ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠬᠦ ᠳᠥᠷᠪᠡᠳᠦᠭᠡᠷ ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2024/7/29
    7 ᠳ᠋ᠤᠭᠠᠷ ᠰᠠᠷ᠎ᠠ ᠶᠢᠨ 25 ᠤ ᠡᠳᠦᠷ ᠤᠨ 10 ᠴᠠᠭ ᠲᠤ᠂ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤ ᠤᠰᠤᠨ ᠤ ᠡᠬᠢ ᠪᠠᠶᠠᠯᠢᠭ ᠤᠨ ᠲᠥᠪ ᠢ ᠵᠣᠬᠢᠶᠠᠨ ᠪᠠᠶᠢᠭᠤᠯᠵᠤ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠥᠩᠯᠢᠶᠦᠥ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠲᠠᠢ ᠸᠢᠳᠢᠣ᠋ ᠪᠠᠷ ᠬᠤᠯᠪᠣᠨ ᠬᠤᠷᠠᠯ ᠬᠤᠷᠠᠯᠳᠤᠭᠤᠯᠵᠤ ᠰᠤᠳᠤᠯᠤᠨ ᠮᠠᠭᠠᠳᠯᠠᠵᠤ᠂ ᠣᠳᠣᠬᠠᠨ ᠤ ᠦᠶᠡᠷ ᠢ ᠰᠡᠷᠭᠡᠶᠢᠯᠡᠵᠦ ᠪᠠᠶᠢᠭ᠎ᠠ ᠪᠠᠶᠢᠳᠠᠯ ᠢ ᠵᠠᠳᠠᠯᠵᠤ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠵᠢᠨᠳᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠴᠠᠭ ᠠᠭᠤᠷ ᠤᠨ ᠰᠠᠯᠠᠭ᠎ᠠ ᠮᠥᠴᠢᠷ ᠤᠨ ᠲᠥᠰᠦᠭᠡᠯᠡᠭᠰᠡᠨ ᠢᠶᠠᠷ᠂ 7 ᠳ᠋ᠤᠭᠠᠷ ᠰᠠᠷ᠎ᠠ ᠶᠢᠨ 24 ᠤ ᠡᠳᠦᠷ ᠠᠴᠠ 31 ᠤ ᠡᠳᠦᠷ ᠪᠣᠯᠲᠠᠯ᠎ᠠ ᠮᠠᠨ ᠤ ᠣᠷᠣᠨ ᠤ ᠳᠤᠮᠳᠠ ᠬᠡᠰᠡᠭ ᠤᠨ ᠵᠡᠭᠦᠨ ᠬᠡᠰᠡᠭ ᠪᠠ ᠵᠡᠭᠦᠨ ᠬᠡᠰᠡᠭ ᠤᠨ ᠶᠡᠬᠡᠩᠬᠢ ᠭᠠᠵᠠᠷ ᠣᠷᠣᠨ ᠳᠤ ᠢᠯᠡᠳᠲᠡ ᠬᠤᠷ᠎ᠠ ᠲᠤᠨᠳᠠᠰᠤ ᠲᠠᠢ ᠪᠣᠯᠤᠨ᠎ᠠ᠂ ᠰᠤᠳᠤᠯᠤᠨ ᠮᠠᠭᠠᠳᠯᠠᠬᠤ ᠪᠠᠷ ᠳᠡᠮᠵᠢᠨ᠂ ᠲᠣᠰ ᠡᠭᠡᠯᠵᠢ ᠶᠢᠨ ᠶᠠᠪᠤᠴᠠ ᠳᠤ ᠬᠤᠷ᠎ᠠ ᠲᠤᠨᠳᠠᠰᠤ ᠶᠢᠨ ᠬᠡᠮᠵᠢᠶ᠎ᠡ ᠨᠡᠯᠢᠶᠡᠳ ᠶᠡᠭᠡ ᠮᠥᠷᠲᠡᠭᠡᠨ ᠡᠮᠦᠨᠡᠬᠢ ᠬᠤᠭᠤᠴᠠᠭᠠᠨ ᠤ ᠬᠤᠷ᠎ᠠ ᠲᠤᠨᠳᠠᠰᠤ ᠪᠠᠭᠤᠭᠰᠠᠨ ᠣᠷᠣᠨ ᠲᠠᠢ ᠳᠠᠪᠬᠤᠴᠠᠵᠤ᠂ ᠵᠣᠬᠢᠬᠤ ᠬᠡᠮᠵᠢᠶᠡᠨ ᠤ ᠭᠠᠮᠰᠢᠭ ᠡᠭᠦᠰᠭᠡᠬᠦ ᠲᠦᠭᠰᠢᠭᠦᠷᠢ ᠲᠠᠢ ᠪᠠᠶᠢᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠢ ᠦᠨᠳᠦᠰᠦᠯᠡᠨ᠂ ᠵᠥᠪᠳᠡᠯᠴᠡᠬᠦ ᠪᠠᠷ ᠳᠡᠮᠵᠢᠨ᠂ 2024 ᠣᠨ ᠤ 7 ᠳ᠋ᠤᠭᠠᠷ ᠰᠠᠷ᠎ᠠ ᠶᠢᠨ 25 ᠤ ᠡᠳᠦᠷ ᠤᠨ 10 ᠴᠠᠭ ᠲᠤ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂  ᠲᠥᠩᠯᠢᠶᠦᠥ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ ᠲᠤ ᠴᠢᠭᠯᠡᠭᠦᠯᠦᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠬᠦ ᠳᠥᠷᠪᠡᠳᠦᠭᠡᠷ ᠳᠡᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠪᠠ ᠰᠢᠷᠦᠭᠦᠨ ᠪᠣᠷᠣᠭᠠᠨ ᠤ ᠴᠠᠭ ᠠᠭᠤᠷ ᠤᠨ ᠭᠠᠮᠰᠢᠭ ᠤᠨ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢᠨ ᠵᠠᠷᠯᠢᠭ ᠢ ᠡᠬᠢᠯᠡᠭᠦᠯᠬᠦ ᠪᠠᠷ ᠲᠣᠭᠲᠠᠪᠠ᠃    ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠣᠰᠣᠭᠠᠷ᠂ ᠭᠤᠤᠯᠳᠠᠯᠭ᠎ᠠ ᠲᠠᠢ ᠭᠠᠵᠠᠷ ᠣᠷᠣᠨ᠂ ᠵᠠᠩᠭᠢᠯᠠᠭ᠎ᠠ ᠶᠢᠨ ᠭᠤᠭᠴᠤᠭ᠎ᠠ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ ᠂ ᠣᠳᠣᠬᠠᠨ ᠤ ᠦᠶᠡᠷ ᠢ ᠰᠡᠷᠭᠡᠶᠢᠯᠡᠵᠦ ᠠᠶᠤᠯ ᠭᠠᠮᠰᠢᠭ ᠠᠴᠠ ᠠᠪᠤᠷᠬᠠᠤ ᠡᠯ᠎ᠡ ᠵᠦᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠪᠠᠷ ᠰᠠᠶᠢᠲᠤᠷ ᠬᠢᠬᠦ ᠬᠡᠷᠡᠭᠲᠡᠶ᠃    ᠬᠤᠷᠠᠯ ᠠᠴᠠ᠂ ᠡᠯ᠎ᠡ ᠱᠠᠲᠤᠨ ᠤ ᠰᠡᠷᠭᠡᠶᠢᠯᠡᠬᠦ ᠠᠯᠪᠠᠨ ᠬᠡᠷ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠦᠨᠡᠨ ᠬᠦ ᠰᠠᠶᠢᠲᠤᠷ ᠪᠠᠳᠠᠷᠠᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠬᠤ ᠶᠢ ᠡᠬᠢᠯᠡᠭᠦᠯᠬᠦ ᠬᠤᠭᠤᠴᠠᠭᠠᠨ ᠳᠤ᠂ ᠪᠠᠶᠢᠳᠠᠯ ᠢ ᠦᠵᠡᠵᠦ ᠪᠠᠶᠢᠭᠠᠳ ᠠᠶᠤᠯ ᠠᠴᠠ ᠠᠪᠤᠷᠠᠨ ᠲᠤᠰᠠᠯᠠᠬᠤ ᠤᠨ ᠪᠠᠷᠠᠭ᠎ᠠ ᠪᠣᠯᠤᠨ ᠡᠩᠨᠡᠭᠡ ᠶᠢ ᠤᠷᠢᠳᠠᠪᠠᠷ ᠪᠠᠶᠢᠷᠢᠯᠠᠭᠤᠯᠵᠤ᠂ ᠬᠡᠰᠡᠭ ᠭᠠᠵᠠᠷ ᠲᠤ ᠰᠢᠷᠦᠭᠦᠨ ᠪᠣᠷᠣᠭᠠᠨ ᠣᠷᠣᠬᠤ ᠳᠤ ᠭᠠᠷᠴᠤ ᠮᠡᠳᠡᠬᠦ ᠠᠭᠤᠯᠠᠨ ᠦᠶᠡᠷ ᠤᠨ ᠭᠠᠮᠰᠢᠭ ᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠠᠶᠤᠯ ᠲᠠᠢ ᠣᠷᠣᠨ ᠤ ᠬᠥᠮᠦᠰ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠰᠢᠯᠵᠢᠭᠦᠯᠵᠦ ᠠᠶᠤᠯ ᠠᠴᠠ ᠵᠠᠶᠢᠯᠠᠭᠤᠯᠬᠤ ᠬᠡᠷᠡᠭᠲᠡᠶ︔ ᠠᠭᠤᠯᠠᠨ ᠦᠶᠡᠷ ᠤᠨ ᠭᠤᠤ᠂ ᠠᠶᠤᠯᠲᠠᠶ ᠤᠰᠤ ᠥᠩᠭᠡᠷᠡᠬᠦ ᠵᠠᠮ ᠤᠨ ᠠᠵᠢᠯᠯᠠᠬᠤ ᠠᠩᠭᠢ ᠶᠢᠨ ᠭᠡᠰᠢᠭᠦᠳ ᠰᠢᠷᠦᠭᠦᠨ ᠪᠣᠷᠣᠭᠠᠨ ᠣᠷᠣᠵᠤ ᠪᠠᠶᠢᠬᠤ ᠬᠤᠭᠤᠴᠠᠭᠠᠨ ᠳᠤ ᠠᠵᠢᠯ ᠤᠨ ᠪᠠᠶᠢᠷᠢ ᠳᠠᠭᠠᠨ ᠬᠦᠷᠴᠦ᠂ ᠴᠠᠭ ᠲᠤᠬᠠᠶ ᠳᠤᠨᠢ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ ᠬᠡᠷᠡᠭᠲᠡᠶ᠃    ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ ᠤᠰᠤᠨ ᠤ ᠪᠠᠶᠢᠳᠠᠯ ᠭᠠᠮᠰᠢᠭ ᠤᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠦᠷᠭᠦᠯᠵᠢᠯᠡᠨ ᠴᠢᠩᠭ᠎ᠠ ᠬᠢᠨᠠᠨ ᠬᠡᠮᠵᠢᠵᠦ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠ ᠵᠢᠯᠣᠭᠤᠳᠤᠨ ᠲᠣᠬᠢᠷᠠᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号