ᠪᠠᠶᠠᠨᠨᠠᠭᠤᠷ ᠬᠤᠳᠠ ᠶᠢᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢᠨ ᠲᠠᠰᠢᠷᠠᠮ ᠢᠶᠠᠷ ︽ᠲᠠᠪᠤᠨ ᠨᠡᠶᠢᠬᠡᠮ | ᠬᠤᠯᠪᠤᠭᠠᠯᠠᠨ ᠬᠥᠳᠡᠯᠦᠯᠴᠡᠬᠦ︾ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠦᠷᠦᠯ ᠵᠦᠢᠯ᠂ ︽7 · 1︾ ᠢ | ᠪᠡᠯᠭᠡᠯᠡᠬᠦ ᠪᠠᠶᠠᠯᠢᠭ ᠰᠠᠶᠢᠬᠠᠨ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠠᠵᠢᠯᠲᠠᠳ ᠤᠨ ᠰᠠᠶᠢᠨ ᠳᠤᠷ᠎ᠠ ᠶᠢᠨ | ᠦᠢᠯᠡᠴᠢᠯᠡᠭᠡ᠂ ᠭᠤᠣᠯ ᠰᠡᠳᠦᠪᠲᠦ ᠠᠵᠢᠯᠯᠠᠭ᠎ᠠ᠂ ᠬᠠᠯᠠᠮᠵᠢ ᠲᠠᠢ ᠲᠤᠳᠤᠨᠤ ᠲᠤᠰᠬᠠᠢ ᠮᠡᠷᠭᠡᠵᠢᠯ ᠤᠨ | ᠦᠢᠯᠡᠴᠢᠯᠡᠭᠡ ᠪᠠᠷ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ | ᠲᠠᠶᠢᠯᠪᠤᠷᠢᠯᠠᠪᠠ᠃ | ︽ᠥᠷᠥᠰᠢᠶᠡᠯ ᠬᠠᠶᠢᠷ᠎ᠠ︾ ᠨᠡᠶᠢᠭᠡᠮ ᠤᠨ ᠠᠵᠢᠯ ᠦᠢᠯᠡᠴᠢᠯᠡᠭᠡ ᠶᠢᠨ ᠲᠥᠪ ᠤᠨ ᠬᠢᠨ ᠪᠠᠶᠠᠨᠨᠠᠭᠤᠷ | ᠬᠤᠳᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠪᠣᠯᠤᠨ ᠪᠠᠶᠠᠨᠨᠠᠭᠤᠷ ᠬᠤᠳᠠ ᠶᠢᠨ ᠰᠢᠭᠤᠳ | ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ ᠤᠨ ᠬᠢᠨ ᠲᠠᠢ ᠬᠠᠮᠳᠤᠷᠠᠠ ᠵᠤᠬᠢᠶᠠᠨ ᠪᠠᠶᠢᠭᠤᠯᠤᠬᠰᠠᠨ ︽ | ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ︿7 · 1﹀ ᠪᠡᠯᠬᠡᠯᠡᠬᠦ | ᠬᠠᠮᠳᠤ ᠪᠠᠷ ᠪᠦᠳᠦᠬᠡᠨ ᠪᠠᠶᠢᠭᠤᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠳᠡᠢ | ᠤᠷᠤᠯᠴᠠᠪᠠ᠃ ᠬᠥᠳᠡᠯᠭᠡᠭᠡᠨ ᠤ ᠲᠤᠬᠠᠢ ᠶᠢᠨ ᠲᠠᠯᠠᠪᠠᠢ ᠳᠤ ᠨᠡᠶᠢᠭᠡᠮ ᠤᠨ ᠠᠵᠢᠯᠲᠠᠳ ᠪᠠᠴᠢᠮ ᠢ ᠠᠷᠭᠠᠴᠠᠭᠠᠬᠤ | ᠪᠣᠯᠪᠠᠰᠤᠷᠠᠯ ᠢ ᠥᠷᠨᠢᠭᠦᠯᠵᠦ᠂ ᠲᠤᠰᠬᠠᠢ ᠮᠡᠷᠭᠡᠵᠢᠯ ᠤᠨ ᠮᠡᠳᠡᠯᠭᠡ ᠪᠣᠯᠤᠨ ᠪᠣᠯᠪᠠᠰᠤᠷᠠᠩᠭᠤᠢ ᠮᠡᠷᠭᠡᠵᠢᠯ ᠢᠶᠠᠷ ᠢᠶᠠᠨ | ᠪᠠᠴᠢᠮ ᠠᠪᠤᠷᠠᠯᠲᠠ ᠶᠢᠨ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠨᠠᠮ ᠤᠨ ᠲᠦᠷᠦᠭᠰᠡᠨ ᠡᠳᠤᠷ ᠢ ᠲᠤᠬᠢᠶᠠᠯᠳᠤᠭᠤᠯᠤᠨ | ᠬᠦᠮᠦᠰ ᠤᠨ ᠣᠯᠠᠨ ᠨᠡᠶᠢᠲᠡ ᠶᠢᠨ ᠠᠶᠤᠯ ᠦᠬᠡᠢ ᠶᠢᠨ ᠤᠬᠠᠮᠰᠠᠷ ᠪᠠ ᠥᠪᠡᠷ ᠢ ᠪᠠᠨ ᠠᠪᠤᠷᠬᠠᠤ ᠬᠠᠷᠢᠯᠴᠠᠨ | ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠪᠡ᠃ | ᠤᠷᠠᠳ ᠤᠨ ᠳᠤᠮᠳᠠᠳᠤ ᠬᠤᠰᠢᠭᠤᠨ ᠤ ᠬᠠᠯᠢᠭᠤᠲᠤ ᠪᠠᠯᠭᠠᠰᠤᠨ ᠤ ᠨᠡᠶᠢᠬᠡᠮ ᠤᠨ ᠠᠵᠢᠯ ᠤᠨ | ᠥᠷᠲᠡᠭᠡᠨ ᠤ ᠬᠢᠨ ︽ᠨᠤᠲᠤᠭ ᠢᠶᠠᠨ ᠬᠠᠶᠢᠷᠠᠯᠠᠵᠤ ᠤᠷᠠᠳ ᠤᠨ ᠳᠤᠮᠳᠠᠳᠤ ᠬᠤᠰᠢᠭᠤ ᠪᠠᠨ ᠮᠠᠨᠳᠤᠭᠤᠯᠤᠨ᠂ ︿7 · | 1﹀ ᠢ ᠬᠦᠷᠰᠢ ᠶᠢᠨ ᠬᠢᠨ ᠲᠠᠢ ᠪᠠᠨ ᠡᠶ᠎ᠡ ᠨᠠᠶᠢᠷᠳᠠᠢ ᠤᠬᠳᠤᠶ᠎ᠠ︾ ᠪᠠᠶᠠᠷ ᠤᠨ ᠡᠳᠤᠷ ᠤᠨ ᠭᠤᠣᠯ ᠰᠡᠳᠦᠪᠲᠦ | ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠤᠷᠢᠭ᠂ ᠬᠤᠲᠠ ᠶᠢᠨ | ᠪᠣᠯᠪᠠᠰᠤᠨ ᠳᠤ ᠤᠷᠤᠯᠴᠠᠬᠤ ᠪᠠᠷ ᠨᠡᠷ᠎ᠡ ᠮᠡᠳᠡᠬᠦᠯᠬᠦ ᠲᠤᠭᠤᠷᠢᠭ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠲᠣᠭᠤᠷᠢᠭ᠂ ᠰᠣᠨᠢᠷᠬᠠᠯᠲᠤ ᠠᠵᠢᠯᠯᠠᠭᠠᠨ ᠤ ᠲᠣᠭᠤᠷᠢᠭ᠂ ᠦᠢᠯᠡᠳᠭᠦᠨ ᠤ ᠪᠣᠷᠣᠯᠠᠭᠤᠯᠭ᠎ᠠ ᠶᠢ ᠠᠬᠢᠭᠤᠯᠬᠤ | ᠲᠣᠭᠤᠷᠢᠭ ᠵᠡᠷᠭᠡ ᠲᠠᠪᠤᠨ ᠲᠣᠭᠤᠷᠢᠭ ᠭᠠᠷᠭᠠᠵᠠᠶ᠃ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠤᠷᠢᠭ ᠤᠨ ᠬᠢᠨ | ᠰᠠᠭᠤᠭᠠᠯᠢ ᠠᠷᠠᠳ ᠲᠤ ᠰᠦᠢᠳᠬᠡᠯ ᠦᠯᠦ ᠬᠤᠷᠢᠶᠠᠬᠤ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠪᠠ᠃ | ᠬᠤᠲᠠ ᠶᠢᠨ ᠪᠣᠯᠪᠠᠰᠤᠨ ᠳᠤ ᠤᠷᠤᠯᠴᠠᠬᠤ ᠪᠠᠷ ᠨᠡᠷ᠎ᠡ ᠮᠡᠳᠡᠬᠦᠯᠬᠦ ᠲᠤᠭᠤᠷᠢᠭ ᠲᠤ ᠪᠣᠯᠪᠠᠰᠤᠨ ᠬᠡᠷ ᠪᠦᠯᠢ᠂ ᠶᠣᠰᠣ | ᠰᠤᠷᠲᠠᠬᠤᠨ ᠤ ᠵᠢᠱᠢᠶᠡᠴᠢ ᠵᠡᠷᠭᠡ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠵᠤ᠂ ᠪᠣᠯᠪᠠᠰᠤᠨ ᠵᠠᠮ ᠬᠠᠷᠢᠯᠴᠠᠭ᠎ᠠ | ᠂ ᠪᠣᠯᠪᠠᠰᠤᠨ ᠵᠢᠭᠤᠯᠴᠢᠯᠠᠯ᠂ ᠪᠣᠯᠪᠠᠰᠤᠨ ᠢᠶᠠᠷ ᠨᠣᠬᠠᠶ ᠲᠡᠵᠢᠭᠡᠬᠦ᠂ ᠪᠣᠯᠪᠠᠰᠤᠨ ᠬᠤᠭᠤᠯᠠᠨ ᠰᠢᠷᠡᠭᠡ ᠵᠡᠷᠭᠡ | ᠪᠣᠯᠪᠠᠰᠤᠨ ᠶᠣᠰᠣᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠵᠤ᠂ ᠰᠠᠭᠤᠭᠠᠯᠢ ᠠᠷᠠᠳ ᠤᠨ | ᠪᠣᠯᠪᠠᠰᠤᠨ ᠢᠶᠠᠷ ᠠᠶᠠᠯᠠᠬᠤ ᠲᠡᠶᠢᠰᠢ ᠲᠠᠶᠢᠴᠢᠯᠠᠵᠤ᠂ ᠰᠠᠭᠤᠭᠠᠯᠢ ᠠᠷᠠᠳ ᠤᠨ ᠪᠣᠯᠪᠠᠰᠤᠨ ᠦᠢᠯᠡ ᠠᠵᠢᠯᠯᠠᠭ᠎ᠠ ᠶᠢ | ᠰᠠᠨᠠᠭᠠᠴᠢᠯᠠᠨ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠣᠶ ᠪᠣᠯᠭᠠᠪᠠ᠃ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠲᠣᠭᠤᠷᠢᠭ ᠨᠢ ᠰᠠᠭᠤᠭᠠᠯᠢ ᠠᠷᠠᠳ ᠲᠤ ᠨᠡᠶᠢᠭᠡᠮ ᠤᠨ ᠪᠠᠲᠤᠯᠠᠭ᠎ᠠ᠂ ᠮᠡᠬᠡᠯᠡᠯ ᠢ | ᠡᠰᠡᠷᠭᠦᠴᠡᠬᠦ᠂ ᠠᠵᠢᠯ ᠣᠯᠭᠤᠯᠲᠠ ᠶᠢᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠬᠠᠩᠭᠠᠬᠤ ᠶᠢᠨ ᠬᠠᠮᠲᠤ ᠴᠡᠷᠢᠭ ᠲᠤ | ᠡᠯᠰᠡᠬᠦᠯᠬᠦ᠂ ᠭᠠᠵᠢᠭᠤ ᠨᠣᠮᠯᠠᠯ ᠢ ᠡᠰᠡᠷᠭᠦᠴᠡᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠰᠢᠲᠠᠮᠠᠬᠠᠶ ᠬᠡᠶ ᠶᠢᠨ | ᠠᠶᠤᠯ ᠦᠬᠡᠢ ᠵᠡᠷᠭᠡ ᠮᠡᠳᠡᠯᠭᠡ ᠶᠢ ᠤᠬᠠᠭᠤᠯᠪᠠ᠃ ᠰᠣᠨᠢᠷᠬᠠᠯᠲᠤ ᠬᠥᠳᠡᠯᠭᠡᠭᠡᠨ ᠤ ᠲᠣᠭᠤᠷᠢᠭ ᠲᠤ ᠭᠠᠷᠠᠬ᠎ᠠ ᠬᠠᠶᠠᠬᠤ | ᠂ ᠱᠠᠩᠨᠠᠯ ᠲᠠᠢ ᠠᠰᠠᠭᠤᠯᠲᠠ ᠬᠠᠷᠢᠭᠤᠯᠲᠠ᠂ ᠳᠡᠪᠦᠷ᠎ᠡ ᠬᠠᠶᠠᠬᠤ ᠤᠷᠤᠯᠳᠤᠭᠠᠨ ᠪᠠ ᠲᠥᠷᠥᠯ ᠬᠤᠪᠢᠶᠠᠨ ᠬᠤᠭ | ᠨᠣᠪᠰᠢ ᠬᠠᠶᠠᠬᠤ ᠵᠡᠷᠭᠡ ᠶᠢ ᠪᠠᠭᠲᠠᠭᠠᠭᠰᠠᠨ ᠠᠯᠢ ᠣᠯᠠᠨ ᠪᠠᠶᠠᠯᠢᠭ ᠰᠠᠶᠢᠬᠠᠨ ᠲᠣᠭᠯᠠᠭᠠᠮ ᠤᠳ ᠢ ᠨᠠᠷᠢᠨ ᠨᠢᠮᠪᠠᠶ | ᠤᠬᠠᠭᠠᠯᠠᠨ ᠰᠡᠳᠦᠭᠰᠡᠨ ᠪᠠᠶᠢᠨ᠎ᠠ᠃ ᠠᠵᠢᠯᠯᠠᠭ᠎ᠠ ᠨᠢ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠰᠠᠭᠤᠭᠠᠯᠢ ᠠᠷᠠᠳ ᠤᠨ ᠪᠣᠯᠪᠠᠰᠤᠨ ᠤ ᠲᠤᠬᠠᠢ ᠤᠬᠠᠮᠰᠠᠷ ᠪᠠ ᠨᠡᠶᠢᠭᠡᠮ ᠤᠨ ᠬᠠᠷᠢᠭᠤᠴᠠᠯᠭᠠᠲᠤ | ᠰᠡᠳᠬᠢᠯᠭᠡ ᠶᠢ ᠤᠯᠠᠮ ᠴᠢᠩᠭᠠᠳᠬᠠᠪᠠ᠃ | |