ᠪᠢᠴᠢᠯ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠪᠣᠷᠣᠭᠠᠨ ᠲᠠᠢ ᠡᠳᠦᠷ ᠭᠠᠳᠠᠭᠰᠢ ᠭᠠᠷᠬᠤ ᠵᠦᠭᠯᠡᠭᠦᠷ ᠢ ᠦᠵᠡᠭᠡᠷᠡᠶ
ᠨᠡᠶᠢᠲᠡᠯᠡᠭᠰᠡᠨ ᠴᠠᠭ᠄
2024/7/25
    ᠣᠶᠢᠷ᠎ᠠ ᠶᠢᠨ ᠬᠤᠭᠤᠴᠠᠭᠠᠨ ᠳᠤ᠂ ᠬᠤᠷ᠎ᠠ ᠲᠣᠨᠣᠳᠠᠰᠤ ᠣᠯᠠᠨ᠂ ᠬᠡᠰᠡᠭ ᠭᠠᠵᠠᠷ ᠣᠷᠣᠨ ᠳᠤ ᠪᠠᠰᠠ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠳᠠᠭᠠᠯᠳᠤᠵᠤ ᠪᠠᠶᠢᠭ᠎ᠠ ᠪᠣᠯᠬᠤᠷ ᠲᠤᠬᠠᠶ ᠶᠢᠨ ᠭᠠᠵᠠᠷ ᠤᠨ ᠬᠢᠨ ᠠᠩᠬᠠᠷᠤᠨ ᠰᠡᠷᠭᠡᠶᠢᠯᠡᠬᠦ ᠬᠡᠷᠡᠭᠲᠡᠶ᠃ ᠬᠠᠮᠲᠤ ᠪᠠᠷ ᠶᠡᠭᠡ ᠪᠣᠷᠣᠭᠠᠨ ᠲᠠᠢ ᠡᠳᠦᠷ ᠭᠠᠳᠠᠭᠰᠢ ᠭᠠᠷᠬᠤ ᠳᠤ ᠶᠠᠮᠠᠷ ᠶᠠᠮᠠᠷ ᠠᠮᠤᠷ ᠲᠦᠪᠰᠢᠨ ᠤ ᠳᠠᠯᠳᠠ ᠬᠡᠮ ᠪᠠᠶᠢᠬᠤ ᠶᠢ ᠣᠶᠢᠯᠠᠭᠠᠵᠤ᠂ ᠬᠡᠷᠬᠢᠨ ᠰᠡᠷᠭᠡᠶᠢᠯᠡᠬᠦ ᠪᠣᠶ︖    1 . ︽ᠬᠥᠮᠦᠨ ᠢᠳᠡᠬᠦ︾ ᠠᠴᠠ ᠬᠢᠴᠢᠶᠡᠭᠡᠷᠡᠶ᠃ ᠪᠣᠷᠣᠭᠠᠨ ᠲᠠᠢ ᠡᠳᠦᠷ ᠭᠠᠳᠠᠭᠰᠢ ᠭᠠᠷᠬᠤ ᠳᠤ ᠪᠠᠨ᠂ ᠭᠠᠵᠠᠷ ᠳᠤᠤᠷᠠᠬᠢ ᠤᠰᠤᠨ ᠵᠠᠮ᠂ ᠪᠣᠬᠢᠷ ᠤᠰᠤ ᠭᠠᠳᠠᠭᠰᠢᠯᠠᠭᠤᠯᠬᠤ ᠬᠤᠳᠳᠤᠭ ᠵᠡᠷᠭᠡ ᠶᠢᠨ ᠭᠦᠨ ᠨᠦᠬᠡ ᠶᠢ ᠠᠩᠬᠠᠷᠬᠤ ᠬᠡᠷᠡᠭᠲᠡᠶ᠂ ᠬᠡᠷᠪᠡ ᠵᠠᠮ ᠳᠡᠭᠡᠷ᠎ᠡ ᠬᠤᠶᠢᠯᠠᠷᠠᠭ᠎ᠠ ᠪᠠᠶᠢᠬᠤ ᠶᠢ ᠣᠯᠵᠤ ᠮᠡᠳᠡᠪᠡᠯ ᠵᠠᠪᠠᠯ ᠲᠣᠭᠤᠷᠢᠵᠤ ᠶᠠᠪᠤᠬᠤ ᠬᠡᠷᠡᠭᠲᠡᠶ᠂ ᠪᠠᠰᠠ ᠵᠠᠮ ᠳᠡᠭᠡᠷᠡᠬᠢ ᠣᠨᠴᠠᠭᠠᠶ ᠲᠡᠮᠳᠡᠭ ᠢ ᠠᠩᠬᠠᠷᠬᠤ ᠬᠡᠷᠡᠭᠲᠡᠶ᠂ ᠡᠲᠡᠭᠡᠷ ᠠᠶᠤᠯᠲᠤ ᠪᠠᠶᠢᠳᠠᠯ ᠢ ᠣᠯᠵᠤ ᠮᠡᠳᠡᠭᠰᠡᠨ ᠤ ᠳᠠᠷᠠᠭ᠎ᠠ ᠨᠠᠰᠢ ᠴᠠᠰᠢ ᠥᠩᠭᠡᠷᠡᠬᠦ ᠬᠥᠮᠦᠨ ᠪᠠ ᠲᠡᠷᠭᠡ ᠬᠥᠰᠬᠡ ᠳᠤ ᠪᠣᠯᠭᠤᠮᠵᠢᠲᠠᠶ ᠪᠠᠶᠢᠬᠤ ᠶᠢ ᠰᠠᠨᠠᠭᠤᠯᠬᠤ ᠲᠡᠮᠳᠡᠭ ᠲᠠᠯᠪᠢᠬᠤ ᠬᠡᠷᠡᠭᠲᠡᠢ᠃    2 . ᠴᠠᠬᠢᠯᠭᠠᠨ ᠬᠦᠴᠦᠨ ᠤ ᠲᠥᠬᠦᠭᠡᠷᠦᠮᠵᠢ ᠠᠴᠠ ᠬᠤᠯᠠ ᠪᠠᠶᠢᠵᠤ᠂ ᠴᠠᠬᠢᠯᠭᠠᠨ ᠳᠤ ᠴᠣᠬᠢᠭᠳᠠᠵᠤ ᠭᠡᠮᠲᠦᠬᠦ ᠠᠴᠠ ᠵᠠᠶᠢᠯᠠᠰᠬᠢᠨ᠎ᠡ᠃ ᠬᠡᠷᠪᠡ ᠵᠠᠮ ᠤᠨ ᠭᠠᠳᠠᠷᠭᠤ ᠳᠤ ᠤᠰᠤ ᠬᠤᠷᠠᠪᠠᠯ᠂ ᠴᠠᠬᠢᠯᠭᠠᠨ ᠤᠲᠠᠰᠤᠨ ᠪᠠᠭᠠᠨ᠎ᠠ᠂ ᠵᠠᠮ ᠤᠨ ᠳ᠋ᠧᠩ ᠤᠨ ᠪᠠᠭᠠᠨ᠎ᠠ ᠪᠣᠯᠤᠨ ᠪᠤᠰᠤᠳ ᠴᠠᠬᠢᠯᠭᠠᠨ ᠬᠦᠴᠦᠨ ᠤ ᠲᠥᠬᠦᠭᠡᠷᠦᠮᠵᠢ ᠠᠴᠠ ᠬᠤᠯᠠ ᠵᠠᠶᠢᠳᠠᠭᠤ ᠪᠠᠶᠢᠵᠤ᠂ ᠴᠠᠬᠢᠯᠭᠠᠨ ᠬᠡᠯᠬᠢᠶ᠎ᠡ ᠬᠥᠭᠡᠰᠦ ᠭᠠᠷᠤᠭᠰᠠᠨ ᠤ ᠳᠠᠷᠠᠭ᠎ᠠ ᠴᠠᠬᠢᠯᠭᠠᠨ ᠠᠯᠳᠠᠬᠤ ᠠᠴᠠ ᠰᠡᠷᠭᠡᠶᠢᠯᠡᠬᠦ ᠬᠡᠷᠡᠭᠲᠡᠶ᠃ ᠬᠡᠷᠪᠡ ᠴᠠᠬᠢᠯᠭᠠᠨ ᠤᠲᠠᠰᠤ ᠤᠰᠤᠨ ᠳᠣᠲᠣᠷ᠎ᠠ ᠲᠠᠰᠤᠷᠠᠭᠰᠠᠨ ᠢ ᠣᠯᠵᠤ ᠮᠡᠳᠡᠪᠡᠯ᠂ ᠬᠠᠯᠳᠠᠵᠤ ᠪᠣᠯᠬᠤ ᠦᠭᠡᠢ᠂ ᠳᠠᠷᠤᠢ ᠲᠦᠷᠭᠡᠨ ᠡᠷᠭᠢᠨ ᠲᠣᠭᠤᠷᠢᠨ ᠳᠤ ᠨᠢ ᠲᠡᠮᠳᠡᠭ ᠲᠠᠯᠪᠢᠵᠤ᠂ ᠴᠠᠭ ᠲᠤᠬᠠᠢ ᠳᠤᠨᠢ ᠴᠠᠬᠢᠯᠭᠠᠨ ᠬᠠᠩᠭᠠᠬᠤ ᠺᠣᠮᠫᠠᠨᠢ ᠳᠤ ᠮᠡᠳᠡᠭᠳᠡᠵᠦ ᠰᠢᠢᠳᠪᠦᠷᠢᠯᠡᠭᠦᠯᠬᠦ ᠬᠡᠷᠡᠭᠲᠡᠢ᠃    3 . ᠶᠠᠪᠠᠭᠠᠨ ᠬᠥᠮᠦᠨ ᠤ ᠠᠩᠬᠠᠷᠬᠤ ᠵᠦᠢᠯ    ᠶᠡᠭᠡ ᠪᠣᠷᠣᠭᠠᠨ ᠲᠠᠢ ᠡᠳᠦᠷ ᠦᠷᠭᠦᠯᠵᠢ ᠪᠠᠰᠠ ᠶᠡᠭᠡ ᠰᠠᠯᠬᠢ ᠲᠠᠢ ᠴᠠᠭ ᠠᠭᠤᠷ ᠳᠠᠭᠠᠯᠳᠤᠳᠠᠭ᠂ ᠡᠨᠡ ᠦᠶ᠎ᠡ ᠳᠤ ᠠᠯᠢ ᠴᠢᠳᠠᠬᠤ ᠪᠠᠷ ᠭᠠᠳᠠᠭᠰᠢ ᠭᠠᠷᠴᠤ ᠪᠣᠯᠬᠤ ᠥᠬᠡᠶ᠂ ᠬᠡᠷᠪᠡ ᠭᠠᠳᠠᠭᠰᠢ ᠭᠠᠷᠬᠤ ᠴᠢᠬᠤᠯᠠᠲᠠᠶ ᠪᠣᠯ ᠵᠠᠷ ᠤᠨ ᠫᠠᠶᠢᠰᠠ᠂ ᠠᠵᠢᠯᠴᠢᠨ ᠤ ᠰᠠᠷᠠᠪᠴᠢ ᠵᠡᠷᠭᠡ ᠲᠦᠷ ᠴᠠᠭ ᠤᠨ ᠪᠠᠷᠢᠯᠭ᠎ᠠ ᠠᠴᠠ ᠬᠤᠯᠠ ᠵᠠᠶᠢᠳᠠᠵᠤ᠂ ᠤᠨᠠᠵᠤ ᠢᠷᠡᠬᠦ ᠠᠴᠠ ᠰᠡᠷᠭᠡᠶᠢᠯᠡᠬᠦ ᠬᠡᠷᠡᠭᠲᠡᠶ᠃ ᠡᠭᠦᠨ ᠠᠴᠠ ᠭᠠᠳᠠᠨ᠎ᠠ᠂ ᠰᠢᠬᠦᠷ᠂ ᠴᠤᠪᠠ ᠪᠠᠷ ᠬᠠᠷᠠᠭ᠎ᠠ ᠪᠠᠨ ᠬᠠᠯᠬᠠᠯᠠᠵᠤ ᠪᠣᠯᠬᠤ ᠦᠭᠡᠢ᠂ ᠲᠡᠷᠭᠡ ᠲᠠᠢ ᠮᠥᠷᠭᠦᠯᠳᠦᠬᠦ ᠠᠴᠠ ᠰᠡᠷᠭᠡᠶᠢᠯᠡᠬᠦ ᠬᠡᠷᠡᠭᠲᠡᠶ᠃ ᠬᠡᠷᠪᠡ ᠠᠶᠤᠩᠭᠠᠲᠤ ᠪᠣᠷᠣᠭᠠᠨ ᠲᠠᠢ ᠡᠳᠦᠷ ᠲᠣᠬᠢᠶᠠᠯᠳᠤᠪᠠᠯ᠂ ᠬᠡᠭᠡᠷ᠎ᠡ ᠭᠠᠳᠠᠨ᠎ᠠ᠂ ᠤᠰᠤᠨ ᠲᠠᠲᠠᠭᠠᠯ ᠢᠶᠠᠷ ᠶᠠᠪᠤᠵᠤ ᠪᠣᠯᠬᠤ ᠦᠭᠡᠢ᠂ ᠨᠡᠩ ᠴᠤ ᠭᠡᠷ ᠤᠨ ᠭᠠᠳᠠᠨ᠎ᠠ ᠤᠲᠠᠰᠤ ᠲᠤᠰᠴᠤ ᠪᠣᠯᠬᠤ ᠦᠭᠡᠢ᠃    4 . ᠲᠡᠷᠭᠡ ᠵᠢᠯᠣᠭᠤᠳᠬᠤ ᠳᠤ ᠠᠩᠬᠠᠷᠬᠤ ᠵᠦᠢᠯ    ᠪᠣᠷᠣᠭᠠᠨ ᠲᠠᠢ ᠡᠳᠦᠷ ᠲᠡᠷᠭᠡ ᠵᠢᠯᠣᠭᠤᠳᠬᠤ ᠳᠤ ᠵᠠᠮ ᠳᠡᠭᠡᠷᠡᠬᠢ ᠶᠠᠪᠠᠭᠠᠨ ᠬᠥᠮᠦᠨ᠂ ᠳᠤᠭᠤᠶ ᠲᠡᠷᠭᠡ ᠶᠢ ᠣᠨᠴᠠᠭᠠᠢ ᠠᠩᠬᠠᠷᠬᠤ ᠬᠡᠷᠡᠭᠲᠡᠶ᠃ ᠶᠠᠪᠠᠭᠠᠨ ᠬᠥᠮᠦᠨ ᠲᠠᠢ ᠲᠠᠭᠠᠷᠠᠯᠳᠤᠪᠠᠯ᠂ ᠤᠷᠢᠳᠴᠢᠯᠠᠨ ᠬᠤᠷᠳᠤᠴᠠ ᠪᠠᠨ ᠪᠠᠭᠠᠰᠬᠠᠵᠤ ᠤᠳᠠᠭᠠᠨ ᠶᠠᠪᠤᠵᠤ᠂ ᠢᠯᠡᠭᠦᠦ ᠪᠦᠷᠢᠶ᠎ᠡ ᠳᠤᠤᠭᠠᠷᠭᠠᠵᠤ᠂ ᠲᠡᠰᠪᠦᠷᠢᠲᠡᠶ ᠨᠠᠶᠢᠷ ᠲᠠᠯᠪᠢᠬᠤ ᠬᠡᠷᠡᠭᠲᠡᠶ᠃ ᠰᠥᠨᠢ ᠶᠢᠨ ᠪᠣᠷᠣᠭᠠᠨ ᠳᠤ ᠲᠡᠷᠭᠡ ᠵᠢᠯᠣᠭᠤᠳᠬᠤ ᠦᠶ᠎ᠡ ᠳᠤ᠂ ᠭᠠᠵᠠᠷ ᠤᠨ ᠭᠠᠳᠠᠷᠭᠤ ᠳᠤ ᠤᠰᠤ ᠬᠤᠷᠠᠪᠠᠯ ᠬᠡᠷᠡᠯ ᠤᠨ ᠱᠤᠭᠤᠮ ᠢ ᠤᠶᠢᠯᠤᠭᠤᠯᠳᠠᠠᠭ᠂ ᠬᠤᠯᠠ ᠣᠶᠢᠷ᠎ᠠ ᠳ᠋ᠧᠩ ᠤᠨ ᠬᠡᠷᠡᠯ ᠢ ᠵᠣᠬᠢᠰᠲᠠᠶ ᠰᠣᠯᠢᠬᠤ ᠨᠢ ᠡᠮᠦᠨᠡᠬᠢ ᠬᠠᠷᠰᠢ ᠰᠠᠭᠠᠳ ᠢ ᠴᠠᠭ ᠲᠤᠬᠠᠶ ᠳᠤᠨᠢ ᠢᠯᠡᠷᠡᠭᠦᠯᠬᠦ ᠳᠤ ᠠᠰᠢᠭᠲᠠᠶ ᠪᠠᠶᠢᠳᠠᠭ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号