠭᠤᠯᠤᠯ ᠪᠠ ᠬᠦᠴᠦᠲᠡᠢ ᠱᠠᠭᠠᠷᠳᠠᠯᠭ᠎ᠠ ᠪᠣᠯᠤᠭᠰᠠᠨ ᠪᠠᠶᠢᠨ᠎ᠠ᠃ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠨᠢ ᠲᠣᠪᠴᠢ ᠠᠪᠰᠠᠷᠬᠠᠨ ᠤᠳᠬ᠎ᠠ ᠲᠡᠭᠦᠯᠳᠡᠷ᠂ ᠯᠣᠬᠢᠭᠴᠢ ᠴᠢᠨᠠᠷ ᠢᠶᠠᠷ ᠨᠢᠭᠲᠠ ᠴᠢᠩᠭ᠎ᠠ᠂ ᠠᠭᠤᠯᠤᠭᠳᠠᠬᠤᠨ ᠲᠠᠯᠠᠢ ᠪᠠᠶᠠᠯᠢᠭ ᠪᠠᠶᠢᠵᠤ᠂ ᠰᠢᠨ᠎ᠡ ᠴᠠᠭ ᠦᠶ᠎ᠡ ᠶᠢᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠳᠤ ᠤᠷᠤᠭᠰᠢᠯᠠᠯᠳᠠ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠨᠢᠭᠡ ᠳᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠤᠨ ᠦᠨᠳᠦᠰᠦᠨ ᠡᠭᠦᠷᠭᠡ ᠴᠢᠳᠠᠪᠤᠷᠢ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ᠂ ᠡᠨᠡ ᠨᠢ ᠰᠤᠳᠤᠷ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠬᠤ ᠠᠵᠢᠯ ᠢ ᠴᠢᠩᠭᠠᠳᠬᠠᠵᠤ᠂ ᠭᠦᠨ ᠵᠤᠵᠠᠭᠠᠨ ᠰᠣᠶᠣᠯ ᠤᠨ ᠳᠤᠷᠠᠰᠤᠮᠵᠢ ᠶᠢ ᠠᠴᠢᠶᠠᠯᠠᠵᠤ᠂ ᠳᠠᠬᠢᠨ ᠡᠭᠦᠰᠴᠦ ᠪᠣᠯᠤᠰᠢ ᠦᠭᠡᠢ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯ ᠢ ᠥᠨᠢ ᠤᠳᠠᠭᠠᠨ ᠬᠠᠳᠠᠭᠠᠯᠠᠬᠤ ᠶᠠᠪᠤᠳᠠᠯ ᠪᠣᠯᠤᠨ᠎ᠠ᠃ ᠬᠤᠶᠠᠷ ᠲᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠤᠨ ᠵᠠᠩᠭᠢᠯᠠᠭ᠎ᠠ ᠶᠢᠨ ᠲᠠᠯ᠎ᠠ ᠪᠠᠷ ᠭᠦᠨᠵᠡᠭᠡᠢ ᠲᠣᠳᠣᠷᠬᠠᠶᠢᠯᠠᠨ ᠥᠭᠦᠯᠡᠪᠡ᠂ ᠡᠨᠡ ᠨᠢ ᠲᠡᠭᠦᠨ ᠳᠤ ᠠᠭᠤᠯᠤᠭᠳᠠᠵᠤ ᠪᠠᠶᠢᠭ᠎ᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠵᠡᠯ ᠰᠠᠨᠠᠭᠠᠨ ᠤ ᠠᠭᠤᠯᠤᠭᠳᠠᠬᠤᠨ ᠢ ᠭᠦᠨᠵᠡᠭᠡᠢ ᠠᠭᠤᠳᠠᠯᠤᠨ ᠪᠠᠳᠠᠷᠠᠭᠤᠯᠵᠤ᠂ ︽ᠬᠠᠭᠤᠴᠢᠨ ᠢ ᠤᠭᠤᠷᠴᠤ ᠰᠢᠨ᠎ᠡ ᠶᠢ ᠡᠭᠦᠳᠬᠦ︾ ᠳᠤᠮᠳᠠ ︽ᠡᠷᠲᠡᠨ ᠤ ᠬᠢ ᠶᠢ ᠡᠳᠦᠭᠡ ᠳᠤ ᠦᠢᠯᠡᠴᠢᠯᠡᠭᠦᠯᠬᠦ︾ ᠶᠢ ᠪᠡᠶᠡᠯᠡᠭᠦᠯᠵᠦ᠂ ᠦᠨᠳᠦᠰᠦᠲᠡᠨ ᠤ ᠠᠵᠢᠯ  ᠤᠨ ᠶᠡᠭᠡ ᠲᠠᠯ᠎ᠠ ᠳᠤ ᠦᠢᠯᠡᠴᠢᠯᠡᠬᠦᠯᠬᠦ ᠶᠠᠪᠤᠳᠠᠯ ᠪᠤᠯᠤᠨ᠎ᠠ᠃ ᠭᠤᠷᠪᠠ ᠳᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠤᠨ ᠦᠷᠳᠡᠭ ᠤᠨ ᠤᠳᠤᠷᠢᠳᠤᠮᠵᠢ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ᠂ ᠡᠨᠡ ᠨᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠵᠣᠷᠢᠭᠵᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠢ ᠮᠡᠳᠡᠷᠡᠬᠦᠢ ᠪᠠ ᠢᠲᠡᠭᠡᠯ ᠢ ᠲᠠᠰᠤᠷᠠᠯᠳᠠ ᠦᠭᠡᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠶᠢ ᠪᠡᠶᠡᠯᠡᠬᠦᠯᠬᠦ ᠶᠠᠪᠤᠳᠠᠯ ᠪᠣᠯᠤᠨ᠎ᠠ᠃ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠪᠣᠯ ᠮᠠᠨ ᠤ ᠠᠵᠢᠯ  ᠢᠶᠠᠨ ᠰᠠᠶᠢᠲᠤᠷ ᠬᠢᠬᠦ ᠶᠢᠨ ᠠᠵᠢᠯᠯᠠᠭᠠᠨ ᠤ ᠵᠦᠭᠯᠡᠭᠦᠷ ᠮᠥᠨ᠂ ᠪᠢᠳᠡ ᠳᠠᠬᠢᠨ ᠳᠠᠪᠲᠠᠨ ᠰᠤᠷᠤᠯᠴᠠᠵᠤ᠂ ᠭᠦᠨᠵᠡᠭᠡᠶ ᠣᠶᠢᠯᠠᠭᠠᠵᠤ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃    ᠰᠤᠷᠪᠤᠯᠵᠢᠯᠠᠭᠴᠢ᠄ ᠨᠢᠭᠡ ᠵᠢᠯ ᠤᠨ ᠲᠤᠷᠰᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢᠨ ᠵᠢᠯᠣᠭᠤᠳᠣᠯᠭ᠎ᠠ ᠳᠣᠤᠷ᠎ᠠ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠳᠤ ᠶᠠᠮᠠᠷ ᠶᠠᠮᠠᠷ ᠰᠢᠨ᠎ᠡ ᠠᠬᠢᠯᠲᠠ ᠲᠠᠢ ᠪᠣᠯᠤᠭᠰᠠᠨ ᠪᠣᠶ︖    ᠵᠠᠩ ᠮᠸᠤ᠄ ᠶᠡᠷᠦᠩᠬᠡᠢ ᠱᠦᠵᠢ ᠰᠢ ᠶᠢᠨ ᠫᠢᠩ ᠴᠢᠬᠤᠯᠠ ᠵᠢᠭᠠᠪᠤᠷᠢ ᠭᠠᠷᠭᠠᠭᠰᠠᠨ ᠤ ᠳᠠᠷᠠᠭ᠎ᠠ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ  ᠤᠨ ᠨᠠᠮ ᠤᠨ ᠤᠳᠤᠷᠢᠳᠬᠤ ᠳᠤᠭᠤᠶᠢᠯᠠᠩ ᠳᠠᠷᠦ᠋ᠢᠬᠠᠨ ᠵᠣᠬᠢᠶᠠᠨ ᠪᠠᠶᠢᠭᠤᠯᠤᠨ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠲᠤᠬᠢᠷᠠᠭᠤᠯᠤᠨ ᠪᠠᠶᠢᠷᠢᠯᠠᠭᠤᠯᠪᠠ᠃ ᠨᠢᠭᠡ ᠵᠢᠯ ᠤᠨ ᠲᠤᠷᠰᠢ᠂ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯᠲᠠᠳ ᠤᠨ ᠣᠮᠤᠭ ᠵᠤᠷᠢᠭ ᠪᠠᠳᠠᠷᠠᠨ ᠲᠡᠯᠬᠡᠷᠡᠵᠤ᠂ ᠯᠠᠪᠳᠠᠭᠤᠨ ᠪᠠᠲᠤᠲᠠᠢ ᠠᠵᠢᠯᠯᠠᠵᠤ᠂ ᠠᠯᠢ ᠣᠯᠠᠨ ᠰᠢᠨ᠎ᠡ ᠠᠮᠵᠢᠯᠲᠠ ᠣᠯᠵᠠᠢ᠃ ᠵᠢᠱᠢᠶᠡᠯᠡᠪᠡᠯ᠂ ︽ᠴᠥᠭᠡᠨ ᠲᠣᠭᠠᠲᠤ ᠦᠨᠳᠦᠰᠦᠲᠡᠨ ᠤ ᠳᠥᠷᠪᠡᠨ ᠬᠥᠮᠥᠷᠭᠡ ᠶᠢᠨ ᠪᠦᠷᠢᠨ ᠪᠢᠴᠢᠭ︾ ᠬᠡᠮᠡᠭᠳᠡᠭᠰᠡᠨ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠡᠷᠲᠡᠨ ᠤ ᠨᠣᠮ ᠪᠢᠴᠢᠭ ᠤᠨ ᠶᠡᠷᠦᠩᠬᠡᠶ ᠭᠠᠷᠴᠠᠭ ᠤᠨ ᠲᠣᠪᠴᠢ︾ ᠶᠢ ᠨᠠᠶᠢᠷᠠᠭᠤᠯᠤᠨ ᠪᠢᠴᠢᠵᠤ ᠬᠡᠪᠯᠡᠭᠦᠯᠬᠦ ᠠᠵᠢᠯ ᠤᠨ ᠠᠬᠢᠴᠠ ᠨᠢ ᠴᠢᠬᠤᠯᠠ ᠶᠡᠭᠡ ᠰᠢᠪᠲᠤᠯᠤᠯᠲᠠ ᠲᠠᠢ ᠪᠣᠯᠪᠠ᠃ ᠲᠤᠰ ᠴᠤᠪᠤᠷᠠᠯ ᠪᠢᠴᠢᠭ ᠢ 1997 ᠣᠨ ᠳᠤ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ᠰᠡᠳᠦᠪ ᠲᠣᠭᠲᠠᠭᠠᠵᠤ᠂ 60 ᠭᠠᠷᠤᠢ ᠪᠣᠲᠢ᠂ ᠪᠠᠷᠤᠭ 110 ᠳᠡᠪᠲᠡᠷ ᠬᠡᠪᠯᠡᠭᠦᠯᠵᠦ᠂ ᠮᠠᠨ ᠤ ᠤᠯᠤᠰ ᠤᠨ 55 ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠭᠠᠷᠴᠠᠭ ᠢ ᠣᠷᠣᠭᠤᠯᠬᠤ ᠪᠠᠷ ᠲᠥᠯᠥᠪᠯᠡᠵᠡᠢ᠃ ᠨᠢᠭᠡ ᠵᠢᠯ ᠤᠨ ᠲᠤᠷᠰᠢ ᠨᠡᠶᠢᠲᠡ 13 ᠦᠨᠳᠦᠰᠦᠲᠡᠨ ᠤ ᠪᠣᠳᠢ ᠶᠢ ᠬᠡᠪᠯᠡᠭᠦᠯᠵᠦ᠂ ᠲᠡᠦᠬᠡᠨ ᠳᠡᠭᠡᠷ᠎ᠡ ᠬᠠᠮᠤᠭ ᠤᠨ ᠢᠯᠡᠭᠦᠦ ᠬᠡᠪᠯᠡᠭᠦᠯᠦᠭᠰᠡᠨ ᠵᠢᠯ ᠪᠣᠯᠵᠠᠢ᠃ ᠣᠳᠣᠬᠠᠨ ᠪᠣᠯᠲᠠᠯ᠎ᠠ᠂ ᠨᠢᠭᠡᠨᠲᠡ 51 ᠦᠨᠳᠦᠰᠦᠲᠡᠨ ᠤ ᠪᠤᠳᠢ ᠶᠢ ᠬᠡᠪᠯᠡᠭᠦᠯᠵᠦ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ 10 ᠭᠠᠷᠤᠢ ᠲᠦᠮᠡᠨ ᠭᠠᠷᠴᠠᠭ ᠢ ᠣᠷᠣᠭᠤᠯᠵᠠᠢ︔ ᠣᠳᠣ ᠪᠠᠰᠠ 3 ᠦᠨᠳᠦᠰᠦᠲᠡᠨ ᠤ ᠪᠤᠳᠢ ᠶᠢ ᠨᠠᠶᠢᠷᠠᠭᠤᠯᠤᠨ ᠪᠢᠴᠢᠵᠦ ᠪᠠᠷᠠᠭᠠᠳ᠂ ᠬᠡᠪᠯᠡᠯ ᠤᠨ ᠬᠤᠷᠢᠶᠠᠨ ᠳᠤ ᠲᠤᠰᠢᠶᠠᠵᠤ ᠬᠢᠨᠠᠭᠤᠯᠵᠤ ᠪᠠᠶᠢᠨ᠎ᠠ︔ ᠪᠤᠰᠤᠳ ᠦᠨᠳᠦᠰᠦᠲᠡᠨ ᠤ ᠪᠤᠳᠢ ᠶᠢ ᠴᠤ ᠡᠮᠬᠢ ᠵᠢᠷᠤᠮ ᠲᠠᠢ ᠪᠠᠷ ᠨᠠᠶᠢᠷᠠᠭᠤᠯᠤᠨ ᠪᠢᠴᠢᠵᠤ ᠪᠠᠶᠢᠨ᠎ᠠ᠃ ᠵᠢᠱᠢᠶᠡᠯᠡᠪᠡᠯ᠂ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠥᠰᠥᠭ ᠪᠢᠴᠢᠭ ᠤᠨ ᠰᠤᠳᠤᠷ ᠪᠢᠴᠢᠭ ᠤᠨ ᠲᠠᠰ ᠲᠣᠭᠲᠠᠭᠠᠯᠲᠠ︾ ᠶᠢᠨ ᠤᠯᠤᠰ ᠤᠨ ᠪᠠᠷᠢᠮᠵᠢᠶ᠎ᠠ ᠶᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠳᠤᠳᠡᠢ ᠠᠬᠢᠭᠤᠯᠵᠠᠢ᠃ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠦᠰᠦᠭ ᠪᠢᠴᠢᠭ ᠤᠨ ᠰᠤᠳᠤᠷ ᠪᠢᠴᠢᠭ ᠤᠨ ᠳᠡᠰ ᠲᠣᠭᠲᠠᠭᠠᠯᠲᠠ︾ ︵GB / T 36748 — 2018︶ ᠪᠣᠯ ᠮᠠᠨ ᠤ ᠠᠯᠪᠠᠨ ᠭᠡᠷ ᠤᠨ  ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠠᠷᠪᠠᠨ ᠵᠢᠯ ᠤᠨ ᠰᠢᠷᠭᠠᠭᠤ ᠠᠵᠢᠯᠯᠠᠭᠰᠠᠨ ᠤ ᠦᠷ᠎ᠡ ᠪᠦᠲᠦᠭᠡᠯ ᠮᠥᠨ ᠪᠥᠭᠡᠳ ᠡᠨᠡ ᠬᠦ ᠬᠦᠷᠢᠶᠡᠨ  ᠳᠠᠬᠢ ᠬᠤᠭᠤᠰᠣᠨ ᠢ ᠨᠥᠬᠦᠪᠥᠷᠢᠯᠡᠵᠦ᠂ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠢ ᠳᠡᠰ ᠬᠤᠪᠢᠶᠠᠨ ᠬᠠᠮᠠᠭᠠᠯᠠᠬᠤ ᠪᠠ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠳᠤ ᠴᠢᠬᠤᠯᠠ ᠦᠨᠳᠦᠰᠦᠯᠡᠯ ᠬᠠᠩᠭᠠᠭᠰᠠᠨ ᠪᠠᠶᠢᠨ᠎ᠠ᠃ ᠪᠠᠷᠢᠮᠵᠢᠶ᠎ᠠ ᠶᠢ ᠨᠢᠳᠤᠨᠤᠨ ᠠᠴᠠ ᠡᠬᠢᠯᠡᠨ ᠬᠡᠷᠡᠭᠵᠢᠬᠦᠯᠦᠭᠰᠡᠨ ᠤ ᠳᠠᠷᠠᠭ᠎ᠠ᠂ ᠪᠢᠳᠡ ᠴᠠᠭ ᠲᠤᠬᠠᠶ ᠳᠤ ᠨᠢ ᠤᠬᠠᠭᠤᠯᠤᠨ ᠳᠡᠯᠭᠡᠷᠡᠭᠦᠯᠪᠡ᠃ ᠡᠯ᠎ᠡ ᠭᠠᠵᠠᠷ ᠤᠨ ᠬᠢᠨ ᠲᠣᠰ ᠪᠠᠷᠢᠮᠵᠢᠶ᠎ᠠ ᠶᠢᠨ ᠵᠢᠯᠣᠭᠤᠳᠣᠯᠭ᠎ᠠ ᠳᠣᠤᠷ᠎ᠠ᠂ ᠴᠥᠭᠡᠨ ᠲᠣᠭᠠᠲᠤ ᠦᠨᠳᠦᠰᠦᠲᠡᠨ ᠤ ᠥᠰᠥᠭ ᠪᠢᠴᠢᠭ ᠤᠨ ᠰᠤᠳᠤᠷ ᠪᠢᠴᠢᠭ ᠢ ᠨᠡᠶᠢᠳᠡᠮ ᠪᠠᠶᠢᠴᠠᠭᠠᠬᠤ᠂ ᠴᠤᠭᠯᠠᠭᠤᠯᠬᠤ᠂ ᠡᠮᠬᠢᠯᠡᠬᠦ ᠵᠡᠷᠭᠡ ᠠᠵᠢᠯ ᠢ ᠡᠮᠬᠢ ᠵᠢᠷᠤᠮ ᠲᠠᠢ ᠥᠷᠨᠢᠭᠦᠯᠪᠡ᠃ ᠰᠣᠶᠣᠯ ᠵᠢᠭᠤᠯᠴᠢᠯᠠᠯ ᠤᠨ ᠶᠠᠮᠤᠨ ᠤ ᠡᠨᠡ ᠵᠢᠯ ᠤᠨ 6 ᠳ᠋ᠤᠭᠠᠷ ᠰᠠᠷ᠎ᠠ ᠳᠤ ᠵᠢᠩᠬᠢᠨᠢ ᠪᠠᠷ ᠨᠡᠶᠢᠲᠡᠯᠡᠭᠰᠡᠨ ᠵᠢᠷᠭᠤᠳᠤᠭᠠᠷ ᠪᠦᠯᠦᠭ ᠤᠨ ︽ᠤᠯᠤᠰ ᠤᠨ ᠬᠤᠪᠣᠷ ᠨᠠᠨᠳᠢᠨ ᠰᠤᠳᠤᠷ ᠪᠢᠴᠢᠭ ᠤᠨ ᠨᠡᠷᠡᠰ ᠤᠨ ᠵᠢᠭᠰᠠᠭᠠᠯᠲᠠ︾ ᠶᠢᠨ ᠲᠠᠨᠢᠯᠴᠠᠭᠤᠯᠭ᠎ᠠ ᠶᠢᠨ ᠨᠡᠷᠡᠰ ᠤᠨ ᠵᠠᠷᠯᠠᠯ ᠳᠤ᠂ ᠴᠥᠭᠡᠨ ᠲᠣᠭᠠᠲᠤ ᠦᠨᠳᠦᠰᠦᠲᠡᠨ ᠤ ᠥᠰᠥᠭ ᠪᠢᠴᠢᠭ ᠤᠨ ᠰᠤᠳᠤᠷ ᠨᠡᠶᠢᠲᠡ 94 ᠰᠣᠩᠭᠤᠭᠳᠠᠵᠠᠶ᠃    ᠡᠭᠦᠨ ᠠᠴᠠ ᠭᠠᠳᠠᠨ᠎ᠠ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠬᠠᠮᠠᠭᠠᠯᠠᠯᠲᠠ ᠪᠠ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠤᠨ ᠭᠤᠣᠯᠳᠠᠯᠭ᠎ᠠ ᠲᠠᠢ ᠲᠦᠷᠦᠯ ᠵᠦᠢᠯ ᠢᠶᠠᠷ ᠬᠡᠪᠯᠡᠭᠦᠯᠦᠭᠰᠡᠨ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠦᠰᠦᠭ ᠪᠢᠴᠢᠭ ᠤᠨ ᠬᠤᠪᠣᠷ ᠴᠤᠬᠠᠭ ᠰᠤᠳᠤᠷ ᠪᠢᠴᠢᠭ ᠤᠨ ᠡᠮᠬᠢᠳᠬᠡᠯ︾ ᠨᠢ ᠳᠣᠯᠣᠳᠤᠭᠠᠷ ᠬᠤᠭᠤᠴᠠᠭᠠᠨ ᠤ ᠳᠤᠮᠳᠠᠳᠤ ᠶᠢᠨ ᠰᠢᠯᠢᠳᠡᠭ ᠬᠡᠪᠯᠡᠭᠳᠡᠬᠦᠨ ︵ᠨᠣᠮ ᠪᠢᠴᠢᠭ︶ ᠤ ᠱᠠᠩᠨᠠᠯ ᠢ ᠬᠦᠷᠲᠡᠪᠡ︔ ︽︿ᠭᠡᠰᠡᠷ ᠸᠠᠩ ᠤᠨ ᠨᠠᠮᠲᠠᠷ﹀ ᠤᠨ ᠪᠦᠷᠢᠨ ᠪᠢᠴᠢᠭ︾᠂ ︽ᠶᠦᠨᠨᠠᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠬᠤᠪᠤᠷ ᠲᠡᠪᠳᠡᠷ ᠤᠨ ᠡᠮᠬᠢᠳᠬᠡᠯ︾ ︵71 — 80 ᠪᠤᠳᠢ︶ ᠵᠡᠷᠭᠡ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ  ᠤᠨ ᠬᠡᠪᠯᠡᠯ ᠤᠨ ᠰᠣᠳᠣᠨ ᠪᠦᠲᠦᠭᠡᠯ ᠴᠤ ᠨᠢᠳᠤᠨᠤᠨ ᠵᠠᠯᠭᠠᠭ᠎ᠠ ᠪᠠᠷ ᠤᠩᠰᠢᠭᠴᠢᠳ ᠲᠠᠢ ᠵᠣᠯᠭᠠᠪᠠ᠃    ᠰᠤᠷᠪᠤᠯᠵᠢᠯᠠᠭᠴᠢ᠄ ᠶᠡᠷᠦᠩᠬᠡᠶ ᠱᠦᠵᠢ ᠰᠢ ᠶᠢᠨ ᠫᠢᠩ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠲᠤ ᠠᠭᠤᠯᠤᠭᠳᠠᠵᠤ ᠪᠠᠶᠢᠭ᠎ᠠ ᠦᠨᠳᠦᠰᠦᠲᠡᠨ  ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭᠠᠨ ᠤ ᠠᠭᠤᠯᠤᠭᠳᠠᠬᠤᠨ ᠢ ᠠᠭᠤᠳᠠᠯᠤᠨ ᠪᠠᠳᠠᠷᠠᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠲᠠᠨ ᠤ ᠦᠵᠡᠬᠦ ᠪᠠᠷ ᠡᠨᠡ ᠬᠦ ᠦᠵᠡᠯ ᠰᠠᠨᠠᠭᠠᠨ ᠤ ᠠᠭᠤᠯᠤᠭᠳᠠᠬᠤᠨ ᠨᠢ ᠠᠯᠢ ᠠᠯᠢ ᠲᠠᠯ᠎ᠠ ᠪᠠᠷ ᠢᠯᠡᠷᠡᠵᠤ ᠪᠠᠶᠢᠬᠤ ᠪᠤᠢ︖    ᠵᠠᠩ ᠮᠸᠤ᠄ ᠬᠡᠳᠦᠨ ᠮᠢᠩᠭᠠᠨ ᠵᠢᠯ ᠤᠨ ᠲᠤᠷᠰᠢ᠂ ᠳᠤᠮᠳᠠᠳᠤ ᠶᠢᠨ ᠦᠨᠳᠦᠰᠦᠲᠡᠨ ᠢᠮᠠᠭᠲᠠ ᠪᠦᠯᠬᠦᠮᠳᠡᠯ ᠨᠢᠭᠡᠳᠦᠯ ᠢ ᠬᠥᠭᠡᠭᠡᠴᠡᠯᠳᠦᠭᠰᠡᠭᠡᠷ ᠢᠷᠡᠪᠡ᠃ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠯᠪᠡᠭ ᠪᠠᠶᠠᠯᠢᠭ ᠦᠵᠡᠯ ᠰᠠᠨᠠᠭ᠎ᠠ ᠠᠭᠤᠯᠤᠭᠳᠠᠵᠤ ᠪᠠᠶᠢᠬᠤ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠴᠢᠬᠤᠯᠠ ᠡᠬᠢ ᠪᠠᠶᠠᠯᠢᠭ ᠪᠣᠯᠤᠨ᠎ᠠ᠃ ᠮᠢᠨᠦ ᠦᠵᠡᠬᠦ  ᠪᠠᠷ ᠡᠶᠢᠮᠦ ᠭᠤᠷᠪᠠᠨ ᠲᠤᠪᠤᠶᠢᠮ᠎ᠠ ᠢᠯᠡᠷᠡᠯ ᠪᠠᠶᠢᠨ᠎ᠠ᠃    ᠨᠢᠭᠡ ᠳᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠭᠤᠤ ᠶᠡᠭᠡ ᠡᠬᠡ ᠤᠯᠤᠰ ᠢᠶᠠᠨ ᠬᠠᠮᠲᠤ ᠪᠠᠷ ᠴᠣᠭᠴᠠᠯᠠᠨ ᠪᠠᠶᠢᠭᠤᠯᠤᠭᠰᠠᠨ ᠲᠡᠦᠬᠡᠨ ᠠᠬᠢᠴᠠ ᠶᠢ ᠲᠡᠮᠳᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠳᠤ ᠬᠦᠴᠦᠲᠡᠢ ᠭᠡᠷᠡᠴᠢ ᠬᠠᠩᠭᠠᠪᠠ᠃ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠲᠡᠦᠬᠡ ᠪᠣᠯ ᠦᠨᠳᠦᠰᠦᠲᠡᠨ ᠨᠦᠭᠦᠳ ᠠᠭᠤᠰᠤᠯᠴᠠᠨ ᠨᠢᠭᠳᠠᠷᠠᠭᠰᠠᠨ ᠤᠯᠠᠨ ᠡᠰᠢᠲᠦ ᠨᠢᠭᠡ ᠴᠤᠬᠴᠠᠵᠢᠬᠰᠠᠨ ᠳᠤᠮᠳᠠᠳᠤ ᠶᠢᠨ ᠦᠨᠳᠦᠰᠦᠲᠡᠨ ᠤ ᠲᠡᠦᠬᠡ ᠮᠥᠨ᠂ ᠦᠨᠳᠦᠰᠦᠲᠡᠨ ᠨᠦᠭᠦᠳ ᠤᠨ ᠬᠠᠮᠲᠤ ᠪᠠᠷ ᠴᠣᠭᠴᠠᠯᠠᠨ ᠪᠠᠶᠢᠭᠤᠯᠵᠤ᠂ ᠬᠥᠭᠵᠢᠭᠦᠯᠵᠦ᠂ ᠪᠠᠬᠢᠵᠢᠬᠦᠯᠦᠨ ᠨᠢᠭᠡᠳᠦᠭᠦᠯᠦᠭᠰᠡᠨ ᠠᠭᠤᠤ ᠶᠡᠭᠡ ᠡᠬᠡ ᠤᠯᠤᠰ ᠤᠨ ᠲᠡᠦᠬᠡ ᠮᠥᠨ ᠭᠡᠵᠦ ᠵᠢᠭᠠᠵᠤ ᠭᠠᠷᠭᠠᠪᠠ᠃ ᠳᠤᠮᠳᠠᠳᠤ ᠤᠯᠤᠰ ᠤᠨ ᠡᠨᠡ ᠬᠦ ᠲᠡᠦᠬᠡ ᠨᠢ ︽ᠬᠤᠷᠢᠨ ᠳᠦᠷᠪᠡᠨ ᠲᠡᠦᠬᠡ︾ ᠵᠡᠷᠭᠡ ᠬᠢᠲᠠᠳ ᠬᠡᠯᠡᠨ ᠤ ᠰᠤᠳᠤᠷ ᠪᠢᠴᠢᠭ ᠲᠤ ᠲᠡᠮᠳᠡᠭᠯᠡᠭᠳᠡᠵᠦ ᠪᠠᠶᠢᠬᠤ ᠪᠠᠷ ᠪᠠᠷᠠᠬᠤ ᠦᠭᠡᠢ᠂ ︽ᠪᠠᠷᠠᠭᠤᠨ ᠡᠮᠦᠨᠡᠲᠦ ᠶᠢᠨ ᠢ ᠦᠨᠳᠦᠰᠦᠳᠡᠨ ᠤ ᠤᠶᠢᠯᠠᠯᠭ᠎ᠠ︾᠂ ᠮᠠᠨᠵᠤ ᠬᠡᠯᠡᠨ ᠤ ᠬᠠᠭᠤᠴᠢᠨ ᠳᠠᠩᠰᠠ ᠡᠪᠬᠡᠮᠡᠯ ᠵᠡᠷᠭᠡ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠳ ᠲᠤ ᠲᠡᠮᠳᠡᠭᠯᠡᠭᠳᠡᠵᠦ ᠪᠠᠶᠢᠳᠠᠭ᠃ ᠡᠷᠲᠡᠨ ᠠᠴᠠ ᠠᠪᠤᠭᠠᠳ᠂ ᠦᠨᠳᠦᠰᠦᠲᠡᠨ ᠨᠦᠭᠦᠳ ᠤᠨ ᠳᠡᠭᠡᠳᠦᠰ ᠬᠠᠷᠰᠢ ᠰᠠᠭᠠᠳ ᠢ ᠢᠯᠠᠨ ᠳᠠᠪᠠᠵᠤ᠂ ᠡᠬᠡ ᠤᠯᠤᠰ ᠤᠨ ᠦᠵᠡᠰᠬᠦᠯᠡᠩᠲᠦ ᠰᠠᠶᠢᠬᠠᠨ ᠠᠭᠤᠯᠠ ᠤᠰᠤ ᠶᠢ ᠬᠠᠮᠲᠤ ᠪᠠᠷ ᠨᠡᠭᠡᠭᠡᠨ ᠬᠥᠭᠵᠢᠭᠦᠯᠪᠡ᠃ ᠡᠨᠡ ᠨᠢ ᠳ᠋ᠦᠩᠪᠠ ᠬᠡᠯᠡᠨ ᠤ ︽ᠭᠠᠯᠪᠠ ᠶᠢ ᠨᠡᠭᠡᠭᠡᠭᠰᠡᠨ ᠨᠢ︾᠂ ᠪᠦᠶ᠋ᠢ ᠬᠡᠯᠡᠨ ᠤ ︽ᠰᠠᠷᠬᠤᠳ ᠲᠡᠪᠰᠢᠬᠦᠯᠬᠦ︾ ᠵᠡᠷᠭᠡ ᠥᠰᠥᠭ ᠪᠢᠴᠢᠭ ᠤᠨ ᠰᠤᠳᠤᠷ ᠪᠢᠴᠢᠭ᠂ ︽ᠮᠢᠶᠣᠣ ᠦᠨᠳᠦᠰᠦᠲᠡᠨ ᠤ ᠡᠷᠲᠡᠨ ᠤ ᠳᠠᠭᠤᠤ︾᠂ ︽ᠴᠢᠶᠠᠩ ᠦᠨᠳᠦᠰᠦᠲᠡᠨ ᠤ ᠰᠡᠷᠡᠩ︾᠂ ︽ᠶᠣᠣ ᠦᠨᠳᠦᠰᠦᠲᠡᠨ ᠤ ᠰᠢᠳᠢᠳᠦ ᠦᠯᠢᠬᠡᠷ︾᠂ ︽ᠳ᠋ᠦᠩ ᠦᠨᠳᠦᠰᠦᠲᠡᠨ ᠤ ᠬᠠᠮᠳᠤ ᠶᠢᠨ ᠳᠠᠭᠤᠤ︾ ᠵᠡᠷᠭᠡ ᠠᠮᠠᠨ ᠤᠯᠠᠮᠵᠢᠯᠠᠯ ᠳᠤ ᠴᠦᠮ ᠨᠡᠶᠢᠳᠡᠮ ᠲᠡᠮᠲᠡᠭᠯᠡᠭᠳᠡᠵᠦ ᠪᠠᠶᠢᠳᠠᠭ᠃ ᠢᠯᠠᠩᠭᠤᠶ᠎ᠠ ᠴᠢᠨ ᠬᠠᠨ ᠤᠯᠤᠰ ᠠᠴᠠ ᠨᠠᠭᠠᠰᠢ ᠂ ᠦᠨᠳᠦᠰᠦᠲᠡᠨ ᠨᠦᠭᠦᠳ ᠬᠠᠷᠢᠯᠴᠠᠨ ᠶᠠᠪᠤᠯᠴᠠᠵᠤ᠂ ᠭᠠᠷ ᠬᠤᠯᠪᠣᠨ ᠮᠥᠷᠥ ᠵᠡᠷᠭᠡᠴᠡᠵᠦ᠂ ᠬᠠᠮᠲᠤ ᠪᠠᠷ ᠬᠢᠯᠢ ᠬᠢᠵᠠᠭᠠᠷ ᠢ ᠨᠡᠭᠡᠭᠡᠵᠦ ᠨᠤᠲᠤᠭ ᠳᠡᠪᠢᠰᠬᠡᠷ ᠢᠶᠠᠨ ᠥᠷᠭᠡᠳᠬᠡᠪᠡ᠃ ᠶᠤᠸᠠᠨ᠂ ᠮᠢᠩ᠂ ᠴᠢᠩ ᠤᠯᠤᠰ ᠵᠢᠴᠢ ᠢᠷᠭᠡᠨ ᠤᠯᠤᠰ ᠤᠨ ᠲᠥᠪ ᠵᠠᠰᠠᠭ ᠤᠨ ᠣᠷᠳᠣᠨ ᠠᠴᠠ ᠲᠥᠪᠡᠳ ᠤᠨ ᠣᠷᠣᠨ ᠨᠤᠲᠤᠭ ᠤᠨ ᠵᠠᠰᠠᠭ ᠤᠨ ᠣᠷᠳᠣᠨ ᠳᠤ ᠡᠷᠭᠦᠮᠵᠢᠯᠡᠭᠰᠡᠨ ᠫᠠᠭᠪᠠ ᠦᠰᠦᠭ᠂ ᠮᠠᠨᠵᠤ ᠦᠰᠦᠭ᠂ ᠲᠥᠪᠡᠳ ᠦᠰᠦᠭ᠂ ᠮᠣᠩᠭᠤᠯ ᠦᠰᠦᠭ᠂ ᠬᠢᠲᠠᠳ ᠦᠰᠦᠭ ᠵᠡᠷᠭᠡ ᠪᠠᠷ ᠪᠢᠴᠢᠭᠳᠡᠭᠰᠡᠨ ᠲᠠᠮᠠᠭᠠᠲᠤ ᠪᠢᠴᠢᠭ ᠬᠠᠷ᠎ᠠ ᠳᠤ ᠲᠥᠪᠡᠳ ᠪᠣᠯ ᠡᠷᠲᠡᠨ ᠠᠴᠠ ᠮᠠᠨ ᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠤᠰᠢ ᠦᠭᠡᠢ ᠨᠢᠭᠡ ᠬᠡᠰᠡᠭ ᠮᠥᠨ ᠭᠡᠳᠡᠭ ᠢ ᠬᠦᠴᠦᠲᠡᠶ ᠭᠡᠷᠡᠴᠢᠯᠡᠪᠡ᠃ ᠮᠠᠨᠵᠤ᠂ ᠮᠣᠩᠭᠤᠯ᠂ ᠬᠢᠲᠠᠳ ᠭᠤᠷᠪᠠᠨ ᠬᠡᠯᠡᠨ ᠤ ︽ᠵᠠᠷᠯᠢᠭ ᠢᠶᠠᠷ ᠲᠣᠭᠲᠠᠭᠠᠭᠰᠠᠨ ᠭᠠᠳᠠᠭᠠᠳᠤ ᠮᠣᠩᠭᠤᠯ ᠤᠨ ᠲᠥᠷᠥ ᠶᠢ ᠵᠠᠰᠠᠬᠤ ᠶᠠᠪᠤᠳᠠᠯ ᠤᠨ ᠶᠠᠮᠤᠨ ᠤ ᠬᠠᠤᠯᠢ ᠵᠦᠢᠯ ᠤᠨ ᠪᠢᠴᠢᠭ︾ ᠪᠣᠯ ᠴᠢᠩ ᠤᠯᠤᠰ ᠤᠨ ᠵᠠᠰᠠᠭ ᠤᠨ ᠭᠠᠵᠠᠷ ᠠᠴᠠ ᠲᠤᠬᠠᠶ ᠶᠢᠨ ᠦᠶ᠎ᠡ ᠶᠢᠨ ᠮᠣᠩᠭᠤᠯ᠂ ᠲᠥᠪᠡᠳ᠂ ᠰᠢᠨᠵᠢᠶᠠᠩ ᠵᠡᠷᠭᠡ ᠭᠠᠵᠠᠷ ᠣᠷᠣᠨ ᠢ ᠵᠠᠰᠠᠬᠤ ᠬᠠᠤᠯᠢ ᠴᠠᠭᠠᠵᠠ ᠲᠦᠷᠢᠮ ᠲᠣᠭᠲᠠᠭᠠᠯ ᠪᠣᠯᠤᠨ᠎ᠠ᠃ ᠡᠷᠲᠡᠨ ᠤ ᠵᠤᠸᠠᠩ ᠬᠡᠯᠡᠨ ᠤ ᠠᠷᠠᠳ ᠤᠨ ᠳᠠᠭᠤᠤ ᠶᠢᠨ ᠬᠠᠭᠤᠯᠤᠮᠠᠯ ᠳᠡᠪᠲᠡᠷ ︽ᠸᠠ ᠣᠪᠣᠭᠲᠤ ᠬᠠᠲᠤᠨ︾᠂ ᠵᠤᠸᠠᠩ ` ᠤᠨ ᠰᠢ ᠵᠦᠴᠦᠭᠡ ᠶᠢᠨ ᠳᠡᠪᠲᠡᠷ ︽ᠲᠠᠷᠢᠶᠠᠴᠢᠨ ᠦᠳᠡᠬᠦᠰ︾ ᠨᠢ ᠵᠤᠸᠠᠩ ᠦᠨᠳᠦᠰᠦᠲᠡᠨ ᠤ ᠠᠷᠠᠳ ᠤᠨ ᠲᠤᠮᠳᠠᠬᠢ ᠲᠡᠤᠬᠡᠳᠦ ᠬᠥᠮᠦᠰ ᠤᠨ ᠲᠥᠪ ᠵᠠᠰᠠᠭ ᠢᠶᠠᠨ ᠲᠠᠭᠠᠵᠤ᠂ ᠭᠠᠳᠠᠭᠠᠳᠤ ᠶᠢᠨ ᠳᠣᠷᠣᠮᠵᠢᠯᠠᠯ ᠢ ᠬᠠᠮᠲᠤ ᠪᠠᠷ ᠡᠰᠡᠷᠭᠦᠴᠡᠭᠰᠡᠨ ᠲᠡᠤᠬᠡᠳᠦ ᠳᠠᠭᠤᠷᠢᠰᠬᠠᠯ ᠲᠠᠢ ᠶᠠᠷᠢᠶ᠎ᠠ ᠶᠢ ᠲᠡᠮᠳᠡᠭᠯᠡᠭᠰᠡᠨ ᠪᠠᠶᠢᠨ᠎ᠠ᠃ ᠰᠠᠶ᠋ᠢᠬᠠᠨ ᠵᠠᠰᠠᠵᠤ ᠰᠡᠷᠭᠦᠭᠡᠭᠰᠡᠨ ᠤᠯᠤᠰ ᠤᠨ ᠨᠣᠮ ᠤᠨ ᠰᠠᠩ ᠤᠨ ᠪᠠᠷᠠᠭᠤᠨ ᠰᠢᠶᠠ ᠤᠯᠤᠰ ᠤᠨ ᠡᠷᠲᠡᠨ ᠤ ᠨᠤᠮ ᠪᠢᠴᠢᠭ ᠲᠤ᠂ ᠯᠢᠶᠠᠩᠵᠸᠤ ᠶᠢᠨ ᠴᠢᠭᠤᠯᠭᠠᠨ ᠭᠡᠬᠦ ᠡᠨᠡ ᠬᠦ ᠴᠢᠬᠤᠯᠠ ᠶᠡᠭᠡ ᠲᠡᠦᠬᠡᠨ ᠬᠡᠷᠡᠭ ᠶᠠᠪᠤᠳᠠᠯ ᠤᠨ ᠲᠤᠬᠠᠶ ᠲᠡᠮᠳᠡᠭᠯᠡᠯ ᠪᠠᠶᠢᠬᠤ ᠶᠢ ᠣᠯᠵᠤ ᠮᠡᠳᠡᠪᠡ᠃ ᠠᠭᠤᠤ ᠶᠡᠭᠡ ᠡᠬᠡ ᠤᠯᠤᠰ ᠤᠨ ᠥᠷᠭᠡᠨ ᠠᠭᠤᠳᠠᠮ ᠨᠤᠲᠤᠭ ᠳᠡᠪᠢᠰᠬᠡᠷ ᠢ ᠦᠨᠳᠦᠰᠦᠲᠡᠨ  ᠨᠦᠭᠦᠳ ᠬᠠᠮᠲᠤ ᠪᠠᠷ ᠨᠡᠭᠡᠭᠡᠭᠰᠡᠨ ᠶᠤᠮ᠂ ᠠᠭᠤᠤ ᠶᠡᠭᠡ ᠡᠬᠡ ᠤᠯᠤᠰ ᠤᠨ ᠥᠨᠢ ᠤᠳᠠᠭᠠᠨ ᠲᠡᠦᠬᠡ ᠶᠢ ᠦᠨᠳᠦᠰᠦᠲᠡᠨ ᠨᠦᠭᠦᠳ ᠬᠠᠮᠲᠤ ᠪᠠᠷ ᠪᠢᠴᠢᠭᠯᠡᠭᠰᠡᠨ ᠶᠤᠮ ᠬᠡᠳᠡᠭ ᠢ ᠴᠦᠬᠡᠨ ᠲᠤᠭᠠᠳᠤ ᠦᠨᠳᠦᠰᠦᠳᠡᠨ ᠤ ᠮᠠᠰᠢ ᠤᠯᠠᠨ ᠰᠤᠳᠤᠷ ᠪᠢᠴᠢᠭ ᠪᠢᠳᠡᠨ ᠳᠤ ᠬᠡᠯᠡᠵᠤ ᠬᠦᠤᠷᠨᠢᠵᠤ ᠪᠠᠶᠢᠨ᠎ᠠ᠃    ᠬᠤᠶᠠᠷ ᠲᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠠᠮᠢᠳᠤᠯᠢᠭ ᠪᠣᠳᠠᠲᠤ ᠶᠠᠪᠤᠳᠠᠯ ᠢ ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠳᠤ ᠪᠠᠲᠤ ᠪᠠᠬᠢ ᠦᠨᠳᠦᠰᠦ ᠪᠠᠷᠢᠮᠲᠠ ᠬᠠᠩᠭᠠᠪᠠ᠃ ᠰᠤᠳᠤᠷ ᠨᠤᠮ ᠲᠠᠯᠠᠢ ᠪᠠᠶᠠᠯᠢᠭ᠂ ᠶᠠᠩᠵᠤ ᠪᠦᠷᠢ ᠶᠢᠨ ᠬᠡᠯᠪᠡᠷᠢ ᠲᠦᠷᠰᠦ ᠲᠠᠢ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠲᠤ ᠡᠯ᠎ᠡ ᠦᠨᠳᠦᠰᠦᠲᠡᠨ ᠤ ᠲᠡᠦᠬᠡᠨ ᠪᠠᠶᠢᠳᠠᠯ ᠢ ᠠᠳᠠᠯᠢ ᠪᠤᠰᠤ ᠲᠠᠯ᠎ᠠ ᠠᠴᠠ ᠨᠢ ᠲᠡᠮᠳᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠦᠷᠢᠯᠳᠦᠨ ᠪᠠᠬᠢᠵᠢᠭ᠍ᠰᠡᠨ ᠲᠡᠦᠬᠡ ᠶᠢᠨ ᠶᠡᠭᠡ ᠬᠠᠨᠳᠤᠰᠢ ᠶᠢ ᠲᠤᠰᠬᠠᠭᠰᠠᠨ ᠪᠠᠶᠢᠨ᠎ᠠ᠃ ᠶᠡᠷᠦᠩᠬᠡᠶ ᠳᠤ ᠨᠢ ᠠᠪᠴᠤ ᠦᠵᠡᠪᠡᠯ᠂ ᠬᠢᠲᠠᠳ ᠰᠣᠶᠣᠯ ᠤᠨ ᠴᠥᠭᠡᠨ ᠲᠣᠭᠠᠲᠤ ᠦᠨᠳᠦᠰᠦᠲᠡᠨ ᠤ ᠰᠣᠶᠣᠯ ᠳᠤ ᠦᠵᠡᠭᠦᠯᠦᠭᠰᠡᠨ ᠨᠥᠯᠥᠭᠡ  ᠨᠢ ᠨᠡᠯᠢᠶᠡᠳ ᠶᠡᠭᠡ ᠪᠠᠶᠢᠵᠤ᠂ ᠴᠥᠭᠡᠨ ᠲᠣᠭᠠᠲᠤ ᠦᠨᠳᠦᠰᠦᠲᠡᠨ ᠤ ᠮᠠᠰᠢ ᠣᠯᠠᠨ ᠰᠤᠳᠤᠷ ᠪᠢᠴᠢᠭ ᠨᠢ ᠴᠦᠮ ᠬᠢᠲᠠᠳ ᠬᠡᠯᠡᠨ ᠠᠴᠠ ᠣᠷᠴᠢᠭᠤᠯᠤᠭᠳᠠᠵᠠᠢ᠃ ᠵᠢᠱᠢᠶᠡᠯᠡᠪᠡᠯ᠂ ᠲᠥᠪᠡᠳ ᠬᠡᠯᠡᠨ ᠤ ︽ᠪᠠᠶᠢᠯᠳᠤᠭᠠᠨᠲᠤ ᠤᠯᠤᠰ ᠤᠨ ᠪᠣᠳᠣᠯᠭ᠎ᠠ︾᠂ ︽ᠶᠡᠭᠡ ᠲᠠᠩ ᠤᠯᠤᠰ ᠤᠨ ᠪᠠᠷᠠᠭᠤᠨ ᠣᠷᠣᠨ ᠤ ᠲᠡᠮᠳᠡᠭᠯᠡᠯ︾ ᠤᠨ ᠣᠷᠴᠢᠭᠤᠯᠭ᠎ᠠ  ᠶᠢᠨ ᠳᠡᠪᠲᠡᠷ᠂ ᠮᠣᠩᠭᠤᠯ ᠬᠡᠯᠡᠨ ᠤ ︽ᠠᠴᠢᠯᠠᠯᠲᠤ ᠨᠣᠮ︾ ᠤᠨ ᠣᠷᠴᠢᠭᠤᠯᠭ᠎ᠠ ᠶᠢᠨ ᠳᠡᠪᠲᠡᠷ᠂ ᠳ᠋ᠠᠶ ᠬᠡᠯᠡᠨ ᠤ ︽ᠪᠠᠷᠠᠭᠤᠨᠰᠢ ᠵᠣᠷᠴᠢᠭᠰᠠᠨ ᠲᠡᠮᠳᠡᠭᠯᠡᠯ︾᠂ ︽ᠪᠢᠴᠢᠭ ᠤᠨ ᠮᠡᠷᠭᠡᠳ ᠤᠨ ᠰᠤᠯᠠ ᠱᠠᠰᠲᠢᠷ︾ ᠵᠡᠷᠭᠡ ᠥᠭᠦᠯᠡᠯᠭᠡ ᠶᠢᠨ ᠣᠷᠴᠢᠭᠤᠯᠭ᠎ᠠ ᠪᠠᠶᠢᠳᠠᠭ᠂ ᠮᠠᠨᠵᠤ ᠬᠡᠯᠡᠨ ᠳᠤ ᠬᠢ ᠬᠢᠲᠠᠳ ᠬᠡᠯᠡᠨ ᠠᠴᠠ ᠣᠷᠴᠢᠭᠤᠯᠤᠭᠳᠠᠭᠰᠠᠨ ᠰᠤᠳᠤᠷ ᠪᠢᠴᠢᠭ ᠨᠢ ᠨᠡᠩ ᠴᠤ ᠨᠣᠮ ᠰᠤᠳᠤᠷ ᠵᠤᠬᠢᠶᠠᠯ ᠲᠡᠭᠦᠪᠦᠷᠢ ᠪᠦᠬᠦᠨ ᠳᠤ ᠲᠦᠭᠡᠵᠦ᠂ ᠲᠤᠭ᠎ᠠ ᠲᠤᠮᠰᠢ ᠦᠭᠡᠢ ᠣᠯᠠᠨ ᠪᠠᠶᠢᠳᠠᠭ᠃ ᠡᠭᠦᠨ ᠤ ᠬᠠᠮᠲᠤ᠂ ᠬᠢᠲᠠᠳ ᠦᠨᠳᠦᠰᠦᠲᠡᠨ ᠴᠦ ᠴᠥᠭᠡᠨ ᠲᠣᠭᠠᠲᠤ ᠦᠨᠳᠦᠰᠦᠲᠡᠨ ᠤ ᠰᠣᠶᠣᠯ ᠠᠴᠠ ᠲᠠᠰᠤᠷᠠᠯᠲᠠ ᠦᠭᠡᠢ ᠰᠢᠮ᠎ᠡ ᠲᠡᠵᠢᠭᠡᠯ ᠬᠦᠷᠲᠡᠭᠰᠡᠭᠡᠷ ᠢᠷᠡᠵᠡᠢ᠃ ᠵᠢᠱᠢᠶᠡᠯᠡᠪᠡᠯ᠂ ᠤᠳᠬ᠎ᠠ ᠵᠣᠬᠢᠶᠠᠯ ᠤᠨ ᠬᠦᠷᠢᠶᠡᠨ ᠳᠤ ᠰᠢᠯᠦᠭᠯᠡᠯᠲᠦ ᠨᠣᠮ᠂ ᠴᠥ᠋ ᠤᠯᠤᠰ ᠤᠨ ᠤᠶᠠᠩᠭ᠎ᠠ᠂ ᠲᠠᠩ ᠤᠯᠤᠰ ᠤᠨ ᠰᠢᠯᠦᠭ᠂ ᠰᠦᠩ ᠤᠯᠤᠰ ᠤᠨ ᠳᠠᠭᠤᠯᠠᠯ᠂ ᠶᠤᠸᠠᠨ ᠤᠯᠤᠰ ᠤᠨ ᠳᠠᠭᠤᠷᠢᠯᠢᠭ ᠲᠤ ᠴᠦᠮ ᠮᠠᠰᠢ ᠣᠯᠠᠨ ᠴᠥᠭᠡᠨ ᠲᠣᠭᠠᠲᠤ ᠦᠨᠳᠦᠰᠦᠲᠡᠨ ᠤ ᠤᠳᠬ᠎ᠠ ᠵᠣᠬᠢᠶᠠᠯ ᠤᠨ ᠪᠦᠷᠢᠯᠳᠦᠬᠦᠨ ᠲᠠᠢ ᠶᠤᠮ︔ ᠲᠡᠦᠬᠡ ᠶᠢᠨ ᠤᠬᠠᠭᠠᠨ ᠤ ᠬᠦᠷᠢᠶᠡᠨ ᠳᠤ᠂ ᠮᠣᠩᠭᠤᠯ ᠬᠡᠯᠡᠨ ᠤ ︽ᠮᠣᠩᠭᠤᠯ ᠤᠨ ᠨᠢᠭᠤᠴᠠ ᠲᠣᠪᠴᠢᠶᠠᠨ︾᠂ ︽ᠡᠷᠳᠡᠨᠢ ᠶᠢᠨ ᠲᠣᠪᠴᠢ︾ ᠪᠣᠯᠤᠨ ︽ᠠᠯᠲᠠᠨ ᠲᠣᠪᠴᠢ︾ ᠭᠡᠬᠦ ᠭᠤᠷᠪᠠᠨ ᠲᠣᠮᠣ ᠲᠡᠦᠬᠡᠨ ᠪᠦᠲᠦᠭᠡᠯ ᠢ ᠤᠷᠢᠳ ᠬᠤᠵᠢᠳ ᠮᠢᠩ ᠴᠢᠩ ᠤᠯᠤᠰ ᠤᠨ ᠦᠶ᠎ᠡ ᠳᠤ ᠬᠢᠲᠠᠳ ᠬᠡᠯᠡ ᠪᠠᠷ ᠣᠷᠴᠢᠭᠤᠯᠵᠤ᠂ ᠬᠢᠲᠠᠳ ᠬᠡᠯᠡᠨ ᠤ ᠲᠡᠤᠬᠡ ᠰᠤᠳᠤᠷ ᠤᠨ ᠲᠡᠮᠳᠡᠭᠯᠡᠯ ᠤᠨ ᠭᠦᠢᠴᠡᠳ ᠦᠭᠡᠶ ᠲᠠᠯ᠎ᠠ ᠶᠢ ᠨᠥᠬᠦᠪᠥᠷᠢᠯᠡᠪᠡ᠃ ᠡᠭᠦᠨ ᠠᠴᠠ ᠭᠠᠳᠠᠨ᠎ᠠ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠨᠢ ᠪᠠᠰᠠ ᠡᠯ᠎ᠡ ᠴᠥᠭᠡᠨ ᠲᠣᠭᠠᠲᠤ ᠦᠨᠳᠦᠰᠦᠲᠡᠨ ᠤ ᠬᠤᠭᠤᠷᠣᠨᠳᠣᠬᠢ ᠬᠠᠷᠢᠯᠴᠠᠨ ᠰᠤᠷᠤᠯᠴᠠᠵᠤ᠂ ᠨᠥᠯᠥᠭᠡᠯᠡᠭᠰᠡᠨ ᠥᠩᠭᠡᠷᠡᠯᠲᠡ ᠶᠢ ᠲᠤᠰᠬᠠᠭᠰᠠᠨ ᠪᠠᠶᠢᠳᠠᠭ᠃ ᠵᠢᠱᠢᠶᠡᠯᠡᠪᠡᠯ᠂ ᠮᠣᠩᠭᠤᠯ ᠦᠨᠳᠦᠰᠦᠲᠡᠨ ᠤ ᠫᠠᠭᠪᠠ ᠦᠰᠦᠭ ᠢ ᠲᠥᠰᠦᠪᠯᠡᠬᠦ ᠳᠤ ᠪᠠᠨ ᠲᠥᠪᠡᠳ ᠦᠰᠦᠭ ᠢᠶᠠᠷ ᠯᠠᠪᠯᠠᠯᠲᠠ ᠪᠣᠯᠭᠠᠭᠰᠠᠨ ᠪᠠᠶᠢᠵᠠᠢ᠃ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠲᠤ ᠶᠡᠭᠡ ᠬᠡᠮᠵᠢᠶᠡᠨ ᠤ ᠬᠤᠶᠠᠷ ᠬᠡᠯᠡ ᠬᠠᠪᠰᠤᠷᠭᠠᠭᠰᠠᠨ᠂ ᠭᠤᠷᠪᠠᠨ ᠬᠡᠯᠡ ᠬᠠᠪᠰᠤᠷᠭᠠᠭᠰᠠᠨ᠂ ᠲᠦᠷᠪᠡᠨ ᠬᠡᠯᠡ ᠬᠠᠪᠰᠤᠷᠭᠠᠭᠰᠠᠨ᠂ ᠴᠠᠭᠠᠰᠢᠯᠠᠪᠠᠯ ᠲᠠᠪᠤᠨ ᠬᠡᠯᠡ ᠬᠠᠪᠰᠤᠷᠭᠠᠭᠰᠠᠨ ᠨᠣᠮ ᠰᠤᠳᠤᠷ ᠪᠤᠢ᠃ ᠵᠢᠱᠢᠶᠡᠯᠡᠪᠡᠯ ᠴᠢᠩ ᠤᠯᠤᠰ ᠤᠨ ᠦᠶ᠎ᠡ ᠶᠢᠨ ᠮᠠᠨᠵᠤ ᠮᠣᠩᠭᠤᠯ ᠬᠠᠪᠰᠤᠷᠭᠠᠭᠰᠠᠨ ᠮᠣᠩᠭᠤᠯ ᠰᠤᠷᠭᠠᠭᠤᠯᠢ ᠶᠢᠨ ᠤᠩᠰᠢᠬᠤ ᠪᠢᠴᠢᠭ ︽ᠭᠤᠷᠪᠠᠨ ᠦᠰᠦᠭᠲᠦ ᠨᠣᠮ︾᠂ ᠮᠠᠨᠵᠤ ᠲᠥᠪᠡᠳ ᠮᠣᠩᠭᠤᠯ ᠤᠶᠢᠭᠤᠷ ᠬᠢᠲᠠᠳ ᠬᠠᠪᠰᠤᠷᠭᠠᠭᠰᠠᠨ ᠲᠤᠯᠢ ᠪᠢᠴᠢᠭ ︽ᠬᠠᠭᠠᠨ ᠤ ᠵᠣᠬᠢᠶᠠᠭᠰᠠᠨ ᠲᠠᠪᠤᠨ ᠬᠡᠯᠡᠨ ᠤ ᠮᠠᠨᠵᠤ ᠦᠬᠡᠨ ᠤ ᠲᠤᠯᠢ ᠪᠢᠴᠢᠭ︾ ᠵᠡᠷᠭᠡ ᠪᠤᠢ᠃ ᠶᠡᠭᠡ ᠬᠡᠮᠵᠢᠶᠡᠨ ᠤ ᠴᠥᠭᠡᠨ ᠲᠣᠭᠠᠲᠤ ᠦᠨᠳᠦᠰᠦᠲᠡᠨ ᠤ ᠠᠷᠠᠳ ᠤᠨ ᠭᠡᠷ᠎ᠡ ᠪᠠ ᠠᠯᠪᠠᠨ ᠪᠢᠴᠢᠭ ᠨᠢ ᠪᠠᠰᠠ ᠲᠡᠦᠬᠡᠨ ᠳᠡᠭᠡᠷᠡᠬᠢ ᠡᠯ᠎ᠡ ᠦᠨᠳᠦᠰᠦᠲᠡᠨ ᠤ ᠠᠵᠤ ᠠᠬᠤᠢ ᠪᠠ ᠰᠣᠶᠣᠯ ᠤᠨ ᠶᠠᠪᠤᠯᠴᠠᠭᠠᠨ ᠤ ᠨᠢᠭᠲᠠ ᠬᠠᠷᠢᠴᠠᠭ᠎ᠠ ᠶᠢ ᠭᠦᠢᠴᠡᠳ ᠲᠤᠰᠬᠠᠭᠰᠠᠨ ᠪᠠᠶᠢᠨ᠎ᠠ᠃ ᠳᠡᠭᠡᠷᠡᠬᠢ ᠪᠣᠳᠠᠲᠤ ᠶᠠᠪᠤᠳᠠᠯ ᠨᠢ ︽ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ︾ ᠭᠡᠬᠦ ᠰᠢᠨᠵᠢᠯᠡᠬᠦ ᠤᠬᠠᠭᠠᠨᠴᠢ ᠨᠤᠲᠠᠯᠠᠯᠲᠠ ᠶᠢ ᠬᠦᠴᠦᠲᠡᠢ ᠭᠡᠷᠡᠴᠢᠯᠡᠪᠡ᠃    ᠭᠤᠷᠪᠠ ᠳᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠭᠡᠷᠡᠯ ᠰᠠᠴᠤᠷᠠᠩᠭᠤᠢ ᠡᠷᠳᠡᠨᠢᠰ ᠤᠨ ᠰᠠᠩ ᠢ ᠪᠠᠶᠠᠯᠢᠭᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠬᠤ ᠳᠤ ᠰᠣᠶᠣᠯ ᠤᠨ ᠰᠢᠮ᠎ᠡ ᠲᠡᠵᠢᠭᠡᠯ ᠬᠠᠩᠭᠠᠪᠠ᠃ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠲᠤ ᠠᠵᠤ ᠠᠬᠤᠢ᠂ ᠤᠯᠤᠰ ᠲᠦᠷᠦ᠂ ᠭᠦᠨ ᠤᠬᠠᠭᠠᠨ᠂ ᠬᠠᠤᠯᠢ ᠴᠠᠭᠠᠵᠠ᠂ ᠲᠡᠦᠬᠡ᠂ ᠱᠠᠰᠢᠨ ᠰᠤᠷᠲᠠᠬᠤᠨ᠂ ᠴᠡᠷᠢᠭ ᠤᠨ ᠶᠠᠪᠤᠳᠠᠯ᠂ ᠤᠳᠬ᠎ᠠ ᠵᠣᠬᠢᠶᠠᠯ᠂ ᠤᠷᠠᠯᠢᠭ᠂ ᠦᠭᠡ ᠬᠡᠯᠡ᠂ ᠦᠰᠦᠭ ᠪᠢᠴᠢᠭ᠂ ᠭᠠᠵᠠᠷ ᠵᠦᠢ᠂ ᠤᠳᠤᠨ ᠣᠷᠣᠨ᠂ ᠵᠢᠷᠤᠬᠠᠢ᠂ ᠠᠨᠠᠭᠠᠬᠤ ᠤᠬᠠᠭᠠᠨ ᠵᠡᠷᠭᠡ ᠠᠭᠤᠯᠭ᠎ᠠ ᠶᠢ ᠬᠠᠮᠤᠷᠴᠦ᠂ ᠮᠠᠰᠢ ᠤᠯᠠᠨ ᠰᠣᠶᠣᠯ ᠤᠨ ᠬᠤᠪᠣᠷ ᠡᠷᠳᠡᠨᠢ ᠶᠢ ᠪᠠᠭᠲᠠᠭᠠᠵᠤ ᠪᠠᠶᠢᠳᠠᠭ᠃ ᠵᠢᠱᠢᠶᠡᠯᠡᠪᠡᠯ᠂ ︽ᠭᠤᠷᠪᠠᠨ ᠲᠤᠮᠤ ᠲᠤᠤᠯᠢ︾ — ︽ᠭᠡᠰᠡᠷ︾᠂ ︽ᠵᠢᠩᠭᠠᠷ︾᠂ ︽ᠮᠠᠨᠠᠰ︾ ᠨᠢ ᠬᠥᠮᠦᠰ  ᠤᠨ ᠰᠡᠳᠬᠢᠯ ᠢ ᠳᠣᠩᠰᠣᠯᠭᠠᠵᠤ᠂ ᠴᠦᠮ ᠳᠡᠯᠡᠬᠡᠢ ᠳ᠋ᠠᠬᠢᠨ ᠳᠤ ᠠᠯᠳᠠᠷᠰᠢᠭᠰᠠᠨ ᠬᠡᠳᠦᠨ ᠠᠷᠪᠠᠨ ᠲᠦᠮᠡᠨ ᠰᠢᠯᠦᠭ ᠤᠨ ᠠᠪᠤᠷᠭᠤ ᠪᠦᠲᠦᠭᠡᠯ ᠪᠠᠶᠢᠭᠰᠠᠨ ᠢᠶᠠᠷ ᠨᠡᠷ᠎ᠡ ᠨᠢᠳᠡᠷ ᠲᠤ ᠪᠠᠨ ᠨᠡᠶᠢᠴᠡᠭᠰᠡᠨ ᠬᠥᠮᠦᠨ ᠲᠥᠷᠥᠯᠬᠢᠲᠡᠨ ᠤ ᠬᠠᠮᠤᠭ ᠤᠨ ᠠᠭᠤᠤ ᠶᠡᠭᠡ ᠪᠠᠭᠠᠲᠤᠷᠯᠢᠭ ᠲᠤᠤᠯᠢᠰ ᠤᠨ ᠡᠩᠨᠡᠭᠡᠨ ᠳᠤ ᠵᠢᠭᠰᠠᠭᠠᠭᠳᠠᠭᠰᠠᠨ ᠪᠠᠶᠢᠨ᠎ᠠ᠃ ᠳ᠋ᠠᠶ ᠥᠰᠥᠭ᠂ ᠲᠥᠪᠡᠳ ᠥᠰᠥᠭ᠂ ᠮᠠᠨᠵᠤ ᠥᠰᠥᠭ᠂ ᠮᠣᠩᠭᠤᠯ ᠥᠰᠥᠭ᠂ ᠪᠠᠷᠠᠭᠤᠨ ᠰᠢᠶᠠ ᠥᠰᠥᠭ ᠤᠨ ︽ᠭᠠᠨᠵᠤᠤᠷ ᠳ᠋ᠠᠨᠵᠤᠤᠷ︾ ᠨᠢ ᠬᠢᠲᠠᠳ ᠥᠰᠥᠭ ᠤᠨ ︽ᠭᠠᠨᠵᠤᠤᠷ ᠳ᠋ᠠᠨᠵᠤᠤᠷ︾ ᠲᠠᠢ ᠬᠠᠮᠲᠤ᠂ ᠵᠢᠷᠭᠤᠭᠠᠨ ᠵᠦᠶ᠋ᠯ ᠤᠨ ᠥᠰᠥᠭ ᠪᠢᠴᠢᠭ ᠤᠨ ᠰᠢᠰᠲ᠋ᠧᠮ ᠢᠶᠠᠷ ᠥᠩᠭᠡ ᠢᠯᠭᠠᠷᠠᠨ ᠮᠢᠷᠠᠯᠵᠠᠵᠤ᠂ ᠦᠨᠢᠷ ᠪᠠᠶᠠᠨ ᠠᠤᠭ᠎ᠠ ᠰᠦᠷ ᠢᠶᠠᠷ ᠢᠶᠠᠨ ᠳᠡᠯᠡᠬᠡᠶ ᠳᠡᠭᠡᠷᠡᠬᠢ ᠬᠠᠮᠤᠭ ᠤᠨ ᠪᠦᠷᠢᠨ ᠲᠦᠬᠦᠷ ᠭᠠᠨᠵᠤᠤᠷ ᠳ᠋ᠠᠨᠵᠤᠤᠷ ᠤᠨ ᠰᠢᠰᠲ᠋ᠧᠮ ᠢ ᠪᠦᠷᠢᠯᠳᠦᠭᠦᠯᠵᠦ᠂ ᠡᠷᠲᠡᠨ ᠤ ᠬᠥᠮᠦᠨ ᠲᠥᠷᠥᠯᠬᠢᠲᠡᠨ ᠤ ᠰᠣᠶᠣᠯ ᠤᠨ ᠲᠡᠦᠬᠡᠨ ᠳᠡᠭᠡᠷ᠎ᠡ ᠥᠪᠡᠷᠮᠢᠴᠡ ᠣᠨᠴᠠᠯᠢᠭ ᠢᠶᠠᠨ ᠢᠯᠡᠷᠡᠭᠦᠯᠵᠡᠢ᠃ ᠮᠢᠶᠣᠣ ᠦᠨᠳᠦᠰᠦᠲᠡᠨ᠂ ᠳ᠋ᠦᠩ ᠦᠨᠳᠦᠰᠦᠲᠡᠨ᠂ ᠮᠦᠯᠤᠤ ᠦᠨᠳᠦᠰᠦᠲᠡᠨ ᠳᠤ ᠡᠳᠦᠭᠡ ᠪᠣᠯᠲᠠᠯ᠎ᠠ ᠤᠯᠠᠮᠵᠢᠯᠠᠭᠳᠠᠭᠰᠠᠨ ᠲᠤᠰᠬᠤᠨ ᠤ ᠵᠠᠩ ᠲᠠᠳᠬᠠᠯ ᠤᠨ ᠬᠥᠰᠢᠶᠡᠨ ᠤ ᠰᠡᠶᠢᠯᠦᠮᠡᠯ ᠨᠢ ᠴᠥᠭᠡᠨ ᠲᠣᠭᠠᠲᠤ ᠦᠨᠳᠦᠰᠦᠲᠡᠨ ᠤ ᠰᠣᠶᠣᠯ ᠳᠠᠬᠢ ᠪᠠᠶᠢᠭᠠᠯᠢ ᠶᠢ ᠡᠷᠬᠢᠮᠯᠡᠬᠦ᠂ ᠵᠣᠴᠢᠨᠰᠠᠭ ᠵᠠᠩ ᠠᠭᠠᠯᠢ ᠲᠠᠢ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠵᠡᠷᠭᠡ ᠰᠢᠯᠢᠳᠡᠭ ᠤᠯᠠᠮᠵᠢᠯᠠᠯ ᠢ ᠲᠡᠮᠳᠡᠭᠯᠡᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠮᠠᠨ ᠤ ᠤᠯᠤᠰ ᠤᠨ ᠤᠢᠢᠷ᠎ᠠ ᠦᠶ᠎ᠡ ᠶᠢᠨ ᠰᠣᠶᠣᠯ ᠡᠷᠳᠡᠮ ᠰᠢᠨᠵᠢᠯᠡᠭᠡᠨ ᠤ ᠲᠡᠦᠬᠡ ᠶᠢᠨ ᠲᠦᠷᠪᠡᠨ ᠶᠡᠭᠡ ᠢᠯᠡᠷᠡᠭᠦᠯᠦᠯᠲᠡ ᠶᠢᠨ ᠨᠢᠭᠡ ᠪᠣᠯᠬᠤ ᠳ᠋ᠦᠨᠬᠤᠸᠠᠩ ᠤᠨ ᠦᠯᠡᠳᠡᠭᠳᠡᠯ ᠨᠣᠮ ᠳᠣᠲᠣᠷ᠎ᠠ ᠴᠥᠭᠡᠨ ᠲᠣᠭᠠᠲᠤ ᠦᠨᠳᠦᠰᠦᠲᠡᠨ ᠤ ᠦᠰᠦᠭ ᠪᠢᠴᠢᠭ ᠤᠨ ᠰᠤᠳᠤᠷ ᠪᠢᠴᠢᠭ ᠴᠦ ᠨᠡᠯᠢᠶᠡᠳ ᠶᠡᠭᠡ ᠬᠤᠪᠢ ᠶᠢ ᠡᠵᠡᠯᠡᠵᠦ᠂ ᠮᠠᠰᠢ ᠶᠡᠭᠡ ᠲᠡᠦᠬᠡ ᠶᠢᠨ ᠳᠤᠷᠠᠰᠬᠠᠯᠲᠤ ᠵᠦᠢᠯ ᠤᠨ ᠴᠢᠨᠠᠷ ᠲᠠᠢ᠂ ᠡᠷᠳᠡᠮ ᠰᠢᠨᠵᠢᠯᠡᠭᠡᠨ ᠤ ᠮᠠᠲ᠋ᠧᠷᠢᠶᠠᠯ ᠤᠨ ᠴᠢᠨᠠᠷ ᠲᠠᠢ᠂ ᠤᠷᠠᠯᠢᠭ ᠤᠨ ᠲᠥᠯᠥᠭᠡᠯᠡᠬᠦ ᠴᠢᠨᠠᠷ ᠲᠠᠢ ᠪᠠᠶᠢᠳᠠᠭ᠃ ᠳᠤᠮᠳᠠᠳᠤ ᠶᠢᠨ ᠰᠣᠶᠣᠯ ᠳᠤ ᠡᠯ᠎ᠡ ᠦᠨᠳᠦᠰᠦᠲᠡᠨ ᠤ ᠰᠣᠶᠣᠯ ᠢ ᠶᠡᠭᠡ ᠪᠠᠷ ᠬᠤᠷᠠᠮᠳᠤᠭᠤᠯᠤᠭᠰᠠᠨ ᠵᠢᠱᠢᠶ᠎ᠡ ᠶᠢ ᠲᠣᠭᠠᠴᠢᠭᠠᠳ ᠪᠠᠷᠠᠬᠤ ᠦᠭᠡᠢ ᠶᠤᠮ ᠃ ᠦᠨᠳᠦᠰᠦᠲᠡᠨ ᠨᠦᠭᠦᠳ ᠤᠨ ᠰᠣᠶᠣᠯ ᠰᠣᠯᠪᠢᠴᠠᠨ ᠭᠡᠷᠡᠯᠲᠦᠵᠦ᠂ ᠳᠤᠮᠳᠠᠳᠤ ᠶᠢᠨ ᠰᠣᠶᠣᠯ ᠶᠠᠪᠤᠬᠤ ᠲᠤᠳᠤᠮ ᠰᠢᠨᠡᠳᠴᠦ᠂ ᠮᠠᠨ ᠤ ᠰᠣᠶᠣᠯ ᠤᠨ ᠢᠲᠡᠭᠡᠯ ᠳᠤ ᠠᠪᠤᠭᠠᠳ ᠪᠠᠷᠠᠰᠢ ᠦᠭᠡᠢ᠂ ᠬᠡᠷᠡᠭᠯᠡᠭᠡᠳ ᠳᠠᠭᠤᠰᠤᠰᠢ ᠦᠭᠡᠢ ᠤᠷᠤᠰᠬᠠᠯ ᠤᠰᠤ ᠮᠡᠲᠦ ᠡᠬᠢ ᠰᠤᠷᠪᠤᠯᠵᠢ ᠶᠢ ᠬᠠᠩᠭᠠᠪᠠ᠃    ᠰᠤᠷᠪᠤᠯᠵᠢᠯᠠᠭᠴᠢ᠄ ᠳᠠᠷᠠᠭᠠᠴᠢ ᠶᠢᠨ ᠠᠯᠬᠤᠮ ᠳᠤ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠨᠢ ᠬᠡᠷᠬᠢᠨ ᠶᠡᠷᠦᠩᠬᠡᠢ ᠱᠦᠵᠢ ᠰᠢ  ᠶᠢᠨ ᠫᠢᠩ ᠤᠨ ᠴᠢᠬᠤᠯᠠ ᠥᠭᠦᠯᠡᠯᠲᠡ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠴᠠᠭ ᠦᠶ᠎ᠡ ᠳᠤ ᠵᠠᠮ ᠨᠡᠭᠡᠭᠡᠨ ᠰᠢᠨ᠎ᠡ ᠶᠢ ᠡᠭᠦᠳᠴᠦ᠂ ᠡᠷᠡᠮᠡᠬᠡᠶᠢᠯᠡᠨ ᠤᠷᠤᠭᠰᠢᠯᠠᠬᠤ ᠪᠤᠢ︖    ᠵᠠᠩ ᠮᠸᠤ᠄ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠭᠤᠣᠯᠳᠠᠭᠤ ᠳᠣᠣᠷᠠᠬᠢ ᠭᠤᠷᠪᠠᠨ ᠲᠠᠯ᠎ᠠ ᠠᠴᠠ ᠭᠠᠷᠳᠠᠨ ᠠᠵᠢᠯ ᠢᠶᠠᠨ ᠰᠠᠶᠢᠲᠤᠷ ᠬᠢᠨ᠎ᠡ᠃    ᠨᠢᠭᠡ ᠳᠤ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠢ ᠴᠤᠭᠯᠠᠭᠤᠯᠬᠤ᠂ ᠬᠠᠮᠠᠭᠠᠯᠠᠬᠤ ᠠᠵᠢᠯ ᠢ ᠠᠬᠢᠭᠤᠯᠵᠤ᠂ ᠤᠯᠠᠨ ᠵᠠᠭᠤᠨ ᠵᠢᠯ ᠤᠨ ᠡᠭᠦᠳᠦᠨ ᠪᠦᠳᠦᠬᠡᠵᠤ ᠤᠯᠠᠮᠵᠢᠯᠠᠭᠳᠠᠵᠤ ᠢᠷᠡᠭᠰᠡᠨ ᠬᠤᠪᠣᠷ ᠨᠠᠨᠳᠢᠨ ᠰᠣᠶᠣᠯ ᠤᠨ ᠥᠪ ᠢ ︽ᠦᠯᠡᠳᠡᠭᠡᠵᠦ ᠳᠡᠶᠢᠯᠬᠦ︾ ᠪᠣᠯᠭᠠᠨ᠎ᠠ᠃ ᠪᠠᠶᠢᠳᠠᠯ ᠢ ᠲᠣᠳᠣᠷᠬᠠᠶ ᠣᠶᠢᠯᠠᠭᠠᠵᠤ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠬᠠᠳᠠᠭᠠᠯᠠᠯᠲᠠ ᠯᠤᠲᠤ ᠶᠡᠭᠡ᠂ ᠬᠠᠳᠠᠭᠠᠯᠠᠯᠳᠠ ᠲᠠᠷᠠᠬᠠᠶ ᠪᠤᠲᠠᠷᠬᠠᠶ ᠪᠠᠶᠢᠬᠤ ᠣᠨᠴᠠᠯᠢᠭ ᠲᠤ ᠴᠢᠭᠯᠡᠭᠦᠯᠦᠨ᠂ ᠠᠷᠠᠳ ᠤᠨ ᠲᠤᠮᠳᠠ ᠭᠦᠨᠵᠡᠭᠡᠶᠢᠷᠡᠨ ᠰᠤᠷᠠᠭ ᠰᠦᠪᠡᠭᠴᠢ ᠶᠢ ᠥᠷᠭᠡᠨ ᠢᠶᠠᠷ ᠴᠤᠭᠯᠠᠭᠤᠯᠵᠤ᠂ ᠨᠡᠶᠢᠳᠡᠮ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠲᠥᠷᠥᠯ ᠬᠤᠪᠢᠶᠠᠨ ᠪᠦᠷᠢᠳᠬᠡᠬᠦ᠂ ᠰᠢᠰᠲ᠋ᠧᠮ ᠲᠠᠢ ᠬᠤᠷᠢᠶᠠᠨ ᠴᠤᠭᠯᠠᠭᠤᠯᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠡᠭᠦᠨ ᠢᠶᠠᠷ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠶᠡᠷᠦᠩᠬᠡᠶ ᠭᠠᠷᠴᠠᠭ ᠤᠨ ᠲᠣᠪᠴᠢ︾ ᠶᠢ ᠨᠠᠶᠢᠷᠠᠭᠤᠯᠤᠨ ᠪᠢᠴᠢᠵᠦ ᠬᠡᠪᠯᠡᠭᠦᠯᠬᠦ ᠠᠬᠢᠴᠠ ᠶᠢ ᠲᠦᠷᠭᠡᠳᠬᠡᠬᠦ ᠬᠡᠷᠡᠭᠳᠡᠢ᠃ ᠱᠠᠲᠤ ᠲᠡᠰ ᠬᠤᠪᠢᠶᠠᠨ ᠬᠠᠮᠠᠭᠠᠯᠠᠵᠤ᠂ ︽ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ᠶᠢᠨ ᠶᠣᠰᠣᠭᠠᠷ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠲᠤ ᠲᠥᠷᠥᠯ ᠬᠤᠪᠢᠶᠠᠨ ᠲᠣᠭᠠᠯᠠᠨ ᠪᠦᠷᠢᠳᠬᠡᠬᠦ ᠠᠵᠢᠯ ᠢ ᠰᠠᠶᠢᠲᠤᠷ ᠬᠢᠵᠦ᠂ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠦᠰᠦᠭ ᠪᠢᠴᠢᠭ ᠤᠨ ᠰᠤᠳᠤᠷ ᠪᠢᠴᠢᠭ ᠤᠨ ᠳᠡᠰ ᠲᠤᠭᠳᠠᠭᠠᠯᠳᠠ︾ ᠶᠢᠨ ᠤᠯᠤᠰ ᠤᠨ ᠪᠠᠷᠢᠮᠵᠢᠶ᠎ᠠ ᠶᠢ ᠳᠡᠯᠭᠡᠷᠡᠭᠦᠯᠬᠦ ᠲᠠᠢ ᠤᠶᠠᠯᠳᠤᠭᠤᠯᠤᠨ᠂ ᠲᠡᠦᠬᠡ᠂ ᠦᠵᠡᠯ ᠰᠠᠨᠠᠭ᠎ᠠ ᠪᠣᠯᠤᠨ ᠰᠣᠶᠣᠯ ᠤᠨ ᠴᠢᠬᠤᠯᠠ ᠦᠨ᠎ᠡ ᠥᠷᠲᠡᠭ ᠲᠠᠢ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠢ ᠬᠢᠨᠠᠮᠠᠭᠠᠶ ᠰᠣᠩᠭᠤᠨ ︽ᠤᠯᠤᠰ ᠤᠨ ᠬᠤᠪᠣᠷ ᠨᠠᠨᠳᠢᠨ ᠰᠤᠳᠤᠷ ᠪᠢᠴᠢᠭ ᠤᠨ ᠨᠡᠷᠡᠰ ᠤᠨ ᠲᠡᠭᠦᠪᠦᠷᠢ︾ ᠳᠤ ᠮᠡᠳᠡᠭᠦᠯᠦᠨ᠎ᠡ᠃ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠪᠦᠬᠦ ᠤᠯᠤᠰ ᠤᠨ ᠡᠯ᠎ᠡ ᠭᠠᠵᠠᠷ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠤᠨ ᠪᠠᠶᠢᠭᠤᠯᠤᠮᠵᠢ ᠵᠢᠴᠢ ᠬᠠᠮᠢᠶ᠎ᠠ ᠪᠦᠬᠦᠢ ᠰᠤᠳᠤᠯᠭᠠᠨ᠂ ᠬᠠᠳᠠᠭᠠᠯᠠᠯᠲᠠ᠂ ᠬᠡᠪᠯᠡᠯ ᠤᠨ ᠨᠢᠭᠡᠴᠢ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠤᠯᠠᠨ ᠵᠦᠢᠯ ᠤᠨ ᠦᠰᠦᠭ ᠪᠢᠴᠢᠭ ᠤᠯᠠᠨ ᠲᠦᠷᠦᠯ ᠤᠨ ᠰᠢᠨᠵᠢᠯᠡᠭᠡᠨ ᠤ ᠰᠠᠯᠠᠭ᠎ᠠ ᠰᠣᠯᠪᠢᠴᠠᠵᠤ ᠪᠠᠶᠢᠭ᠎ᠠ ᠬᠦᠴᠢᠷ ᠠᠰᠠᠭᠤᠳᠠᠯ ᠢ ᠢᠯᠠᠨ ᠳᠠᠪᠠᠵᠤ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠲᠣᠭᠠᠴᠢᠯᠠᠭᠰᠠᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠲᠣᠭᠠᠴᠢᠯᠠᠭᠰᠠᠨ ᠪᠠᠷᠢᠮᠵᠢᠶ᠎ᠠ ᠲᠣᠭᠲᠠᠭᠠᠬᠤ ᠶᠢ ᠠᠬᠢᠭᠤᠯᠵᠤ᠂ ᠲᠣᠭᠠᠴᠢᠯᠠᠭᠰᠠᠨ ᠡᠬᠢ ᠪᠠᠶᠠᠯᠢᠭ  ᠤᠨ ᠨᠡᠭᠡᠭᠡᠯᠳᠠ ᠶᠢ ᠥᠷᠭᠡᠳᠬᠡᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠠᠰᠢᠭᠯᠠᠯᠲᠠ ᠶᠢᠨ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃    ᠬᠤᠶᠠᠷ ᠲᠤ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠰᠤᠳᠤᠯᠭᠠᠨ᠂ ᠲᠠᠶᠢᠯᠪᠤᠷᠢᠯᠠᠯᠲᠠ ᠬᠢᠬᠦ ᠠᠵᠢᠯ ᠢ ᠠᠬᠢᠭᠤᠯᠵᠤ᠂ ᠡᠷᠲᠡᠨ ᠤ ᠰᠤᠳᠤᠷ ᠪᠢᠴᠢᠭ ᠲᠤᠯᠭᠤᠷ ᠪᠢᠴᠢᠭ ᠢᠶᠠᠷ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢ ᠪᠠᠬᠢᠵᠢᠭᠦᠯᠬᠦ ᠳᠤ ︽ᠰᠠᠶᠢᠲᠤᠷ ᠬᠦᠴᠦ ᠨᠡᠮᠡᠷᠢᠯᠡᠨ᠎ᠡ︾᠃ ᠰᠣᠳᠣᠨ ᠪᠦᠲᠦᠭᠡᠯ  ᠤᠨ ᠤᠬᠠᠮᠰᠠᠷ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠲᠣᠭᠤᠷᠢᠨ ᠳᠤ᠂ ᠡᠷᠲᠡᠨ ᠤ ᠳᠤᠮᠳᠠᠳᠤ ᠤᠯᠤᠰ ᠤᠨ ᠤᠯᠤᠰ ᠤᠷᠤᠨ ᠤ ᠨᠢᠭᠡᠳᠦᠯ ᠢ ᠬᠠᠮᠠᠭᠠᠯᠠᠭᠰᠠᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠨᠡᠮᠡᠭᠳᠡᠬᠦᠯᠦᠭᠰᠡᠨ ᠬᠠᠮᠢᠶ᠎ᠠ ᠪᠦᠬᠦᠢ ᠬᠦᠮᠦᠰ ᠪᠤᠶᠤ ᠦᠢᠯᠡ ᠶᠠᠪᠤᠳᠠᠯ ᠢ ᠲᠡᠮᠳᠡᠭᠯᠡᠭᠰᠡᠨ ᠨᠢᠭᠡ ᠪᠦᠯᠦᠭ ᠡᠷᠲᠡᠨ ᠤ ᠰᠤᠳᠤᠷ ᠪᠢᠴᠢᠭ ᠲᠤᠯᠭᠤᠷ ᠪᠢᠴᠢᠭ ᠢ ᠰᠢᠰᠲ᠋ᠧᠮ  ᠲᠠᠢ ᠡᠮᠬᠢᠯᠡᠵᠦ᠂ ᠨᠢᠭᠡ ᠪᠦᠯᠦᠭ ᠰᠢᠯᠢᠳᠡᠭ ᠦᠷ᠎ᠡ ᠪᠦᠲᠦᠭᠡᠯ ᠢ ᠨᠠᠶᠢᠷᠠᠭᠤᠯᠤᠨ ᠬᠡᠪᠯᠡᠭᠦᠯᠦᠨ᠎ᠡ᠃ ᠡᠯ᠎ᠡ ᠲᠠᠯ᠎ᠠ ᠶᠢᠨ ᠨᠡᠶᠢᠯᠡᠭ ᠬᠦᠴᠦᠨ ᠢ ᠨᠢᠭᠲᠠᠷᠠᠭᠤᠯᠵᠤ᠂ ᠪᠦᠬᠦ ᠤᠯᠤᠰ ᠤᠨ ᠬᠤᠯᠪᠣᠭᠳᠠᠯ ᠪᠦᠬᠦᠢ ᠬᠦᠷᠢᠶ᠎ᠡ ᠴᠠᠷᠠᠭᠠᠨ ᠤ ᠲᠤᠰᠬᠠᠶ ᠮᠡᠷᠭᠡᠵᠢᠯᠲᠡᠨ ᠡᠷᠳᠡᠮᠲᠡᠨ ᠢ ᠳᠠᠶᠢᠴᠢᠯᠠᠨ ᠳᠡᠮᠵᠢᠵᠦ᠂ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠪᠠ ᠡᠷᠳᠡᠮ ᠰᠢᠨᠵᠢᠯᠡᠭᠡᠨ ᠤ ᠲᠠᠶᠢᠯᠤᠮᠵᠢ ᠬᠢᠬᠦ᠂ ᠥᠭᠦᠯᠡᠯ ᠤᠨ ᠲᠤᠰᠬᠠᠶ ᠬᠡᠪᠯᠡᠯ ᠵᠢᠴᠢ ᠡᠷᠳᠡᠮ ᠰᠢᠨᠵᠢᠯᠡᠭᠡᠨ ᠤ ᠲᠤᠰᠬᠠᠶ ᠵᠣᠬᠢᠶᠠᠯ ᠬᠡᠪᠯᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠲᠤ ᠠᠭᠤᠯᠤᠭᠳᠠᠵᠤ ᠪᠠᠶᠢᠭ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭᠠᠨ ᠤ ᠠᠭᠤᠯᠤᠭᠳᠠᠬᠤᠨ ᠳᠤ ᠰᠢᠰᠲ᠋ᠧᠮ ᠲᠠᠢ ᠲᠠᠶᠢᠯᠪᠤᠷᠢᠯᠠᠯᠲᠠ ᠬᠢᠵᠦ᠂ ᠴᠥᠭᠡᠨ ᠲᠣᠭᠠᠲᠤ ᠦᠨᠳᠦᠰᠦᠲᠡᠨ ᠤ ᠲᠡᠦᠬᠡ ᠰᠣᠶᠣᠯ ᠤᠨ ᠰᠤᠳᠤᠯᠭᠠᠨ ᠢ ᠠᠬᠢᠭᠤᠯᠤᠨ᠎ᠠ᠃ ᠴᠢᠳᠠᠪᠤᠷᠢᠲᠠᠨ ᠤ ᠱᠠᠳᠤᠯᠠᠭᠰᠠᠨ ᠡᠩᠨᠡᠭᠡ ᠶᠢ ᠪᠠᠶᠢᠭᠤᠯᠵᠤ᠂ ︽ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠬᠠᠮᠠᠭᠠᠯᠠᠯᠲᠠ ᠪᠠ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ︾᠂ ︽ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠲᠤᠯᠭᠤᠷ ᠪᠢᠴᠢᠭ ᠤᠨ ᠴᠢᠳᠠᠪᠤᠷᠢᠲᠠᠨ ᠢ ᠬᠥᠮᠦᠵᠢᠭᠦᠯᠬᠦ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ︾ ᠵᠡᠷᠭᠡ ᠲᠠᠪᠴᠠᠩ ᠳᠤ ᠲᠦᠰᠢᠭᠯᠡᠨ᠂ ᠴᠢᠳᠠᠪᠤᠷᠢᠲᠠᠨ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ ᠂ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠨ᠂ ᠲᠤᠰᠬᠠᠶᠢᠵᠢᠭᠰᠠᠨ᠂ ᠵᠠᠯᠠᠭᠤᠵᠢᠭᠰᠠᠨ᠂ ᠬᠦᠴᠢᠷ ᠵᠦᠳᠡᠷᠡᠯ ᠢ ᠲᠡᠰᠪᠦᠷᠢᠯᠡᠵᠤ᠂ ᠰᠢᠯᠵᠢᠰᠢ ᠦᠬᠡᠢ ᠪᠠᠳᠤ ᠵᠣᠷᠢᠭ ᠲᠠᠢ ᠬᠡᠪ ᠪᠤᠯᠪᠠᠰᠤᠷᠠᠯ ᠥᠨᠳᠥᠷ ᠪᠥᠬᠦᠶ ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠠᠷᠠᠳ ᠤᠨ ᠠᠮᠠᠨ ᠤᠯᠠᠮᠵᠢᠯᠠᠯ ᠤᠨ ᠰᠤᠳᠤᠷ ᠪᠢᠴᠢᠭ ᠤᠨ ᠤᠯᠠᠮᠵᠢᠯᠠᠭᠴᠢ ᠶᠢ ᠬᠠᠮᠠᠭᠠᠯᠠᠨ ᠠᠪᠤᠷᠬᠠᠤ ᠡᠷᠴᠢᠮ ᠢ ᠴᠢᠩᠭᠠᠷᠠᠭᠤᠯᠤᠨ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ  ᠤᠨ ᠪᠤᠤᠬᠢᠶ᠎ᠠ ᠶᠢ ᠦᠶ᠎ᠡ ᠶᠢᠨ ᠦᠶ᠎ᠡ ᠳᠤ ᠤᠯᠠᠮᠵᠢᠯᠠᠬᠤ ᠶᠢ ᠪᠠᠲᠤᠯᠠᠨ᠎ᠠ᠃    ᠭᠤᠷᠪᠠ ᠳᠤ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠤᠬᠠᠭᠤᠯᠬᠤ᠂ ᠨᠡᠭᠡᠭᠡᠨ ᠬᠥᠭᠵᠢᠭᠦᠯᠬᠦ ᠶᠢ ᠠᠬᠢᠭᠤᠯᠵᠤ᠂ ᠰᠤᠳᠤᠷ ᠪᠢᠴᠢᠭ ᠲᠤ ᠪᠢᠴᠢᠭᠳᠡᠭᠰᠡᠨ ᠦᠰᠦᠭ ᠪᠢᠴᠢᠭ ᠢ ︽ᠠᠮᠢᠳᠤᠯᠢᠭ︾ ᠪᠣᠯᠭᠠᠨ᠎ᠠ᠃ ᠴᠠᠭ ᠦᠶ᠎ᠡ ᠶᠢᠨ ᠰᠤᠳᠠᠰᠤ ᠲᠠᠢ ᠨᠢᠭᠲᠠ ᠤᠶᠠᠯᠳᠤᠭᠤᠯᠤᠨ᠂ ︽ᠤᠬᠢ ᠰᠣᠳᠣ ᠶᠢ ᠨᠢ ᠠᠪᠴᠤ ᠰᠢᠭᠠᠷᠤ ᠶᠢ ᠨᠢ ᠬᠠᠶᠠᠬᠤ᠂ ᠡᠷᠲᠡᠨ ᠤ ᠬᠢ ᠶᠢ ᠡᠳᠦᠭᠡ ᠳᠤ ᠦᠢᠯᠡᠴᠢᠯᠡᠭᠦᠯᠬᠦ᠂ ᠬᠠᠭᠤᠴᠢᠨ ᠢ ᠤᠭᠤᠷᠴᠤ ᠰᠢᠨ᠎ᠡ ᠶᠢ ᠭᠠᠷᠭᠠᠬᠤ︾ ᠰᠤᠳᠤᠷ ᠪᠢᠴᠢᠭ ᠤᠨ ᠠᠵᠢᠯ ᠤᠨ ᠵᠠᠷᠴᠢᠮ ᠢ ᠪᠠᠷᠢᠮᠲᠠᠯᠠᠵᠤ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠰᠣᠶᠣᠯ ᠤᠨ ᠡᠬᠢ ᠪᠠᠶᠠᠯᠢᠭ ᠢ ᠤᠳᠤ ᠦᠶ᠎ᠡ ᠶᠢᠨ ᠰᠣᠶᠣᠯ ᠤᠨ ᠰᠣᠳᠣᠨ ᠪᠦᠲᠦᠭᠡᠯ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠨ ᠳᠣᠪᠤᠶᠢᠯᠭᠠᠨ᠎ᠠ᠃ ᠤᠬᠠᠭᠤᠯᠭ᠎ᠠ ᠶᠢᠨ ᠠᠷᠭ᠎ᠠ ᠵᠠᠮ ᠤᠨ ᠰᠢᠨ᠎ᠡ ᠶᠢ ᠡᠭᠦᠳᠴᠦ᠂ ᠲᠧᠯᠸᠢᠰ ᠫᠷᠤᠭ᠍ᠷᠠᠮ ᠦᠢᠯᠡᠳᠬᠦ᠂ ᠰᠦᠯᠵᠢᠶᠡᠨ ᠤ ᠸᠢᠳᠢᠣ᠋ ᠦᠢᠯᠡᠳᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨ᠎ᠠ ᠲᠤᠰᠬᠠᠶ ᠰᠡᠳᠦᠪᠲᠦ ᠦᠵᠡᠭᠦᠯᠭᠡ ᠥᠷᠨᠢᠭᠦᠯᠬᠦ᠂ ᠰᠤᠳᠤᠷ ᠪᠢᠴᠢᠭ ᠢ ᠰᠡᠷᠭᠦᠭᠡᠨ ᠵᠠᠰᠠᠬᠤ ᠤᠷ᠎ᠠ ᠮᠡᠷᠭᠡᠵᠢᠯ ᠤᠨ ᠦᠵᠡᠭᠦᠯᠭᠡ ᠭᠠᠷᠭᠠᠬᠤ ᠶᠢ ︽ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠦᠨᠳᠦᠰᠦᠨ ᠱᠠᠲᠤᠨ ᠳᠤ ᠪᠠᠭᠤᠯᠭᠠᠬᠤ︾ ᠬᠦᠳᠡᠯᠬᠡᠬᠡᠨ ᠵᠡᠷᠭᠡ ᠬᠡᠯᠪᠡᠷᠢ ᠪᠠᠷ ᠳᠠᠮᠵᠢᠭᠤᠯᠤᠨ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠮᠡᠳᠡᠯᠭᠡ ᠶᠢ ᠲᠦᠭᠡᠮᠡᠯᠵᠢᠭᠦᠯᠦᠨ ᠳᠡᠯᠭᠡᠷᠡᠭᠦᠯᠦᠨ᠎ᠡ᠃ ᠶᠡᠭᠡ ᠲᠠᠯ᠎ᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠵᠦ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠪᠣᠯᠤᠨ ᠰᠣᠶᠣᠯ ᠤᠨ ᠡᠭᠦᠳᠦᠯᠲᠡ᠂ ᠵᠢᠭᠤᠯᠴᠢᠯᠠᠯ ᠵᠡᠷᠭᠡ ᠠᠵᠤ ᠦᠢᠯᠡᠰ ᠤᠨ ᠰᠢᠨ᠎ᠡ ᠶᠢ ᠡᠬᠦᠳᠦᠨ ᠠᠭᠤᠰᠤᠯᠴᠠᠬᠤ ᠢ ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠴᠢᠨᠠᠷᠲᠠᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠬᠦᠭᠵᠢᠯᠳᠡ ᠶᠢ ᠪᠡᠶᠡᠯᠡᠬᠦᠯᠬᠦ ᠶᠢ ᠠᠬᠢᠭᠤᠯᠤᠨ᠎ᠠ᠃        
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号