ᠸᠠᠩ ᠰᠢᠶᠠᠩ ᠰᠢ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠪᠣᠯᠤᠨ ᠴᠢᠳᠠᠪᠤᠷᠢ ᠶᠢᠨ ᠣᠳᠣᠬᠢᠴᠢᠯᠠᠯᠲᠠ ᠶᠢ ᠭᠦᠨᠵᠡᠭᠡᠢ ᠠᠬᠢᠭᠤᠯᠵᠤ ᠰᠢᠨ᠎ᠡ ᠠᠶᠠᠯᠠᠯ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ
ᠨᠡᠶᠢᠲᠡᠯᠡᠭᠰᠡᠨ ᠴᠠᠭ᠄
2024/7/30
    7 ᠰᠠᠷ᠎ᠠ ᠶᠢᠨ 26 ᠤ ᠡᠳᠦᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠸᠢᠳᠢᠣ᠋ ᠬᠤᠷᠠᠯ ᠬᠤᠷᠠᠯᠳᠤᠪᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠨᠠᠮ ᠤᠨ ᠬᠤᠷᠢᠶᠠᠨ ᠤ ᠱᠦᠵᠢ᠂ ᠶᠠᠮᠤᠨ ᠤ ᠰᠠᠶᠢᠳ ᠸᠠᠩ ᠰᠢᠶᠠᠩ ᠰᠢ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠡᠷᠡᠰ ᠭᠤᠶᠢᠪᠢᠰᠢ ᠥᠬᠡᠶ ᠥᠨᠳᠥᠷ ᠮᠠᠨᠳᠤᠭᠤᠯᠵᠤ᠂ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠪᠣᠯᠤᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠰᠢᠨ᠎ᠡ ᠠᠶᠠᠯᠠᠯ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠳᠦᠬᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠮᠠᠰᠢ ᠴᠢᠬᠤᠯᠠ ᠬᠤᠷᠠᠯ ᠪᠣᠯᠤᠨ᠎ᠠ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ᠂ ᠴᠢᠬᠤᠯᠠ ᠶᠡᠭᠡ ᠠᠴᠢ ᠬᠤᠯᠪᠣᠭᠳᠠᠯ ᠲᠠᠢ᠂ ᠠᠯᠤᠰ ᠬᠡᠳᠤ ᠶᠢᠨ ᠨᠥᠯᠥᠭᠡ ᠲᠠᠢ ᠬᠤᠷᠠᠯ ᠪᠣᠯᠤᠨ᠎ᠠ᠃ ᠪᠥᠬᠦᠳᠡ ᠬᠤᠷᠠᠯ ᠠᠴᠠ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠤᠬᠠᠶ ᠲᠣᠭᠲᠠᠭᠠᠯ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢ ᠠᠬᠢᠭᠤᠯᠬᠤ ᠭᠤᠤᠯ ᠰᠡᠳᠦᠪ ᠤᠨ ᠲᠣᠭᠤᠷᠢᠨ ᠳᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠥᠰᠦᠪᠯᠡᠵᠦ᠂ ᠲᠡᠦᠬᠡ ᠶᠢᠨ ᠰᠢᠨ᠎ᠡ ᠡᠬᠢᠯᠡᠯᠲᠡ ᠳᠡᠭᠡᠷ᠎ᠡ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠥᠷᠭᠡᠴᠡ ᠪᠠ ᠭᠦᠨᠴᠡ ᠲᠡᠶᠢᠰᠢ ᠤᠷᠤᠭᠰᠢᠯᠠᠬᠤ ᠶᠢ ᠠᠬᠢᠭᠤᠯᠬᠤ ᠪᠠᠰᠠ ᠨᠢᠭᠡ ᠤᠳᠠᠭᠠᠨ ᠤ ᠶᠡᠷᠦᠩᠬᠡᠶ ᠳᠠᠶᠢᠴᠢᠯᠠᠯᠲᠠ ᠮᠥᠨ᠂ ᠶᠡᠷᠦᠩᠬᠡᠶ ᠪᠠᠶᠢᠷᠢᠯᠠᠭᠤᠯᠤᠯᠲᠠ᠂ ᠠᠶᠤᠯ ᠲᠦᠭᠰᠢᠭᠦᠷᠢ ᠶᠢᠨ ᠥᠷᠢᠰᠥᠯᠳᠦᠭᠡᠨ᠂ ᠪᠠᠶᠢᠯᠳᠤᠬᠤ ᠪᠣᠳᠣᠯᠭ᠎ᠠ ᠶᠢᠨ ᠴᠢᠭᠯᠡᠯ ᠤᠨ ᠣᠨᠣᠪᠴᠢᠲᠠᠶ ᠮᠠᠭᠠᠳᠯᠠᠯᠲᠠ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠵᠠᠷᠴᠢᠮ ᠢ ᠢᠯᠡᠷᠡᠭᠦᠯᠪᠡ᠂ ᠶᠡᠷᠦᠩᠬᠡᠶ ᠬᠠᠷᠠᠯᠲᠠ᠂ ᠭᠤᠤᠯ ᠳᠠᠭᠠᠷᠢᠯᠲᠠ ᠶᠢᠨ ᠴᠢᠭᠯᠡᠯ ᠤᠨ ᠭᠦᠨᠵᠡᠭᠡᠶ ᠡᠵᠡᠮᠰᠢᠯ᠂ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠭᠦᠨ ᠪᠣᠳᠣᠯᠭ᠎ᠠ ᠪᠠ ᠡᠷᠡᠰ ᠵᠣᠷᠢᠭ ᠰᠥᠰᠥ ᠶᠢ ᠢᠯᠡᠷᠡᠭᠦᠯᠪᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠭᠤᠤᠯ ᠰᠡᠳᠦᠪ ᠢ ᠭᠦᠨᠵᠡᠭᠡᠶ ᠣᠶᠢᠯᠠᠭᠠᠬᠤ ᠬᠡᠷᠡᠭᠲᠡᠶ᠂ ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠮᠵᠢᠯᠲᠠ ᠲᠠᠢ ᠦᠢᠯᠡᠳᠦᠯᠭᠡ ᠪᠣᠯᠤᠨ ᠠᠭᠤᠤ ᠶᠡᠭᠡ ᠠᠮᠵᠢᠯᠲᠠ ᠪᠦᠲᠦᠮᠵᠢ ᠶᠢ ᠭᠦᠨᠵᠡᠭᠡᠢ ᠣᠶᠢᠯᠠᠭᠠᠬᠤ ᠬᠡᠷᠡᠭᠲᠡᠢ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠵᠠᠷᠴᠢᠮ ᠪᠠ ᠴᠢᠬᠤᠯᠠ ᠶᠡᠭᠡ ᠠᠷᠭ᠎ᠠ ᠬᠡᠮᠵᠢᠶ᠎ᠡ ᠶᠢ ᠭᠦᠨᠵᠡᠭᠡᠶ ᠣᠶᠢᠯᠠᠭᠠᠬᠤ ᠬᠡᠷᠡᠭᠲᠡᠶ᠂ ᠨᠠᠮ ᠤᠨ ᠤᠳᠤᠷᠢᠳᠤᠯᠭ᠎ᠠ ᠶᠢ ᠭᠦᠨᠵᠡᠭᠡᠶ ᠣᠶᠢᠯᠠᠭᠠᠬᠤ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠦᠨᠳᠦᠰᠦᠨ ᠪᠠᠲᠤᠯᠠᠭ᠎ᠠ ᠮᠥᠨ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠶ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ  ᠬᠤᠪᠢᠷᠠᠭᠤᠯᠬᠤ ᠬᠡᠷᠡᠭᠲᠡᠢ᠃    ᠬᠤᠷᠠᠯ ᠠᠴᠠ᠂ ︽ᠲᠣᠭᠲᠠᠭᠠᠯ︾ ᠨᠢ ᠤᠯᠤᠰ ᠤᠨ ᠠᠮᠤᠷ ᠲᠦᠪᠰᠢᠨ ᠤ ᠰᠢᠰᠲ᠋ᠧᠮ ᠪᠣᠯᠤᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠲᠤᠰᠬᠠᠢ ᠪᠦᠯᠦᠭ ᠢᠶᠠᠷ ᠪᠠᠶᠢᠷᠢᠯᠠᠭᠤᠯᠵᠠᠢ᠃ ᠡᠨᠡ ᠪᠣᠯ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠵᠤ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠳᠠ ᠪᠣᠯᠤᠨ᠎ᠠ᠂ ᠡᠨᠡ ᠨᠢ ᠪᠢᠳᠡᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠳᠤ ᠴᠢᠭᠯᠡᠯ ᠢ ᠲᠣᠳᠣᠷᠬᠠᠢ ᠵᠢᠭᠠᠵᠤ ᠂ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠪᠦᠬᠦᠳᠡ ᠬᠤᠷᠠᠯ ᠠᠴᠠ ᠪᠠᠰᠠ ︽ᠬᠥᠭᠵᠢᠯᠲᠡ ᠪᠣᠯᠤᠨ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ︾᠂ ︽ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠭᠠᠮᠰᠢᠭ ᠢᠯᠠᠩᠭᠤᠶ᠎ᠠ ᠦᠶᠡᠷ ᠤᠰᠤᠲᠤᠯ ᠤᠨ ᠭᠠᠮᠰᠢᠭ ᠢ ᠬᠢᠨᠠᠨ ᠬᠡᠮᠵᠢᠬᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠰᠦᠯᠵᠢᠵᠦ᠂ ᠨᠡᠶᠢᠭᠡᠮ ᠤᠨ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ︾ ᠭᠡᠵᠦ ᠣᠨᠴᠠᠭᠠᠶᠢᠯᠠᠨ ᠴᠢᠬᠤᠯᠠᠴᠢᠯᠠᠪᠠ᠃ ᠮᠠᠨᠤᠰ ᠥᠭᠡᠷᠡᠴᠢᠯᠡᠯᠲᠡ ᠶᠢᠨ ᠰᠠᠨᠠᠭ᠎ᠠ ᠶᠢ ᠰᠠᠶᠢᠨ ᠣᠶᠢᠯᠠᠭᠠᠬᠤ ᠬᠡᠷᠡᠭᠲᠡᠶ᠂ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠶ ᠡᠵᠡᠮᠳᠡᠬᠦ ᠬᠡᠷᠡᠭᠲᠡᠶ᠂ ᠪᠦᠬᠦᠳᠡ ᠬᠤᠷᠠᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠤᠬᠠᠮᠰᠠᠷ ᠠᠴᠠ ᠪᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠳᠤ ᠲᠠᠯᠪᠢᠬᠤ ᠬᠡᠷᠡᠭᠲᠡᠶ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠳᠤᠮᠳᠠᠳᠤ ᠤᠯᠤᠰ ᠢ ᠪᠥᠲᠥᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠎ᠡ᠂ ᠬᠦᠨᠳᠦ ᠶᠡᠭᠡ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠰᠢᠰᠲ᠋ᠧᠮ ᠢ ᠬᠦᠴᠦᠯᠡᠨ ᠪᠦᠷᠢᠨᠰᠢᠬᠦᠯᠦᠨ᠎ᠡ᠂ ᠶᠡᠭᠡ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠪᠣᠷᠣ ᠲᠥᠯᠥᠪ ᠤᠨ ᠳᠣᠣᠷᠠᠬᠢ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠣᠭᠲᠠᠴᠠ ᠶᠢ ᠬᠦᠴᠦᠯᠡᠨ ᠲᠡᠭᠦᠯᠳᠡᠷᠵᠢᠭᠦᠯᠦᠨ᠎ᠡ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠰᠠᠭᠤᠷᠢ ᠪᠠ ᠬᠦᠴᠦᠨ ᠢ ᠬᠦᠴᠦᠯᠡᠨ ᠴᠢᠩᠭᠠᠷᠠᠭᠤᠯᠬᠤ ᠬᠡᠷᠡᠭᠲᠡᠶ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠂ ᠠᠶᠤᠯ ᠦᠭᠡᠶ ᠦᠢᠯᠡᠳᠪᠦᠷᠢᠯᠡᠯ ᠤᠨ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠬᠦᠴᠦᠯᠡᠨ ᠲᠡᠭᠦᠯᠳᠡᠷᠵᠢᠭᠦᠯᠬᠦ ᠬᠡᠷᠡᠭᠲᠡᠶ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠪᠣᠯᠤᠨ ᠴᠢᠳᠠᠪᠤᠷᠢ ᠶᠢᠨ ᠣᠳᠣᠬᠢᠴᠢᠯᠠᠯᠲᠠ ᠶᠢ ᠭᠦᠨᠵᠡᠭᠡᠶ ᠲᠦᠯᠬᠢᠨ ᠠᠬᠢᠭᠤᠯᠬᠤ ᠬᠡᠷᠡᠭᠲᠡᠶ᠂ ᠲᠥᠪ ᠶᠣᠰᠣ ᠶᠢ ᠪᠠᠷᠢᠮᠲᠠᠯᠠᠵᠤ ᠰᠢᠨ᠎ᠡ ᠶᠢ ᠡᠭᠦᠳᠴᠦ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠦᠨᠡᠨ ᠬᠦ ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠠᠢ ᠦᠨᠡᠨ ᠬᠦ ᠤᠶᠠᠯᠳᠤᠭᠤᠯᠵᠤ᠂ ᠰᠤᠷᠤᠯᠴᠠᠨ ᠲᠤᠭᠤᠰᠢᠯᠠᠭᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠴᠢᠩᠭᠠᠳᠬᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ᠂ ᠪᠥᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠬᠠᠮᠲᠤ ᠪᠠᠷ ᠰᠤᠷᠤᠯᠴᠠᠬᠤ ᠪᠠ ᠬᠤᠪᠢ ᠬᠥᠮᠦᠨ ᠥᠪᠡᠷ ᠢᠶᠠᠨ ᠰᠤᠷᠤᠯᠴᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠮᠢᠳᠤᠯᠢᠭ ᠣᠯᠠᠨ ᠶᠠᠩᠵᠤ ᠶᠢᠨ ᠬᠡᠯᠪᠡᠷᠢ ᠶᠢ ᠠᠪᠴᠤ᠂ ᠨᠠᠮ ᠤᠨ ᠡᠭᠦᠷ ᠨᠢᠭᠡᠪᠦᠷᠢ᠂ ᠨᠠᠮ ᠤᠨ ᠭᠡᠰᠢᠭᠦᠨ ᠨᠢᠭᠡᠪᠦᠷᠢ ᠳᠤ ᠬᠦᠷᠲᠡᠯ᠎ᠡ ᠬᠠᠮᠤᠷᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠲᠦᠷᠢᠮ ᠤᠨ ᠳᠤᠲᠠᠭᠤᠳᠠᠯ᠂ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠵᠡᠷᠭᠡ ᠲᠠᠯ᠎ᠠ ᠠᠴᠠ ᠥᠭᠡᠷᠡᠴᠢᠯᠡᠯᠲᠡ ᠶᠢᠨ ᠬᠦᠴᠦᠯᠡᠬᠦ ᠴᠡᠭ ᠪᠣᠯᠤᠨ ᠰᠢᠪᠲᠤᠯᠤᠯᠲᠠ ᠶᠢᠨ ᠴᠡᠭ ᠢ ᠬᠦᠴᠦᠯᠡᠨ ᠣᠨᠣᠪᠴᠢᠲᠠᠢ ᠣᠯᠵᠤ᠂ ᠠᠰᠠᠭᠤᠳᠠᠯ ᠢ ᠰᠢᠢᠳᠪᠦᠷᠢᠯᠡᠬᠦ ︽ᠣᠨᠴᠠ ᠴᠢᠳᠠᠪᠤᠷᠢ︾ ᠪᠣᠯᠤᠨ ᠬᠠᠲᠠᠭᠤ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠬᠡᠷᠡᠭᠲᠡᠢ᠃ ᠪᠣᠳᠠᠲᠠᠶ ᠠᠵᠢᠯᠯᠠᠵᠤ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠴᠢᠬᠤᠯᠠᠴᠢᠯᠠᠵᠤ᠂ 2029 ᠣᠨ ᠳᠤ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠬᠦ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠭᠲᠠᠭᠠᠵᠤ᠂ ᠠᠵᠢᠯ ᠤᠨ ᠵᠠᠩᠭᠢᠯᠠᠭ᠎ᠠ ᠶᠢᠨ ᠴᠡᠭ ᠢ ᠲᠣᠩᠭᠤᠷᠤᠭᠤᠯᠤᠨ ᠵᠢᠭᠰᠠᠭᠠᠵᠤ᠂ ᠡᠭᠦᠷᠭᠡ ᠶᠢᠨ ᠪᠢᠴᠢᠭ᠂ ᠵᠠᠮ ᠱᠤᠭᠤᠮ ᠤᠨ ᠵᠢᠷᠤᠭ᠂ ᠴᠠᠭ ᠤᠨ ᠬᠦᠰᠦᠨᠦᠭᠲᠦ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠠᠷᠢᠭᠤᠴᠠᠯᠭ᠎ᠠ ᠲᠣᠳᠣᠷᠬᠠᠶ᠂ ᠬᠡᠯᠬᠢᠶ᠎ᠡ ᠪᠦᠷᠢᠨ ᠪᠦᠲᠦᠨ᠂ ᠭᠤᠭᠴᠤᠭ᠎ᠠ ᠪᠦᠬᠦᠨ ᠢ ᠬᠤᠯᠪᠣᠭᠰᠠᠨ ᠥᠭᠡᠷᠡᠴᠢᠯᠡᠯᠲᠡ ᠶᠢ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠣᠯᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠡᠬᠢᠯᠡᠭᠦᠯᠵᠦ ᠰᠠᠶᠢᠲᠤᠷ ᠲᠡᠭᠦᠰᠬᠡᠵᠦ᠂ ᠨᠠᠮ ᠤᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠣᠳᠣᠬᠠᠨ ᠤ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠠᠮᠤᠷ ᠲᠦᠪᠰᠢᠨ ᠤ ᠪᠠᠶᠢᠳᠠᠯ ᠢ ᠰᠡᠷᠭᠡᠭ ᠢᠶᠠᠷ ᠲᠠᠨᠢᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠡᠯ᠎ᠡ ᠲᠥᠷᠥᠯ ᠤᠨ ᠭᠠᠮᠰᠢᠭ ᠠᠳᠡᠯ ᠢ ᠬᠦᠴᠦᠲᠡᠶ ᠡᠮᠬᠢ ᠵᠢᠷᠤᠮ ᠲᠠᠢ ᠪᠠᠷ ᠠᠷᠭᠠᠴᠠᠭᠠᠬᠤ ᠬᠡᠷᠡᠭᠲᠡᠶ᠃ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠲᠠᠯ᠎ᠠ ᠪᠠᠷ᠂ ᠣᠳᠣᠬᠠᠨ ᠳᠤ ᠶᠠᠭ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠠᠳ ᠪᠠᠶᠢᠨ᠎ᠠ᠂ ᠬᠡᠲᠦᠷᠡᠮᠡᠬᠡᠢ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠩᠭ᠎ᠠ ᠰᠡᠷᠭᠡᠶᠢᠯᠡᠨ᠂ ᠪᠦᠬᠦ ᠬᠡᠯᠬᠢᠶᠡᠨ ᠤ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠪᠠᠭᠠᠰᠬᠠᠵᠤ᠂ ᠠᠪᠤᠷᠠᠵᠤ᠂ ᠭᠤᠣᠯᠳᠠᠯᠭ᠎ᠠ ᠲᠠᠢ ᠭᠠᠵᠠᠷ ᠣᠷᠣᠨ ᠪᠣᠯᠤᠨ ᠵᠠᠩᠭᠢᠯᠠᠭ᠎ᠠ ᠶᠢᠨ ᠬᠦᠷᠢᠶᠡᠨ ᠤ ᠭᠠᠢ ᠭᠠᠮᠰᠢᠭ ᠤᠨ ᠠᠶᠤᠯ ᠲᠦᠭᠰᠢᠭᠦᠷᠢ ᠶᠢ ᠲᠠᠬᠢᠨ ᠵᠢᠭᠰᠠᠭᠠᠨ ᠪᠠᠶᠢᠴᠠᠭᠠᠵᠤ᠂ ᠲᠠᠬᠢᠨ ᠴᠡᠭᠴᠡᠯᠡᠨ ᠵᠠᠰᠠᠬᠤ ᠶᠢ ᠱᠠᠯᠠᠪᠳᠠᠨ ᠵᠣᠬᠢᠶᠠᠨ ᠪᠠᠶᠢᠭᠤᠯᠵᠤ᠂ ᠲᠣᠭᠤᠷᠢᠨ ᠪᠠᠶᠢᠴᠠᠭᠠᠵᠤ ᠰᠡᠷᠭᠡᠶᠢᠯᠡᠨ ᠰᠠᠬᠢᠬᠤ᠂ ᠵᠥᠪᠳᠡᠯᠴᠡᠵᠦ ᠰᠤᠳᠤᠯᠤᠨ ᠮᠠᠭᠠᠳᠯᠠᠬᠤ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ᠂ ᠠᠶᠤᠯ ᠠᠴᠠ ᠠᠪᠤᠷᠠᠨ ᠲᠤᠰᠠᠯᠠᠬᠤ ᠵᠡᠷᠭᠡ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ᠃ ᠠᠶᠤᠯ ᠥᠬᠡᠶ ᠦᠢᠯᠡᠳᠪᠦᠷᠢᠯᠡᠯ ᠤᠨ ᠲᠠᠯ᠎ᠠ ᠪᠠᠷ᠂ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠠᠮᠤᠷ ᠲᠦᠪᠰᠢᠨ ᠤ ᠬᠡᠮ ᠰᠣᠭᠤᠭ ᠢ ᠭᠦᠨᠵᠡᠭᠡᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠭᠠᠯ ᠰᠡᠷᠭᠡᠶᠢᠯᠡᠬᠦ᠂ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠠᠵᠤ ᠦᠢᠯᠡᠳᠪᠦᠷᠢ ᠠᠷᠠᠯᠵᠢᠶ᠎ᠠ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠠᠵᠢᠯ᠂ ᠬᠤᠲᠠ ᠪᠠᠯᠭᠠᠰᠤᠨ ᠤ ᠰᠢᠲᠠᠮᠠᠬᠠᠶ ᠬᠡᠶ᠂ ᠣᠨᠴᠠ ᠲᠥᠷᠥᠯ ᠤᠨ ᠲᠥᠬᠦᠭᠡᠷᠦᠮᠵᠢ᠂ ᠵᠢᠭᠠᠰᠤᠨ ᠠᠵᠤ ᠠᠬᠤᠶ ᠶᠢᠨ ᠣᠩᠭᠤᠴᠠ ᠰᠠᠯ᠂ ᠵᠢᠭᠤᠯᠴᠢᠯᠠᠯ ᠵᠡᠷᠭᠡ ᠠᠵᠢᠯ ᠲᠥᠷᠥᠯ ᠤᠨ ᠬᠦᠷᠢᠶᠡᠨ ᠤ ᠠᠮᠤᠷ ᠲᠦᠪᠰᠢᠨ ᠢ ᠰᠠᠶᠢᠲᠤᠷ ᠠᠳᠬᠤᠬᠤ ᠶᠢ ᠦᠷᠭᠦᠯᠵᠢᠯᠡᠨ ᠵᠣᠬᠢᠴᠠᠭᠤᠯᠤᠨ ᠠᠬᠢᠭᠤᠯᠬᠤ ᠬᠡᠷᠡᠭᠲᠡᠶ᠃    ᠶᠠᠮᠤᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠰᠠᠶᠢᠳ ᠰᠢᠤᠢ ᠵᠢᠶᠠ ᠠᠶ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠶᠠᠮᠤᠨ ᠤ ᠨᠠᠮ ᠤᠨ ᠬᠤᠷᠢᠶᠠᠨ ᠤ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠬᠤᠤ ᠵᠢᠶᠦ᠋ᠨ ᠬᠤᠶ ᠬᠤᠷᠠᠯ ᠢ ᠡᠷᠭᠢᠯᠡᠵᠦ᠂ ᠶᠠᠮᠤᠨ ᠤ ᠨᠠᠮ ᠤᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠪᠠ᠃ ᠶᠠᠮᠤᠨ ᠤ ᠪᠠᠶᠢᠭᠤᠯᠭ᠎ᠠ ᠶᠢᠨ ᠵᠤᠷᠭᠠᠨ ᠲᠣᠪᠴᠢᠶᠠᠨ ᠤ ᠬᠠᠷᠢᠭᠤᠴᠠᠯᠭᠠᠲᠠᠨ ᠨᠠᠷ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠤᠯᠤᠰ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ᠂ ᠤᠯᠤᠰ ᠤᠨ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ᠂ ᠶᠠᠮᠤᠨ ᠤ ᠬᠠᠷᠢᠶ᠎ᠠ ᠠᠵᠢᠯ ᠦᠢᠯᠡᠰ ᠤᠨ ᠨᠢᠭᠡᠴᠢ᠂ ᠡᠯ᠎ᠡ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ︵ᠲᠣᠪᠴᠢᠶ᠎ᠠ︶᠂ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠶ ᠠᠩᠭᠢ᠂ ᠣᠶ ᠰᠢᠭᠤᠶ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠶᠡᠷᠦᠩᠬᠡᠶ ᠠᠩᠭᠢ ᠶᠢᠨ ᠬᠠᠷᠢᠭᠤᠴᠠᠯᠭᠠᠲᠠᠨ ᠨᠠᠷ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号